ᠰᠢᠶᠠᠩ ᠶᠠᠩ ᠵᠡᠭᠡᠯᠢ ᠭᠤᠳᠤᠮᠵᠢ ᠬᠢᠵᠢᠭ ᠤᠨ ᠬᠤᠭᠤᠴᠠᠭᠠᠨ ᠳᠤ ᠬᠠᠷᠢᠶᠠᠲᠤ ᠣᠷᠣᠨ ᠤ ᠬᠥᠮᠦᠨ ᠬᠠᠷ᠎ᠠ ᠬᠤᠷᠠᠨ ᠴᠤᠭᠯᠠᠷᠠᠭᠰᠠᠨ ᠲᠠᠯᠠᠪᠤᠷ ᠲᠤ ᠪᠠᠶᠢᠴᠠᠭᠠᠯᠲᠠ ᠬᠢᠪᠡ
ᠨᠡᠶᠢᠲᠡᠯᠡᠭᠰᠡᠨ ᠴᠠᠭ᠄
2021/8/16
      ᠨᠡᠶᠢᠭᠡᠮ ᠲᠣᠭᠤᠷᠢᠭ ᠤᠨ ᠬᠠᠷᠢᠶᠠᠨ ᠳᠠᠬᠢ ᠠᠷᠠᠳ ᠣᠯᠠᠨ ᠤ ᠪᠡᠶ᠎ᠡ ᠮᠠᠬᠠᠪᠣᠳ ᠤᠨ ᠡᠷᠡᠭᠦᠯ ᠮᠡᠨᠳᠦ ᠪᠠ ᠠᠮᠢ ᠨᠠᠰᠤᠨ ᠤ ᠠᠮᠤᠷ ᠲᠦᠪᠰᠢᠨ ᠢ  ᠪᠠᠲᠣᠯᠠᠨ᠂ ᠨᠡᠶᠢᠭᠡᠮ ᠤᠨ ᠲᠣᠭᠲᠠᠭᠤᠨ ᠡᠶ᠎ᠡ ᠵᠣᠬᠢᠴᠠᠯ ᠢ ᠬᠠᠮᠠᠭᠠᠯᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠬᠠᠤᠯᠢ ᠶᠣᠰᠣᠭᠠᠷ᠂ ᠰᠢᠨᠵᠢᠯᠡᠬᠦ ᠤᠬᠠᠭᠠᠨᠴᠢ᠂ ᠵᠢᠷᠤᠮᠵᠢᠯ ᠲᠠᠢ᠂ ᠡᠮᠬᠢ ᠵᠢᠷᠤᠮ ᠲᠠᠢ ᠪᠠᠷ  ᠦᠷᠨᠢᠭᠦᠯᠬᠦ ᠶᠢᠨ ᠲᠦᠯᠦᠭᠡ᠂ ᠰᠢᠶᠠᠩ ᠶᠠᠩ ᠵᠡᠭᠡᠯᠢ ᠭᠤᠳᠤᠮᠵᠢ ᠶᠢᠨ ᠨᠠᠮ ᠪᠠ ᠤᠯᠠᠨ ᠲᠦᠮᠡᠨ ᠤ ᠦᠢᠯᠡᠴᠢᠯᠡᠭᠡᠨ ᠤ ᠲᠥᠪ ᠤᠨ ᠳᠡᠳ᠋ ᠡᠷᠬᠢᠯᠡᠭᠴᠢ ᠼᠦᠢ ᠶᠠᠨ ᠲᠤᠤ᠂ ᠳ᠋ᠦᠩ ᠹᠠᠩ ᠬᠤᠩ ᠨᠡᠶᠢᠭᠡᠮ ᠲᠣᠭᠤᠷᠢᠭ ᠤᠨ ᠱᠦᠵᠢ ᠯᠢᠦ ᠰᠢᠶᠤᠤ ᠫᠢᠩ᠂ ᠡᠯ᠎ᠡ ᠲᠣᠣᠷ ᠤᠨ ᠳᠠᠷᠤᠭ᠎ᠠ ᠵᠢᠴᠢ ᠲᠣᠮᠢᠯᠠᠭᠰᠠᠨ ᠰᠠᠯᠪᠤᠷᠢ ᠶᠢᠨ ᠠᠷᠠᠳ ᠤᠨ ᠴᠠᠭᠳᠠᠭ᠎ᠠ ᠨᠠᠷ ᠬᠠᠷᠢᠶ᠎ᠠ ᠣᠷᠣᠨ ᠤ ᠪᠠᠨ ᠬᠥᠮᠦᠨ ᠤᠯᠠᠨ ᠴᠤᠭᠯᠠᠷᠠᠳᠠᠭ ᠲᠠᠯᠠᠪᠤᠷ ᠲᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠴᠠᠭᠠᠯᠲᠠ ᠶᠢᠨ ᠠᠵᠢᠯ ᠢ ᠥᠷᠨᠢᠭᠦᠯᠪᠡ᠃       ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠯ᠎ᠡ ᠲᠣᠭᠲᠠᠭᠠᠯ ᠤᠨ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠵᠤ᠂ ᠼᠦᠢ ᠶᠠᠨ ᠲᠤᠤ ᠬᠠᠷᠢᠶ᠎ᠠ ᠣᠷᠣᠨ ᠤ ᠡᠵᠡᠩᠨᠡᠯᠲᠡ ᠶᠢᠨ ᠨᠢᠭᠡᠴᠡ ᠶᠢᠨ ᠠᠵᠢᠯᠲᠠᠳ ᠲᠤ ᠡᠳᠦᠷ ᠪᠦᠷᠢ ᠥᠷᠯᠥᠭᠡ᠂  ᠦᠳᠡ᠂ ᠣᠷᠣᠶ ᠪᠡᠶ᠎ᠡ ᠶᠢᠨ ᠳᠤᠯᠠᠭᠠᠨ ᠢ  ᠬᠡᠮᠵᠢᠵᠦ᠂ ᠡᠷᠬᠡᠪᠰᠢ ᠠᠮᠠᠪᠴᠢ ᠵᠡᠭᠦᠵᠦ ᠠᠵᠢᠯ ᠤᠨ ᠪᠠᠶᠢᠷᠢ ᠳᠤ ᠭᠠᠷᠴᠤ᠂ ᠡᠵᠡᠩᠨᠡᠯᠲᠡ ᠶᠢᠨ ᠲᠠᠯᠠᠪᠤᠷ ᠢᠶᠠᠨ ᠪᠦᠲᠦᠮᠵᠢᠲᠡᠶ ᠠᠷᠢᠭᠤᠳᠬᠠᠵᠤ᠂ ᠢᠷᠡᠵᠦ ᠶᠠᠪᠤᠬᠤ ᠬᠥᠮᠦᠰ ᠤᠨ ᠠᠶᠠᠯᠠᠯ ᠤᠨ ᠨᠣᠮᠧᠷ ᠢ ᠪᠠᠶᠢᠴᠠᠭᠠᠨ ᠦᠵᠡᠬᠦ ᠶᠢᠨ ᠬᠠᠮᠲᠤ ᠪᠡᠶ᠎ᠡ ᠶᠢᠨ ᠳᠤᠯᠠᠭᠠᠨ ᠵᠡᠷᠭᠡ ᠬᠠᠮᠢᠶ᠎ᠠ ᠪᠥᠬᠦᠶ ᠲᠡᠮᠳᠡᠭᠯᠡᠯ ᠢ ᠰᠠᠶᠢᠲᠤᠷ ᠬᠢᠬᠦ ᠬᠡᠷᠡᠭᠲᠡᠶ ᠭᠡᠵᠦ ᠵᠠᠬᠢᠪᠠ᠃ ᠪᠠᠰᠠ ᠡᠮ ᠤᠨ ᠳᠡᠯᠭᠡᠭᠦᠷ ᠪᠠ ᠬᠡᠲᠦ ᠳᠡᠯᠭᠡᠭᠦᠷ ᠤᠨ ︽ᠠᠮᠠᠪᠴᠢ ᠵᠡᠭᠦᠬᠦ᠂ ᠳᠤᠯᠠᠭᠠᠨ ᠤ ᠬᠡᠮᠵᠢᠶ᠎ᠡ ᠶᠢ ᠬᠡᠮᠵᠢᠬᠦ᠂ ᠺᠣᠳ᠋ ᠰᠢᠷᠪᠢᠬᠦ᠂ ᠳᠡᠩᠰᠡᠯᠡᠨ ᠲᠡᠮᠳᠡᠭᠯᠡᠬᠦ︾ ᠳᠥᠷᠪᠡᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠪᠠᠶᠢᠴᠠᠭᠠᠬᠤ ᠶᠢᠨ ᠬᠠᠮᠲᠤ ᠡᠮ ᠤᠨ ᠳᠡᠯᠭᠡᠭᠦᠷ ᠤᠨ ᠬᠠᠷᠢᠭᠤᠴᠠᠯᠭᠠᠲᠠᠨ ᠠᠴᠠ ᠡᠮ ᠤᠨ  ᠵᠦᠢᠯ ᠤᠨ ᠪᠣᠷᠣᠯᠠᠭᠤᠯᠤᠯᠲᠠ᠂ ᠦᠨᠡᠨ ᠨᠡᠷ᠎ᠡ ᠪᠠᠷ ᠳᠡᠩᠰᠡᠯᠡᠨ ᠲᠡᠮᠳᠡᠭᠯᠡᠭᠰᠡᠨ ᠵᠡᠷᠭᠡ ᠪᠠᠶᠢᠳᠠᠯ ᠢ ᠨᠠᠷᠢᠨ ᠠᠰᠠᠭᠤᠨ ᠯᠠᠪᠯᠠᠵᠤ᠂ ᠠᠵᠢᠯᠲᠠᠳ ᠢ ᠰᠡᠷᠭᠡᠶᠢᠯᠡᠨ ᠡᠵᠡᠮᠳᠡᠬᠦ ᠤᠬᠠᠮᠰᠠᠷ ᠢᠶᠠᠨ ᠴᠢᠩᠭᠠᠳᠬᠠᠵᠤ᠂ ᠬᠡᠷᠡᠭᠯᠡᠭᠴᠢᠳ ᠤᠨ  ᠳᠡᠯᠭᠡᠭᠦᠷ ᠲᠤ ᠣᠷᠣᠬᠤ ᠳᠤ ᠪᠡᠶ᠎ᠡ ᠶᠢᠨ ᠳᠤᠯᠠᠭᠠᠨ ᠢ ᠨᠢ ᠬᠡᠮᠵᠢᠵᠦ᠂ ᠡᠮ ᠤᠨ  ᠵᠦᠢᠯ ᠢ ᠬᠤᠳᠠᠯᠳᠤᠨ ᠠᠪᠤᠭᠰᠠᠨ ᠬᠡᠷᠡᠭᠯᠡᠭᠴᠢᠳ ᠢ ᠰᠠᠶᠢᠲᠤᠷ ᠳᠡᠩᠰᠡᠯᠡᠨ ᠲᠡᠮᠳᠡᠭᠯᠡᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠯ᠎ᠡ  ᠵᠦᠢᠯ ᠤᠨ ᠠᠮᠤᠷ ᠲᠦᠪᠰᠢᠨ ᠤ ᠰᠡᠷᠭᠡᠶᠢᠯᠡᠯᠲᠡ ᠶᠢᠨ ᠠᠷᠭ᠎ᠠ ᠬᠡᠮᠵᠢᠶ᠎ᠡ ᠶᠢ ᠰᠠᠶᠢᠲᠤᠷ ᠨᠠᠶᠢᠳᠠᠪᠤᠷᠢᠵᠢᠭᠤᠯᠬᠤ ᠶᠢ ᠦᠨᠡᠨ ᠬᠦ ᠪᠠᠲᠤᠯᠠᠬᠤ ᠬᠡᠷᠡᠭᠲᠡᠶ ᠭᠡᠵᠦ ᠱᠠᠭᠠᠷᠳᠠᠪᠠ᠃       ᠲᠠᠷᠠᠭᠠᠴᠢ ᠶᠢᠨ ᠠᠯᠬᠤᠮ ᠳᠤ᠂ ᠨᠡᠶᠢᠭᠡᠮ ᠲᠣᠭᠤᠷᠢᠭ ᠤᠨ ᠬᠢᠨ ᠲᠣᠭᠲᠠᠮᠠᠯ ᠪᠤᠰᠤ ᠬᠤᠭᠤᠴᠠᠭ᠎ᠠ ᠲᠠᠢ ᠪᠠᠷ ᠪᠠᠶᠢᠴᠠᠭᠠᠯᠲᠠ ᠬᠢᠵᠦ᠂ ᠬᠢᠵᠢᠭ ᠤᠨ ᠪᠠᠶᠢᠳᠠᠯ ᠤᠨ ᠬᠤᠭᠤᠴᠠᠭᠠᠨ ᠳᠠᠬᠢ ᠬᠡᠲᠦ ᠳᠡᠯᠭᠡᠭᠦᠷ ᠵᠡᠷᠭᠡ ᠬᠥᠮᠦᠨ ᠬᠠᠷ᠎ᠠ ᠬᠤᠷᠠᠨ ᠴᠤᠭᠯᠠᠷᠠᠭᠰᠠᠨ ᠲᠠᠯᠠᠪᠤᠷ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠤᠭᠤᠴᠠᠭᠠᠨ ᠳᠠᠬᠢ ᠰᠡᠷᠭᠡᠶᠢᠯᠡᠬᠦ ᠠᠷᠭ᠎ᠠ ᠬᠡᠮᠵᠢᠶ᠎ᠡ ᠶᠢ ᠪᠣᠳᠠᠲᠠᠶᠢᠵᠢᠭᠤᠯᠬᠤ ᠶᠢ ᠦᠨᠡᠨ ᠬᠦ ᠪᠠᠲᠤᠯᠠᠬᠤ ᠶᠢᠨ ᠬᠠᠮᠲᠤ ᠨᠡᠶᠢᠭᠡᠮ ᠲᠣᠭᠤᠷᠢᠭ ᠤᠨ ᠬᠢᠨ ᠬᠢᠵᠢᠭ ᠤᠨ ᠪᠠᠶᠢᠳᠠᠯ ᠢ ᠪᠠᠶᠢᠴᠠᠭᠠᠬᠤ᠂ ᠬᠢᠨᠠᠯᠲᠠ ᠲᠠᠯᠪᠢᠬᠤ᠂ ᠤᠬᠠᠭᠤᠯᠬᠤ ᠵᠡᠷᠭᠡ ᠰᠡᠷᠭᠡᠶᠢᠯᠡᠨ ᠡᠵᠡᠮᠳᠡᠬᠦ ᠠᠵᠢᠯ ᠢ ᠦᠷᠭᠦᠯᠵᠢᠯᠡᠨ ᠥᠷᠨᠢᠭᠦᠯᠵᠦ᠂ ᠵᠠᠩᠭᠢᠯᠠᠭ᠎ᠠ ᠶᠢᠨ ᠦᠶ᠎ᠡ ᠳᠤ ᠶᠠᠭᠠᠬᠢᠭᠰᠠᠨ ᠴᠤ  ᠬᠦᠩᠭᠡᠪᠴᠢᠯᠡᠬᠦ ᠥᠬᠡᠶ᠃
 
ᠢᠷᠡᠯᠲᠡ᠄ ᠵᠠᠯᠠᠨ ᠠᠶᠢᠯ ᠬᠤᠲᠠ ᠶᠢᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号