ᠰᠢᠩ ᠬᠤᠸᠠ ᠵᠡᠭᠡᠯᠢ ᠭᠤᠳᠤᠮᠵᠢ ᠴᠡᠷᠢᠭ ᠡᠯᠰᠡᠬᠦ ᠲᠥᠷᠥ ᠶᠢᠨ ᠪᠣᠳᠣᠯᠭ᠎ᠠ  ᠶᠢᠨ ᠣᠬᠠᠭᠤᠯᠬᠤ  ᠠᠵᠢᠯ ᠢ ᠢᠳᠡᠪᠬᠢᠲᠡᠶ ᠥᠷᠨᠢᠭᠦᠯᠪᠡ
ᠨᠡᠶᠢᠲᠡᠯᠡᠭᠰᠡᠨ ᠴᠠᠭ᠄
2021/8/16
   ᠤᠬᠠᠭᠤᠯᠭ᠎ᠠ ᠬᠥᠮᠦᠵᠢᠯ ᠪᠣᠯ ᠴᠡᠷᠢᠭ ᠡᠯᠰᠡᠬᠦ ᠠᠵᠢᠯ ᠢ ᠰᠠᠶᠢᠲᠤᠷ ᠬᠢᠬᠦ ᠶᠢᠨ ᠭᠤᠣᠯ ᠭᠤᠭᠴᠤᠭ᠎ᠠ ᠪᠠ ᠴᠢᠬᠤᠯᠠ ᠤᠷᠢᠲᠠᠯ ᠪᠣᠯᠤᠨ᠎ᠠ᠂ ᠥᠷᠭᠡᠨ ᠤᠯᠠᠨ   ᠵᠣᠬᠢᠬᠤ ᠨᠠᠰᠣᠨ ᠳᠤ ᠬᠦᠷᠦᠭᠰᠡᠨ ᠵᠠᠯᠠᠭᠤᠴᠤᠳ ᠤᠨ ᠴᠡᠷᠢᠭ ᠲᠤ ᠡᠯᠰᠡᠭᠳᠡᠵᠦ ᠨᠡᠷ᠎ᠡ ᠮᠡᠳᠡᠭᠦᠯᠬᠦ ᠢᠳᠡᠪᠬᠢᠵᠢᠯ ᠢ ᠭᠦᠢᠴᠡᠳ ᠳᠠᠶᠢᠴᠢᠯᠠᠬᠤ ᠶᠢᠨ ᠲᠥᠯᠥᠭᠡ᠂ ᠰᠢᠩ ᠬᠤᠸᠠ ᠵᠡᠭᠡᠯᠢ ᠭᠤᠳᠤᠮᠵᠢ ᠶᠢᠨ ᠰᠢᠦ ᠱᠦᠢ ᠨᠡᠶᠢᠭᠡᠮ ᠲᠣᠭᠤᠷᠢᠭ ᠤᠨ ᠬᠢᠨ ᠴᠡᠷᠢᠭ ᠡᠯᠰᠡᠬᠦ ᠲᠦᠷᠦ ᠶᠢᠨ ᠪᠤᠳᠤᠯᠭ᠎ᠠ ᠶᠢᠨ ᠤᠬᠠᠭᠤᠯᠭ᠎ᠠ ᠶᠢ ᠭᠤᠣᠯᠳᠠᠯᠭ᠎ᠠ ᠲᠠᠢ ᠠᠵᠢᠯ ᠪᠣᠯᠭᠠᠵᠤ᠂ ᠴᠡᠷᠢᠭ ᠡᠯᠰᠡᠬᠦ ᠲᠦᠷᠦ ᠶᠢᠨ ᠪᠤᠳᠤᠯᠭ᠎ᠠ ᠶᠢᠨ ᠤᠬᠠᠭᠤᠯᠭ᠎ᠠ ᠬᠥᠮᠦᠵᠢᠯ ᠤᠨ ᠠᠵᠢᠯ ᠤᠨ ᠡᠷᠴᠢᠮ ᠢ ᠴᠢᠨᠠᠭᠰᠢᠳᠠ  ᠴᠢᠩᠭᠠᠳᠬᠠᠪᠠ᠃     ᠨᠡᠶᠢᠭᠡᠮ ᠲᠣᠭᠤᠷᠢᠭ ᠤᠨ ᠠᠵᠢᠯᠲᠠᠳ ᠪᠣᠳᠠᠲᠠᠶ ᠲᠠᠢ ᠪᠠᠨ ᠤᠶᠠᠯᠳᠤᠭᠤᠯᠤᠨ ᠰᠦᠯᠵᠢᠶᠡᠨ ᠳᠡᠭᠡᠷᠡᠬᠢ ᠪᠠ ᠰᠦᠯᠵᠢᠶᠡᠨ ᠳᠣᠣᠷᠠᠬᠢ ᠶᠢ ᠣᠶᠠᠯᠳᠣᠭᠤᠯᠬᠤ ᠠᠷᠭ᠎ᠠ ᠮᠠᠶ᠋ᠢᠭ ᠢᠶᠠᠷ ᠳᠠᠮᠵᠢᠭᠤᠯᠤᠨ ᠣᠬᠠᠭᠤᠯᠪᠠ᠃ ᠰᠦᠯᠵᠢᠶᠡᠨ  ᠳᠣᠣᠷᠠᠬᠢ ᠣᠬᠠᠭᠤᠯᠭ᠎ᠠ ᠶᠢᠨ ᠠᠵᠢᠯ  ᠢ ᠡᠷᠦᠬᠡ ᠳᠤ ᠣᠷᠣᠬᠤ᠂ ᠨᠡᠭᠦᠳᠡᠯ ᠬᠢᠴᠢᠶᠡᠯ ᠤᠨ ᠲᠠᠩᠬᠢᠮ ᠵᠡᠷᠭᠡ ᠬᠡᠯᠪᠡᠷᠢ ᠲᠠᠢ ᠤᠶᠠᠯᠳᠤᠭᠤᠯᠤᠨ ᠰᠠᠭᠤᠭᠠᠯᠢ ᠠᠷᠠᠳ ᠲᠤ ᠴᠡᠷᠢᠭ ᠡᠯᠰᠡᠬᠦ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠭᠠᠷ ᠳᠡᠪᠲᠡᠷ ᠲᠠᠷᠬᠠᠭᠠᠵᠤ᠂ ᠤᠶᠤᠲᠠᠳ ᠤᠨ ᠴᠡᠷᠢᠭ ᠲᠤ ᠣᠷᠣᠬᠤ ᠬᠠᠷᠠᠭᠠᠯᠵᠠᠯ ᠤᠨ ᠲᠥᠷᠥ ᠶᠢᠨ ᠪᠣᠳᠣᠯᠭ᠎ᠠ᠂ ᠡᠮᠡᠭᠲᠡᠶ ᠴᠡᠷᠢᠭ ᠤᠨ ᠴᠡᠷᠢᠭ ᠲᠤ ᠣᠷᠣᠬᠤ ᠶᠠᠪᠤᠴᠠ᠂ ᠴᠡᠷᠢᠭ ᠲᠤ ᠣᠷᠣᠬᠤ ᠪᠡᠶ᠎ᠡ ᠶᠢᠨ ᠪᠠᠶᠢᠴᠠᠭᠠᠯᠲᠠ ᠶᠢᠨ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠲᠠᠶᠢᠯᠪᠤᠷᠢᠯᠠᠯᠲᠠ ᠵᠡᠷᠭᠡ ᠴᠡᠷᠢᠭ ᠡᠯᠰᠡᠬᠦ ᠲᠥᠷᠥ ᠶᠢᠨ ᠪᠣᠳᠣᠯᠭ᠎ᠠ ᠶᠢ ᠤᠬᠠᠭᠤᠯᠤᠨ᠎ᠠ᠃ ᠰᠦᠯᠵᠢᠶᠡᠨ ᠳᠡᠭᠡᠷ᠎ᠡ ᠰᠦᠯᠵᠢᠶᠡᠨ ᠤ ᠰᠠᠭᠤᠭᠠᠯᠢ ᠠᠷᠠᠳ ᠤᠨ ᠪᠦᠯᠦᠭᠯᠡᠯ ᠳᠤ ᠳᠠᠮᠵᠢᠭᠤᠯᠤᠨ ᠲᠠᠷᠬᠠᠭᠠᠬᠤ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠴᠥᠷᠬᠡᠯᠡᠭᠡ ᠪᠠᠷ ᠳᠠᠮᠵᠢᠭᠤᠯᠤᠨ᠂ ᠤᠬᠠᠭᠤᠯᠭ᠎ᠠ ᠶᠢᠨ ᠬᠦᠷᠢᠶ᠎ᠡ ᠬᠡᠪᠴᠢᠶ᠎ᠡ ᠪᠠᠨ ᠦᠷᠭᠡᠳᠭᠡᠪᠡ᠃     ᠤᠬᠠᠭᠤᠯᠭ᠎ᠠ ᠶᠢᠨ ᠠᠵᠢᠯᠯᠠᠭ᠎ᠠ ᠪᠠᠷ ᠳᠠᠮᠵᠢᠭᠤᠯᠤᠨ᠂ ᠨᠡᠶᠢᠭᠡᠮ ᠲᠣᠭᠤᠷᠢᠭ ᠤᠨ ᠵᠠᠯᠠᠭᠤᠴᠤᠳ ᠵᠢᠴᠢ ᠤᠶᠤᠲᠠᠳ ᠤᠨ ᠢᠳᠡᠪᠬᠢᠲᠡᠶ ᠪᠠᠷ ᠴᠡᠷᠢᠭ ᠲᠤ ᠡᠯᠰᠡᠭᠳᠡᠬᠦ ᠶᠢ ᠤᠯᠠᠮ ᠨᠢᠭᠡ ᠠᠯᠬᠤᠮ ᠵᠣᠷᠢᠭᠵᠢᠭᠤᠯᠬᠤ ᠶᠢᠨ ᠬᠠᠮᠲᠤ ᠬᠠᠷᠢᠶᠠᠲᠤ ᠣᠷᠣᠨ ᠳᠠᠭᠠᠨ ᠴᠡᠷᠢᠭ ᠲᠤ ᠣᠷᠣᠬᠤ ᠢᠷᠠᠭᠤ ᠠᠯᠳᠠᠷ ᠲᠠᠢ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠵᠤ᠂ ᠥᠨᠳᠥᠷ ᠰᠤᠷᠤᠯᠭ᠎ᠠ ᠶᠢᠨ ᠨᠠᠮᠲᠠᠷ ᠲᠠᠢ᠂ ᠥᠨᠳᠥᠷ ᠬᠡᠪ ᠪᠣᠯᠪᠠᠰᠤᠷᠠᠯ ᠲᠠᠢ ᠵᠣᠬᠢᠬᠤ ᠨᠠᠰᠤᠨ ᠤ ᠵᠠᠯᠠᠭᠤᠴᠤᠳ ᠤᠨ ᠴᠡᠷᠢᠭ ᠲᠤ ᠣᠷᠣᠬᠤ ᠢᠳᠡᠪᠬᠢᠵᠢᠯ ᠪᠠ ᠰᠠᠨᠠᠭᠠᠴᠢᠯᠠᠭᠠᠲᠤ ᠴᠢᠨᠠᠷ ᠢ ᠬᠥᠭᠵᠢᠭᠡᠵᠦ᠂ ᠵᠣᠬᠢᠬᠤ ᠨᠠᠰᠤᠨ ᠤ ᠵᠠᠯᠠᠭᠤᠴᠤᠳ ᠤᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠤᠬᠠᠮᠰᠠᠷ ᠢ ᠴᠢᠩᠭᠠᠳᠬᠠᠪᠠ᠃
 
ᠢᠷᠡᠯᠲᠡ᠄ ᠵᠠᠯᠠᠨ ᠠᠶᠢᠯ ᠬᠤᠲᠠ ᠶᠢᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号