ᠳᠤᠮᠳᠠᠳᠤ ᠤᠯᠤᠰ ᠤᠨ ᠡᠪ ᠬᠠᠮᠲᠤ ᠨᠠᠮ ᠤᠨ ᠵᠠᠯᠠᠨ ᠠᠶᠢᠯ ᠬᠤᠲᠠ ᠶᠢᠨ ᠬᠤᠷᠢᠶ᠎ᠠ ᠶᠢᠨ ᠮᠠᠯᠵᠢᠬᠤ ᠲᠠᠷᠢᠶᠠᠯᠠᠬᠤ ᠣᠷᠣᠨ ᠤ ᠠᠵᠢᠯ ᠤᠨ ᠤᠳᠤᠷᠢᠳᠬᠤ ᠳᠤᠭᠤᠶᠢᠯᠠᠩ ᠤᠨ ᠬᠤᠶᠠᠳᠤᠭᠠᠷ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2021/8/16
       
      8 ᠰᠠᠷ᠎ᠠ ᠶᠢᠨ 13      ᠤ ᠡᠳᠦᠷ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠵᠠᠯᠠᠨ ᠠᠶᠢᠯ ᠬᠤᠲᠠ ᠶᠢᠨ ᠬᠤᠷᠢᠶ᠎ᠠ ᠶᠢᠨ ᠮᠠᠯᠵᠢᠬᠤ ᠲᠠᠷᠢᠶᠠᠯᠠᠬᠤ ᠣᠷᠣᠨ ᠤ ᠠᠵᠢᠯ ᠤᠨ ᠤᠳᠤᠷᠢᠳᠬᠤ ᠳᠤᠭᠤᠶᠢᠯᠠᠩ ᠤᠨ ᠬᠤᠶᠠᠳᠤᠭᠠᠷ ᠤᠳᠠᠭᠠᠨ ᠤ ᠬᠤᠷᠠᠯ ᠬᠤᠷᠠᠯᠳᠤᠪᠠ᠃ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ ᠪᠣᠯᠣᠷ ᠬᠤᠷᠠᠯ ᠳᠤ  ᠤᠷᠤᠯᠴᠠᠨ‌ᠬᠤᠷᠠᠯ ᠢ‌ᠡᠷᠭᠢᠯᠡᠵᠦ᠂ ᠬᠤᠲᠠ ᠶᠢᠨ ᠤᠳᠤᠷᠢᠳᠤᠯᠭ᠎ᠠ ᠸᠠᠩ ᠪᠥᠸᠧ᠂ ᠦ᠋ ᠴᠧᠨ ᠳ᠋ᠦᠩ᠂  ᠮᠧᠩ ᠭᠠᠩ ᠬᠤᠷᠠᠯ ᠳᠤ ᠣᠷᠣᠯᠴᠠᠵᠠᠶ᠃ ᠬᠤᠲᠠ ᠶᠢᠨ ᠨᠠᠮ ᠤᠨ ᠬᠤᠷᠢᠶ᠎ᠠ ᠶᠢᠨ ᠮᠠᠯᠵᠢᠬᠤ ᠲᠠᠷᠢᠶᠠᠯᠠᠬᠤ ᠣᠷᠣᠨ ᠤ ᠠᠵᠢᠯ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ ᠨᠢᠭᠡᠴᠡ ᠶᠢᠨ ᠭᠤᠤᠯ ᠬᠠᠷᠢᠭᠤᠴᠠᠯᠭᠠᠲᠠᠨ᠂ ᠰᠢᠶᠠᠩ ᠪᠠᠯᠭᠠᠰᠤ᠂ ᠵᠡᠭᠡᠯᠢ ᠭᠤᠳᠤᠮᠵᠢ ᠶᠢᠨ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃       ᠪᠣᠯᠣᠷ ᠵᠢᠭᠠᠵᠤ ᠭᠠᠷᠭᠠᠭᠰᠠᠨ ᠨᠢ᠂ ᠵᠣᠷᠯᠣᠩ ᠪᠠᠭ᠎ᠠ ᠪᠣᠯᠪᠠᠴᠤ ᠠᠷᠠᠳ ᠤᠨ ᠠᠮᠢᠳᠤᠷᠠᠯ ᠳᠤ ᠬᠤᠯᠪᠣᠭᠳᠠᠵᠤ᠂ ᠲᠦᠭ ᠲᠦᠮᠡᠨ ᠲᠠᠷᠢᠶᠠᠴᠢᠨ ᠲᠦᠮᠡᠨ ᠤ ᠠᠮᠢᠳᠤᠷᠠᠯ ᠤᠨ ᠴᠢᠨᠠᠷ ᠴᠢᠨᠰᠠᠭ᠎ᠠ ᠶᠢ ᠰᠠᠶᠢᠵᠢᠷᠠᠭᠤᠯᠬᠤ ᠳᠤ ᠬᠤᠯᠪᠣᠭᠳᠠᠵᠤ ᠪᠠᠶᠢᠳᠠᠭ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠰᠢ ᠶᠢᠨ ᠫᠢᠩ  ᠶᠡᠷᠦᠩᠬᠡᠢ ᠱᠦᠵᠢ ᠶᠢᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠠᠷᠠᠳ ᠤᠨ ᠠᠮᠢᠳᠤᠷᠠᠯ ᠤᠨ ᠡᠨᠡᠬᠦ ᠴᠢᠬᠤᠯᠠ ᠢᠨᠵᠧᠨᠧᠷᠢᠩ ᠢ ᠦᠨᠡᠨᠬᠦ  ᠰᠠᠶᠢᠲᠤᠷ ᠠᠳᠬᠤᠵᠤ᠂ ᠥᠷᠭᠡᠨ ᠤᠯᠠᠨ ᠲᠠᠷᠢᠶᠠᠴᠢᠨ ᠲᠦᠮᠡᠨ ᠳᠤ ᠨᠡᠩ ᠤᠯᠠᠨ᠂ ᠨᠡᠩ ᠰᠢᠭᠤᠳ᠂ ᠨᠡᠩ ᠪᠣᠳᠠᠲᠠᠢ ᠬᠦᠷᠲᠡᠮᠵᠢ ᠶᠢᠨ ᠲᠦᠷᠦᠭᠳᠡᠯ ᠲᠠᠢ ᠪᠣᠯᠭᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃       ᠪᠣᠯᠣᠷ᠂ ᠡᠯ᠎ᠡ ᠭᠠᠵᠠᠷ ᠡᠯ᠎ᠡ ᠰᠠᠯᠠᠭ᠎ᠠ ᠮᠥᠴᠢᠷ ᠤᠨ ᠬᠢᠨ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠠᠵᠢᠯ ᠤᠨ ᠬᠠᠮᠲᠤᠷᠠᠯ ᠤᠨ ᠬᠦᠴᠦᠨ ᠢ ᠭᠦᠢᠴᠡᠳ ᠨᠢᠭᠲᠠᠷᠠᠭᠤᠯᠵᠤ᠂ ᠲᠤᠰᠬᠠᠢ ᠬᠥᠮᠦᠨ  ᠲᠤᠰᠬᠠᠢ ᠠᠩᠬᠢ ᠪᠠᠶᠢᠭᠤᠯᠬᠤ᠂ ᠠᠵᠢᠯ ᠤᠨ ᠠᠷᠭ᠎ᠠ ᠬᠡᠮᠵᠢᠶ᠎ᠡ ᠶᠢ ᠨᠠᠷᠢᠯᠢᠬᠵᠢᠭᠤᠯᠬᠤ ᠵᠡᠷᠭᠡ ᠠᠷᠭ᠎ᠠ  ᠬᠡᠮᠵᠢᠶ᠎ᠡ ᠪᠠᠷ ᠳᠠᠮᠵᠢᠭᠤᠯᠤᠨ᠂ ᠲᠠᠷᠢᠶᠠᠴᠢᠨ ᠲᠦᠮᠡᠨ ᠤ ᠵᠣᠷᠯᠣᠩ ᠢ ᠥᠭᠡᠷᠡᠴᠢᠯᠡᠬᠦ ᠶᠠᠪᠤᠴᠠ ᠳᠠᠬᠢ ᠬᠡᠷᠡᠭᠴᠡᠭᠡ ᠱᠠᠭᠠᠷᠳᠠᠯᠭ᠎ᠠ ᠶᠢ ᠪᠦᠬᠦ ᠲᠠᠯ᠎ᠠ ᠪᠠᠷ ᠤᠢᠢᠯᠠᠭᠠᠨ ᠡᠵᠡᠮᠰᠢᠵᠦ᠂ ᠡᠷᠦᠬᠡ ᠶᠢᠨ ᠵᠣᠷᠯᠣᠩ ᠤᠨ ᠠᠰᠠᠭᠤᠳᠠᠯ ᠢ ᠤᠢᠢᠯᠠᠭᠠᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠠᠵᠢᠯ ᠢ ᠳᠠᠷᠦ᠋ᠢᠬᠠᠨ ᠥᠷᠨᠢᠭᠦᠯᠵᠦ᠂ ᠡᠷᠦᠬᠡ ᠳᠠᠷᠠᠭᠠᠯᠠᠨ  ᠬᠢᠬᠦ ᠬᠡᠷᠡᠭᠲᠡᠢ᠃    ᠸᠠᠩ ᠪᠥᠸᠧ ᠱᠠᠭᠠᠷᠳᠠᠭᠰᠠᠨ ᠨᠢ᠂ ᠡᠯ᠎ᠡ ᠭᠠᠵᠠᠷ ᠡᠯ᠎ᠡ ᠰᠠᠯᠠᠭ᠎ᠠ ᠮᠥᠴᠢᠷ ᠤᠨ ᠬᠢᠨ ᠵᠢᠭᠰᠠᠭᠠᠨ ᠪᠠᠶᠢᠴᠠᠭᠠᠬᠤ ᠠᠵᠢᠯ ᠤᠨ ᠭᠤᠤᠯᠳᠠᠯᠭ᠎ᠠ ᠲᠠᠢ ᠠᠭᠤᠯᠭ᠎ᠠ ᠪᠠᠨ ᠲᠣᠳᠣᠷᠬᠠᠶᠢᠯᠠᠵᠤ᠂ ᠨᠢᠭᠡᠳᠦᠯᠲᠡᠶ ᠲᠥᠯᠥᠪᠯᠡᠨ ᠠᠬᠢᠭᠤᠯᠵᠤ᠂ ᠰᠢᠰᠲ᠋ᠧᠮ ᠲᠠᠢ ᠪᠠᠷ ᠵᠢᠭᠰᠠᠭᠠᠨ ᠪᠠᠶᠢᠴᠠᠭᠠᠵᠤ᠂ ᠠᠰᠠᠭᠤᠳᠠᠯ  ᠪᠠ ᠵᠥᠷᠢᠶ᠎ᠡ ᠶᠢ ᠲᠠᠰᠤᠷᠠᠯᠲᠠ ᠥᠬᠡᠶ ᠲᠣᠳᠣᠷᠬᠠᠶ ᠲᠠᠨᠢᠵᠤ᠂ ᠪᠠᠶᠢᠳᠠᠯ ᠢ ᠤᠶᠢᠯᠠᠭᠠᠨ ᠵᠢᠭᠰᠠᠭᠠᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠠᠵᠢᠯ ᠢ ᠰᠠᠶᠢᠲᠤᠷ ᠬᠢᠬᠦ ᠬᠠᠷᠢᠭᠤᠴᠠᠯᠭᠠᠲᠤ ᠰᠡᠳᠬᠢᠯᠭᠡ ᠪᠠ ᠲᠤᠯᠭᠠᠮ᠎ᠠ ᠰᠡᠳᠬᠢᠯᠭᠡ ᠪᠠᠨ ᠦᠨᠡᠨᠬᠦ ᠴᠢᠩᠭᠠᠳᠬᠠᠬᠤ ᠬᠡᠷᠡᠭᠲᠡᠶ᠃ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠠᠵᠢᠯ ᠤᠨ ᠬᠠᠷᠢᠭᠤᠴᠠᠯᠭ᠎ᠠ ᠪᠠᠨ ᠤᠯᠠᠮ ᠴᠢᠨᠠᠭᠰᠢᠳᠠ ᠴᠢᠩᠭᠠᠳᠬᠠᠵᠤ᠂ ᠬᠢᠨᠠᠯᠲᠠ ᠲᠠᠯᠪᠢᠵᠤ ᠪᠠᠶᠢᠴᠠᠭᠠᠬᠤ ᠪᠠᠨ ᠲᠠᠰᠤᠷᠠᠯᠲᠠ ᠥᠬᠡᠶ ᠴᠢᠩᠭᠠᠳᠬᠠᠵᠤ᠂ ︽ᠲᠤᠰᠬᠠᠶ ᠬᠥᠮᠦᠨ ᠢᠶᠠᠷ ᠬᠠᠮᠢᠶᠠᠷᠤᠭᠤᠯᠬᠤ᠂ ᠲᠦᠷᠭᠡᠨ ᠰᠡᠯᠪᠢᠨ ᠵᠠᠰᠠᠬᠤ᠂ ᠴᠠᠭ ᠲᠤᠬᠠᠶ ᠳᠤᠨᠢ ᠰᠤᠭᠤᠴᠢᠨ ᠠᠪᠬᠤ᠂ ᠰᠢᠨᠵᠢᠯᠡᠬᠦ ᠤᠬᠠᠭᠠᠨᠴᠢ ᠪᠠᠷ ᠠᠰᠢᠭᠯᠠᠬᠤ︾ ᠠᠵᠢᠯ ᠤᠨ ᠬᠠᠷᠠᠯᠲᠠ ᠶᠣᠰᠣᠭᠠᠷ᠂ ᠬᠥᠳᠡᠭᠡ ᠲᠣᠰᠬᠤᠨ ᠤ ᠪᠣᠳᠠᠲᠠᠶ ᠳᠤ ᠨᠡᠶᠢᠴᠡᠬᠦ ᠬᠤᠤᠷ ᠥᠬᠡᠶ ᠠᠷᠢᠭᠤᠨ ᠴᠡᠪᠡᠷ ᠵᠣᠷᠯᠣᠩ ᠤᠨ ᠣᠷᠳᠣ ᠬᠤᠭᠤᠴᠠᠭᠠᠨ ᠤ ᠪᠦᠲᠦᠮᠵᠢᠲᠡᠶ ᠬᠠᠮᠢᠶᠠᠷᠴᠤ ᠬᠠᠮᠠᠭᠠᠯᠠᠬᠤ ᠲᠣᠭᠲᠠᠴᠠ ᠶᠢ ᠲᠦᠷᠭᠡᠳᠬᠡᠨ ᠪᠠᠶᠢᠭᠤᠯᠤᠨ ᠪᠦᠷᠢᠨᠰᠢᠬᠦᠯᠵᠦ᠂ ᠲᠣᠰ ᠤᠳᠠᠭᠠᠨ ᠤ ᠪᠠᠶᠢᠴᠠᠭᠠᠨ ᠰᠢᠯᠭᠠᠵᠤ ᠴᠡᠭᠴᠡᠯᠡᠨ ᠰᠠᠶᠢᠵᠢᠷᠠᠭᠤᠯᠬᠤ ᠠᠵᠢᠯ ᠢ ᠨᠠᠷᠢᠯᠢᠭ ᠣᠨᠣᠴᠠᠲᠠᠶ ᠪᠠᠷ ᠪᠡᠶᠡᠯᠡᠭᠦᠯᠬᠦ ᠶᠢ ᠦᠨᠡᠨᠬᠦ ᠪᠠᠲᠤᠯᠠᠵᠤ᠂ ᠬᠥᠳᠡᠭᠡ ᠲᠣᠰᠬᠤᠨ ᠤ ᠵᠣᠷᠯᠣᠩ ᠢ ᠥᠭᠡᠷᠡᠴᠢᠯᠡᠬᠦ ᠠᠵᠢᠯ ᠤᠨ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠦᠨ ᠥᠷᠭᠡᠳᠬᠡᠵᠦ᠂ ᠣᠯᠠᠨ ᠲᠦᠮᠡᠨ ᠢ ᠦᠨᠡᠨ ᠬᠦ ᠬᠠᠨᠤᠮᠵᠢᠲᠠᠶ᠂ ᠣᠷᠳᠣ ᠬᠤᠭᠤᠴᠠᠭ᠎ᠠ ᠪᠠᠷ ᠬᠠᠨᠤᠮᠵᠢᠲᠠᠶ ᠪᠠᠶᠢᠯᠭᠠᠬᠤ ᠬᠡᠷᠡᠭᠲᠡᠶ  ᠭᠡᠵᠡᠢ᠃     ᠬᠤᠷᠠᠯ ᠠᠴᠠ ᠰᠢ ᠶᠢᠨ ᠫᠢᠩ ᠶᠡᠷᠦᠩᠬᠡᠢ ᠱᠦᠵᠢ ᠶᠢᠨ ᠵᠣᠷᠯᠣᠩ ᠤᠨ ᠬᠤᠪᠢᠰᠬᠠᠯ ᠤᠨ ᠲᠤᠬᠠᠢ ᠴᠢᠬᠤᠯᠠ ᠴᠣᠬᠤᠯᠠᠪᠤᠷᠢ ᠵᠢᠭᠠᠪᠤᠷᠢ ᠶᠢᠨ ᠵᠣᠷᠢᠭ ᠰᠠᠨᠠᠭ᠎ᠠ᠂ ᠪᠦᠬᠦ ᠤᠯᠤᠰ ᠤᠨ ᠬᠥᠳᠡᠭᠡ ᠲᠣᠰᠬᠤᠨ ᠤ ᠡᠷᠦᠬᠡ ᠶᠢᠨ ᠵᠣᠷᠯᠣᠩ ᠤᠨ ᠠᠰᠠᠭᠤᠳᠠᠯ ᠢ ᠪᠠᠶᠢᠴᠠᠭᠠᠨ ᠤᠶᠢᠯᠠᠭᠠᠵᠤ ᠴᠡᠭᠴᠡᠯᠡᠨ ᠰᠠᠶᠢᠵᠢᠷᠠᠭᠤᠯᠬᠤ ᠠᠵᠢᠯ ᠤᠨ ᠸᠢᠳᠢᠣ᠋ ᠬᠤᠷᠠᠯ ᠤᠨ ᠵᠣᠷᠢᠭ ᠰᠠᠨᠠᠭ᠎ᠠ᠂ ᠬᠥᠯᠥᠨ ᠪᠤᠶᠢᠷ ᠬᠤᠳᠠ ᠶᠢᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠳᠦᠭᠡᠨ ᠪᠠᠶᠢᠭᠤᠯᠤᠯᠲᠠ ᠪᠣᠯᠤᠨ ᠮᠠᠯᠵᠢᠬᠤ ᠲᠠᠷᠢᠶᠠᠯᠠᠬᠤ ᠣᠷᠣᠨ ᠤ ᠡᠷᠦᠬᠡ ᠶᠢᠨ ᠵᠣᠷᠯᠣᠩ ᠤᠨ ᠠᠰᠠᠭᠤᠳᠠᠯ ᠢ ᠪᠠᠶᠢᠴᠠᠭᠠᠨ ᠤᠶᠢᠯᠠᠭᠠᠵᠤ ᠴᠡᠭᠴᠡᠯᠡᠨ ᠰᠠᠶᠢᠵᠢᠷᠠᠭᠤᠯᠬᠤ ᠠᠵᠢᠯ ᠤᠨ ᠲᠤᠬᠢᠷᠠᠭᠤᠯᠭ᠎ᠠ ᠶᠢᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠪᠠ᠃ ᠪᠥᠬᠦ ᠬᠤᠲᠠ ᠶᠢᠨ ᠬᠥᠳᠡᠭᠡ ᠲᠣᠰᠬᠤᠨ ᠤ ᠡᠷᠦᠬᠡ ᠶᠢᠨ ᠵᠣᠷᠯᠣᠩ ᠤᠨ ᠠᠰᠠᠭᠤᠳᠠᠯ ᠤᠨ ᠴᠡᠭᠴᠡᠯᠡᠨ ᠰᠠᠶᠢᠵᠢᠷᠠᠭᠤᠯᠬᠤ ᠠᠵᠢᠯ ᠤᠨ ᠠᠬᠢᠴᠠ ᠶᠢᠨ ᠪᠠᠶᠢᠳᠠᠯ ᠢ ᠮᠡᠳᠡᠭᠳᠡᠵᠦ᠂ ᠲᠠᠷᠠᠭᠠᠴᠢ ᠶᠢᠨ ᠠᠯᠬᠤᠮ ᠤᠨ ᠴᠡᠭᠴᠡᠯᠡᠨ ᠰᠠᠶᠢᠵᠢᠷᠠᠭᠤᠯᠬᠤ ᠠᠵᠢᠯ ᠢ ᠳᠣᠭᠢᠷᠠᠭᠤᠯᠤᠨ ᠪᠠᠶᠢᠷᠢᠯᠠᠭᠤᠯᠪᠠ᠃        ᠴᠢᠩᠭᠢᠰ ᠬᠠᠭᠠᠨ ᠪᠠᠯᠭᠠᠰᠤ᠂ ᠮᠥᠬᠦᠴᠢ ᠪᠠᠯᠭᠠᠰᠤ᠂ ᠴᠠᠢ ᠾᠧ ᠪᠠᠯᠭᠠᠰᠤ ᠡᠷᠦᠬᠡ ᠶᠢᠨ ᠵᠣᠷᠯᠣᠩ ᠤᠨ ᠠᠰᠠᠭᠤᠳᠠᠯ ᠢ ᠤᠶᠢᠯᠠᠭᠠᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠠᠵᠢᠯ ᠤᠨ ᠲᠤᠬᠠᠶ ᠣᠪᠣᠷ ᠢᠶᠠᠨ ᠢᠯᠡᠳᠭᠡᠪᠡ᠃ ᠡᠯ᠎ᠡ ᠰᠢᠶᠠᠩ ᠪᠠᠯᠭᠠᠰᠤ᠂ ᠵᠡᠭᠡᠯᠢ ᠭᠤᠳᠤᠮᠵᠢ ᠶᠢᠨ ᠬᠢᠨ ᠬᠥᠳᠡᠭᠡ ᠲᠣᠰᠬᠤᠨ ᠤ ᠡᠷᠦᠬᠡ ᠶᠢᠨ ᠵᠣᠷᠯᠣᠩ ᠤᠨ ᠠᠰᠠᠭᠤᠳᠠᠯ ᠢ ᠣᠶᠢᠯᠠᠭᠠᠵᠤ ᠴᠡᠭᠴᠡᠯᠡᠨ ᠰᠠᠶᠢᠵᠢᠷᠠᠭᠤᠯᠬᠤ ᠠᠵᠢᠯ ᠤᠨ ᠠᠮᠠᠯᠠᠯᠲᠠ ᠶᠢᠨ ᠪᠢᠴᠢᠭ ᠲᠤ ᠭᠠᠷ ᠤᠨ ᠥᠰᠥᠭ ᠵᠢᠷᠤᠪᠠ᠃
 
ᠢᠷᠡᠯᠲᠡ᠄ ᠵᠠᠯᠠᠨ ᠠᠶᠢᠯ ᠬᠤᠲᠠ ᠶᠢᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号