ᠬᠠᠳᠤ ᠭᠤᠤᠯ ᠪᠠᠯᠭᠠᠰᠤ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠬᠥᠳᠡᠭᠡ ᠲᠣᠰᠬᠤᠨ ᠤ ᠵᠣᠷᠯᠣᠩ ᠢ ᠥᠭᠡᠷᠡᠴᠢᠯᠡᠬᠦ ᠠᠰᠠᠭᠤᠳᠠᠯ ᠢ ᠤᠶᠢᠯᠠᠭᠠᠨ  ᠪᠠᠶᠢᠴᠠᠭᠠᠨ ᠴᠡᠭᠴᠡᠯᠡᠨ ᠰᠠᠶᠢᠵᠢᠷᠠᠭᠤᠯᠬᠤ ᠠᠵᠢᠯ ᠢ ᠯᠠᠪᠳᠠᠭᠤᠨ ᠪᠠᠲᠤᠲᠠᠶ ᠥᠷᠨᠢᠭᠦᠯᠪᠡ
ᠨᠡᠶᠢᠲᠡᠯᠡᠭᠰᠡᠨ ᠴᠠᠭ᠄
2021/8/18
    ᠬᠥᠯᠥᠨ ᠪᠤᠶᠢᠷ ᠬᠤᠲᠠ᠂ ᠵᠠᠯᠠᠨ ᠠᠶᠢᠯ ᠬᠤᠲᠠ ᠶᠢᠨ ᠬᠥᠳᠡᠭᠡ ᠲᠣᠰᠬᠤᠨ ᠤ ᠡᠷᠦᠬᠡ ᠶᠢᠨ ᠵᠣᠷᠯᠣᠩ ᠤᠨ ᠠᠰᠠᠭᠤᠳᠠᠯ ᠤᠨ ᠲᠤᠬᠠᠶ ᠴᠡᠭᠴᠡᠯᠡᠨ ᠰᠠᠶᠢᠵᠢᠷᠠᠭᠤᠯᠬᠤ ᠠᠵᠢᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠵᠣᠷᠯᠣᠩ ᠢ ᠵᠢᠭᠰᠠᠭᠠᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠵᠦ᠂ ︽ᠵᠣᠷᠯᠣᠩ ᠤᠨ ᠬᠤᠪᠢᠰᠬᠠᠯ︾ ᠢᠶᠠᠷ ᠠᠷᠠᠳ ᠣᠯᠠᠨ ᠳᠤ ᠦᠨᠡᠨᠬᠦ ᠪᠤᠶᠠᠨ ᠦᠢᠯᠡᠳᠦᠨ᠎ᠡ᠃ ᠬᠤᠲᠠ ᠶᠢᠨ ᠨᠠᠮ ᠤᠨ ᠬᠤᠷᠢᠶ᠎ᠠ ᠶᠢᠨ ᠨᠢᠭᠡᠳᠦᠯᠲᠡᠶ ᠪᠠᠶᠢᠷᠢᠯᠠᠭᠤᠯᠤᠯᠲᠠ ᠶᠣᠰᠣᠭᠠᠷ᠂  ᠬᠠᠳᠣ ᠭᠤᠤᠯ ᠪᠠᠯᠭᠠᠰᠤ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠬᠥᠳᠡᠭᠡ ᠲᠣᠰᠬᠤᠨ ᠤ ᠵᠣᠷᠯᠣᠩ ᠤᠨ ᠥᠭᠡᠷᠡᠴᠢᠯᠡᠯᠲᠡ ᠶᠢᠨ ᠠᠰᠠᠭᠤᠳᠠᠯ ᠢ ᠤᠶᠢᠯᠠᠭᠠᠨ  ᠪᠠᠶᠢᠴᠠᠭᠠᠨ ᠴᠡᠭᠴᠡᠯᠡᠨ ᠰᠠᠶᠢᠵᠢᠷᠠᠭᠤᠯᠬᠤ ᠠᠵᠢᠯ ᠢ ᠯᠠᠪᠳᠠᠭᠤᠨ ᠪᠠᠲᠤᠲᠠᠶ ᠥᠷᠨᠢᠭᠦᠯᠪᠡ᠃      ᠨᠢᠭᠡ ᠳᠤ ᠨᠢᠭᠡᠳᠦᠯᠲᠡᠶ ᠲᠥᠯᠥᠪᠯᠡᠨ ᠲᠣᠬᠢᠷᠠᠭᠤᠯᠵᠤ ᠪᠠᠶᠢᠷᠢᠯᠠᠭᠤᠯᠤᠨ᠎ᠠ᠃ ᠬᠠᠳᠤ ᠭᠤᠣᠯ ᠪᠠᠯᠭᠠᠰᠤ ᠬᠥᠳᠡᠭᠡ ᠲᠣᠰᠬᠤᠨ ᠤ ᠵᠣᠷᠯᠣᠩ ᠤᠨ ᠥᠭᠡᠷᠡᠴᠢᠯᠡᠯᠲᠡ ᠶᠢᠨ ᠠᠵᠢᠯ ᠢ ᠠᠬᠢᠭᠤᠯᠬᠤ ᠬᠤᠷᠠᠯ ᠬᠤᠷᠠᠯᠳᠤᠭᠤᠯᠵᠤ᠂ ᠵᠠᠯᠠᠨ ᠠᠶᠢᠯ ᠬᠤᠲᠠ ᠶᠢᠨ ᠨᠠᠮ ᠤᠨ ᠬᠤᠷᠢᠶ᠎ᠠ ᠶᠢᠨ ᠮᠠᠯᠵᠢᠬᠤ ᠲᠠᠷᠢᠶᠠᠯᠠᠬᠤ ᠣᠷᠣᠨ ᠤ ᠠᠵᠢᠯ ᠤᠨ ᠤᠳᠤᠷᠢᠳᠬᠤ ᠳᠤᠭᠤᠶᠢᠯᠠᠩ ᠤᠨ ᠬᠤᠶᠠᠳᠤᠭᠠᠷ ᠤᠳᠠᠭ᠎ᠠ ᠶᠢᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠵᠤ᠂ ᠲᠣᠰ ᠪᠠᠯᠭᠠᠰᠤᠨ ᠤ ᠬᠥᠳᠡᠭᠡ ᠲᠣᠰᠬᠤᠨ ᠤ ᠵᠣᠷᠯᠣᠩ ᠤᠨ ᠥᠭᠡᠷᠡᠴᠢᠯᠡᠯᠲᠡ ᠶᠢᠨ  ᠪᠠᠶᠢᠴᠠᠭᠠᠬᠤ ᠪᠠ  ᠣᠶᠢᠯᠠᠭᠠᠬᠤ ᠠᠵᠢᠯ ᠢ ᠴᠡᠭᠴᠡᠯᠡᠨ ᠰᠠᠶᠢᠵᠢᠷᠠᠭᠤᠯᠬᠤ ᠠᠵᠢᠯ ᠢ ᠳᠣᠭᠢᠷᠠᠭᠤᠯᠤᠨ ᠪᠠᠶᠢᠷᠢᠯᠠᠭᠤᠯᠵᠤ᠂ ᠠᠵᠢᠯ ᠤᠨ ᠡᠭᠦᠷᠭᠡ ᠬᠠᠷᠢᠭᠤᠴᠠᠯᠭ᠎ᠠ ᠶᠢ ᠤᠯᠠᠮ ᠨᠢᠭᠡ ᠠᠯᠬᠤᠮ ᠲᠣᠳᠣᠷᠬᠠᠶ ᠪᠣᠯᠭᠠᠵᠤ᠂ ᠠᠵᠢᠯ ᠤᠨ ᠴᠤᠪᠤᠷᠠᠯ ᠢ ᠨᠠᠷᠢᠯᠢᠬᠵᠢᠭᠤᠯᠤᠨ᠂ ᠠᠵᠢᠯ ᠤᠨ ᠡᠮᠬᠢ ᠵᠢᠷᠤᠮ ᠲᠠᠢ ᠥᠷᠨᠢᠬᠦ ᠶᠢ ᠦᠨᠡᠨᠬᠦ ᠪᠠᠲᠤᠯᠠᠵᠤ᠂ ︽ᠵᠣᠷᠯᠣᠩ ᠤᠨ ᠬᠤᠪᠢᠰᠬᠠᠯ︾ ᠢ ᠦᠨᠡᠨ ᠬᠦ ᠪᠣᠳᠠᠲᠠᠶ᠂ ᠨᠠᠷᠢᠯᠢᠭ᠂ ᠰᠠᠶᠢᠲᠤᠷ ᠠᠳᠬᠤᠬᠤ ᠬᠡᠷᠡᠭᠲᠡᠶ᠃     ᠬᠤᠶᠠᠷ ᠲᠤ ᠡᠷᠦᠬᠡ ᠳᠤ ᠬᠦᠷᠴᠦ ᠪᠥᠬᠦ ᠲᠠᠯ᠎ᠠ ᠪᠠᠷ ᠵᠢᠭᠰᠠᠭᠠᠨ ᠪᠠᠶᠢᠴᠠᠭᠠᠨ᠎ᠠ᠃ ᠬᠤᠷᠠᠯ ᠤᠨ ᠲᠠᠷᠠᠭ᠎ᠠ᠂ ᠡᠯ᠎ᠡ ᠲᠣᠰᠬᠤᠨ ᠤ ᠬᠢᠨ ᠬᠤᠷᠠᠯ ᠤᠨ ᠵᠣᠷᠢᠭ ᠰᠠᠨᠠᠭ᠎ᠠ ᠶᠢ ᠦᠳᠲᠡᠷ ᠲᠦᠷᠭᠡᠨ ᠨᠠᠶᠢᠳᠠᠪᠤᠷᠢᠵᠢᠭᠤᠯᠵᠤ᠂ ᠲᠣᠰᠬᠤᠨ ᠤ ︽ᠬᠤᠶᠠᠷ ᠵᠥᠪᠯᠡᠯ︾ ᠤᠨ ᠺᠠᠳ᠋ᠷ᠂ ᠲᠣᠰᠬᠤᠨ ᠢ ᠳᠠᠭᠠᠭᠠᠴᠢᠯᠠᠬᠤ ᠠᠵᠢᠯ ᠤᠨ ᠳᠤᠭᠤᠶᠢᠯᠠᠩ ᠢ ᠵᠣᠬᠢᠶᠠᠨ ᠪᠠᠶᠢᠭᠤᠯᠤᠨ ᠨᠢᠭᠡᠳᠦᠭᠡᠷ ᠹᠷᠣᠨᠲ ᠲᠤ ᠭᠦᠨᠵᠡᠭᠡᠶᠢᠷᠡᠵᠦ᠂ ᠭᠤᠳᠤᠮᠵᠢ ᠡᠷᠦᠬᠡ ᠳᠠᠷᠠᠭᠠᠯᠠᠨ ᠲᠤᠰ ᠲᠣᠰᠬᠤᠨ ᠤ ᠬᠡᠪᠴᠢᠶᠡᠨ ᠳᠠᠬᠢ ᠵᠣᠷᠯᠣᠩ ᠢ ᠥᠭᠡᠷᠡᠴᠢᠯᠡᠬᠦ ᠪᠤᠢ ᠪᠦᠬᠦᠢ ᠡᠷᠦᠬᠡ ᠶᠢ ᠪᠦᠬᠦ ᠲᠠᠯ᠎ᠠ ᠪᠠᠷ ᠪᠠᠶᠢᠴᠠᠭᠠᠨ ᠪᠠᠶᠢᠴᠠᠭᠠᠵᠤ᠂ ᠨᠢᠭᠡ ᠡᠷᠦᠬᠡ ᠶᠢ ᠴᠦ ᠣᠷᠬᠢᠭᠳᠠᠭᠤᠯᠬᠤ ᠦᠭᠡᠢ ᠪᠠᠶᠢᠬᠤ ᠵᠠᠷᠴᠢᠮ ᠶᠣᠰᠣᠭᠠᠷ᠂ ᠡᠷᠦᠬᠡ ᠶᠢ ᠨᠢᠭᠡ ᠨᠢᠭᠡ ᠪᠠᠷ ᠨᠢ ᠳᠠᠩᠰᠠᠯᠠᠭᠤᠯᠤᠨ ᠵᠢᠭᠰᠠᠭᠠᠨ ᠪᠠᠶᠢᠴᠠᠭᠠᠬᠤ ᠶᠢᠨ ᠬᠠᠮᠲᠤ ᠠᠵᠢᠯ ᠤᠨ ᠡᠬᠡ ᠳᠠᠩᠰᠠ ᠶᠢ ᠪᠠᠶᠢᠭᠤᠯᠤᠨ ᠲᠡᠭᠦᠯᠳᠡᠷᠵᠢᠭᠦᠯᠵᠦ᠂ ᠴᠡᠭᠴᠡᠯᠡᠨ ᠰᠠᠶᠢᠵᠢᠷᠠᠭᠤᠯᠬᠤ ᠲᠥᠰᠦᠯ ᠲᠣᠭᠲᠠᠭᠠᠵᠤ᠂ ᠡᠷᠦᠬᠡ ᠳᠠᠷᠠᠭᠠᠯᠠᠨ  ᠲᠤᠭ᠎ᠠ ᠶᠢ ᠨᠢ ᠬᠠᠰᠤᠬᠤ ᠶᠢ ᠪᠡᠶᠡᠯᠡᠭᠦᠯᠪᠡ᠃      ᠭᠤᠷᠪᠠ ᠳᠤ᠂ ᠬᠢᠨᠠᠨ ᠵᠢᠯᠣᠭᠤᠳᠴᠤ ᠪᠠᠶᠢᠴᠠᠭᠠᠬᠤ ᠶᠢ ᠴᠢᠩᠭᠠᠳᠬᠠᠨ᠎ᠠ᠃ ᠪᠠᠯᠭᠠᠰᠤᠨ ᠤ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠰᠠᠯᠠᠭ᠎ᠠ ᠮᠥᠴᠢᠷ ᠤᠨ ᠠᠵᠢᠯᠲᠠᠳ ᠲᠤᠬᠠᠶ ᠶᠢᠨ ᠭᠠᠵᠠᠷ ᠲᠤᠨᠢ ᠪᠠᠶᠢᠴᠠᠭᠠᠬᠤ ᠪᠠ ᠲᠣᠬᠢᠶᠠᠯᠳᠤᠯ ᠢᠶᠠᠷ ᠰᠤᠭᠤᠴᠢᠨ ᠪᠠᠶᠢᠴᠠᠭᠠᠬᠤ ᠶᠢ ᠤᠶᠠᠯᠳᠤᠭᠤᠯᠬᠤ ᠠᠷᠭ᠎ᠠ ᠮᠠᠶ᠋ᠢᠭ ᠢᠶᠠᠷ ᠪᠥᠬᠦ ᠪᠠᠯᠭᠠᠰᠤᠨ ᠤ ᠬᠥᠳᠡᠭᠡ ᠲᠣᠰᠬᠤᠨ ᠤ ᠡᠷᠦᠬᠡ ᠳᠤ ᠬᠡᠷᠡᠭᠯᠡᠬᠦ ᠵᠣᠷᠯᠣᠩ ᠳᠤ ᠪᠠᠶᠢᠴᠠᠭᠠᠯᠲᠠ ᠬᠢᠵᠦ᠂ ᠠᠰᠠᠭᠤᠳᠠᠯ ᠢ ᠣᠯᠵᠤ ᠮᠡᠳᠡᠪᠡᠯ ᠴᠠᠭ ᠲᠤᠬᠠᠶ ᠳᠤᠨᠢ ᠬᠢᠨᠠᠨ ᠵᠢᠯᠣᠭᠤᠳᠴᠤ  ᠰᠢᠢᠳᠪᠦᠷᠢᠯᠡᠬᠦ ᠶᠢᠨ ᠬᠠᠮᠲᠤ ᠵᠠᠷᠯᠠᠨ ᠰᠢᠭᠦᠮᠵᠢᠯᠡᠵᠦ᠂ ᠬᠥᠳᠡᠭᠡ ᠲᠣᠰᠬᠤᠨ ᠤ ᠵᠣᠷᠯᠣᠩ ᠢ ᠥᠭᠡᠷᠡᠴᠢᠯᠡᠬᠦ ᠠᠰᠠᠭᠤᠳᠠᠯ ᠢ ᠤᠶᠢᠯᠠᠭᠠᠨ ᠭᠠᠳᠠᠭᠰᠢᠯᠠᠭᠤᠯᠵᠤ ᠴᠡᠭᠴᠡᠯᠡᠨ ᠰᠠᠶᠢᠵᠢᠷᠠᠭᠤᠯᠬᠤ ᠠᠵᠢᠯ ᠢ ᠴᠢᠨᠠᠷ ᠰᠠᠶᠢᠲᠠᠶ ᠪᠡᠶᠡᠯᠡᠭᠦᠯᠬᠦ ᠶᠢ ᠦᠨᠡᠨ ᠬᠦ ᠪᠠᠲᠤᠯᠠᠬᠤ ᠬᠡᠷᠡᠭᠲᠡᠶ᠃
 
ᠢᠷᠡᠯᠲᠡ᠄ ᠵᠠᠯᠠᠨ ᠠᠶᠢᠯ ᠬᠤᠲᠠ ᠶᠢᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号