ᠡᠮ ᠡᠮᠨᠡᠯᠭᠡ ᠶᠢᠨ ᠪᠠᠲᠤᠯᠠᠭ᠎ᠠ ᠶᠢᠨ ᠲᠣᠪᠴᠢᠶ᠎ᠠ᠄ ᠴᠣᠩᠬᠤᠪᠴᠢ ᠶᠢᠨ ᠲᠤᠬᠠᠶᠢᠯᠠᠭᠰᠠᠨ ᠠᠵᠢᠯ ᠢ ᠡᠮᠬᠢᠯᠡᠨ ᠨᠡᠶᠢᠯᠡᠭᠦᠯᠵᠦ ᠠᠷᠠᠳ ᠲᠤ ᠲᠥᠬᠦᠮ ᠦᠵᠡᠭᠦᠯᠬᠦ  ᠦᠢᠯᠡᠴᠢᠯᠡᠭᠡᠨ ᠤ ᠴᠢᠳᠠᠮᠵᠢ ᠪᠠᠨ ᠳᠡᠭᠡᠭᠰᠢᠯᠡᠭᠦᠯᠦᠨ᠎ᠡ
ᠨᠡᠶᠢᠲᠡᠯᠡᠭᠰᠡᠨ ᠴᠠᠭ᠄
2021/8/18
      ᠵᠠᠯᠠᠨ ᠠᠶᠢᠯ ᠬᠤᠲᠠ ᠶᠢᠨ ᠡᠮ ᠡᠮᠨᠡᠯᠭᠡ ᠶᠢᠨ ᠳᠠᠭᠠᠳᠬᠠᠯ ᠤᠨ ᠦᠢᠯᠡᠴᠢᠯᠡᠭᠡᠨ ᠤ ᠲᠥᠪ ︽ᠨᠡᠷᠡᠨ ᠭᠡᠷᠡᠯᠲᠦ ᠡᠮ ᠡᠮᠨᠡᠯᠭᠡ ᠶᠢᠨ ᠳᠠᠭᠠᠳᠬᠠᠯ᠂ ᠰᠡᠳᠬᠢᠯ ᠢ ᠳᠤᠯᠠᠭᠠᠴᠠᠭᠤᠯᠬᠤ ᠦᠢᠯᠡᠴᠢᠯᠡᠭᠡ︾ ᠶᠢᠨ ᠨᠡᠷᠡᠲᠦ ᠲᠡᠮᠳᠡᠭ ᠢ ᠡᠭᠦᠳᠬᠦ ᠶᠠᠪᠤᠴᠠ ᠳᠤ᠂ ︽ᠬᠥᠮᠦᠨ ᠢᠶᠠᠷ ᠦᠨᠳᠦᠰᠦ ᠪᠣᠯᠭᠠᠵᠤ᠂ ᠠᠷᠠᠳ ᠲᠦᠮᠡᠨ ᠳᠤ  ᠦᠢᠯᠡᠴᠢᠯᠡᠬᠦ︾ ᠦᠢᠯᠡᠴᠢᠯᠡᠭᠡᠨ ᠤ ᠣᠨᠣᠯᠵᠢᠬᠤᠨ ᠢ ᠢᠮᠠᠭᠲᠠ ᠦᠢᠯᠡᠳᠦᠯᠭᠡᠵᠢᠭᠦᠯᠵᠦ᠂ ᠦᠢᠯᠡᠴᠢᠯᠡᠭᠡᠨ ᠤ ᠴᠤᠪᠤᠷᠠᠯ ᠢ ᠰᠢᠯᠢᠳᠡᠭᠵᠢᠭᠦᠯᠬᠦ ᠶᠢ ᠠᠬᠢᠭᠤᠯᠬᠤ ᠪᠠᠷ ᠬᠦᠴᠦᠯᠡᠬᠦ  ᠴᠡᠭ ᠪᠣᠯᠭᠠᠨ᠂ ︽ ᠲᠠᠯᠪᠢᠬᠤ ᠬᠠᠮᠢᠶᠠᠷᠬᠤ  ᠦᠢᠯᠡᠴᠢᠯᠡᠬᠦ︾ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠪᠠᠷ ᠬᠠᠷᠠᠯᠲᠠ ᠪᠣᠯᠭᠠᠵᠤ᠂ ︽ᠨᠢᠭᠡ ᠥᠷᠲᠡᠭᠡᠨ ᠤ ᠮᠠᠶ᠋ᠢᠭ︾ ᠤᠨ ᠦᠢᠯᠡᠴᠢᠯᠡᠭᠡᠨ ᠤ ᠬᠢᠷᠢ ᠬᠡᠮᠵᠢᠶ᠎ᠡ ᠶᠢ ᠲᠠᠰᠤᠷᠠᠯᠲᠠ ᠥᠬᠡᠶ ᠳᠡᠭᠡᠭᠰᠢᠯᠡᠭᠦᠯᠵᠦ᠂ ᠥᠷᠭᠡᠨ ᠣᠯᠠᠨ ᠳᠠᠭᠠᠳᠬᠠᠯ ᠳᠤ ᠣᠷᠣᠯᠴᠠᠭᠰᠠᠨ ᠣᠯᠠᠨ ᠲᠦᠮᠡᠨ ᠳᠤ ᠵᠢᠷᠤᠮᠵᠢᠭᠰᠠᠨ᠂ ᠳᠥᠭᠦᠮ ᠳᠥᠲᠡ᠂ ᠥᠨᠳᠥᠷ ᠦᠷ᠎ᠡ ᠪᠦᠲᠦᠮᠵᠢᠲᠡᠶ ᠡᠮᠴᠢᠯᠡᠭᠡᠨ ᠤ ᠳᠠᠭᠠᠳᠬᠠᠯ ᠤᠨ  ᠦᠢᠯᠡᠴᠢᠯᠡᠭᠡ ᠶᠢ ᠦᠨᠡᠨᠬᠦ ᠬᠠᠩᠭᠠᠬᠤ ᠬᠡᠷᠡᠭᠲᠡᠶ᠃      ᠡᠮ ᠡᠮᠨᠡᠯᠭᠡ ᠶᠢᠨ ᠳᠠᠭᠠᠳᠬᠠᠯ ᠤᠨ ᠦᠢᠯᠡᠴᠢᠯᠡᠭᠡᠨ ᠤ ᠲᠥᠪ ᠨᠢ ᠴᠣᠩᠬᠤ ᠶᠢ ᠳᠠᠬᠢᠨ ᠨᠡᠶᠢᠳᠬᠡᠬᠦ ᠶᠢ ᠬᠡᠷᠡᠭᠵᠢᠭᠦᠯᠵᠦ᠂ ᠠᠵᠢᠯᠲᠠᠨ᠂ ᠡᠮ ᠡᠮᠨᠡᠯᠭᠡ ᠶᠢᠨ ᠳᠠᠭᠠᠳᠬᠠᠯ ᠤᠨ ᠦᠢᠯᠡᠴᠢᠯᠡᠭᠡᠨ ᠤ ᠵᠦᠢᠯᠡᠰ ᠵᠢᠴᠢ ᠦᠢᠯᠡᠴᠢᠯᠡᠭᠡᠨ ᠤ ᠴᠣᠩᠬᠤ ᠶᠢ ᠤᠯᠠᠮ ᠨᠢᠭᠡ ᠠᠯᠬᠤᠮ ᠰᠢᠯᠢᠳᠡᠭᠵᠢᠭᠦᠯᠦᠨ ᠨᠡᠶᠢᠯᠡᠭᠦᠯᠵᠦ᠂ ᠡᠮ ᠡᠮᠨᠡᠯᠭᠡ ᠶᠢᠨ ᠳᠠᠭᠠᠳᠬᠠᠯ ᠤᠨ ᠬᠤᠲᠠ ᠬᠥᠳᠡᠭᠡ ᠶᠢᠨ ᠰᠠᠭᠤᠭᠠᠯᠢ ᠠᠷᠠᠳ᠂  ᠠᠵᠢᠯᠲᠠᠨ ᠠᠵᠢᠯᠴᠢᠨ ᠤ ᠤᠤᠯ ᠤᠨ ᠣᠯᠠᠨ ᠵᠦᠢᠯ ᠤᠨ ᠭᠥᠯᠢᠶᠡᠨ ᠠᠪᠴᠤ  ᠰᠢᠢᠳᠪᠦᠷᠢᠯᠡᠵᠦ ᠪᠠᠶᠢᠭᠰᠠᠨ ᠡᠮ ᠡᠮᠨᠡᠯᠭᠡ ᠶᠢᠨ ᠳᠠᠭᠠᠳᠬᠠᠯ ᠤᠨ ᠲᠤᠬᠠᠶᠢᠯᠠᠭᠰᠠᠨ ᠠᠵᠢᠯ ᠢ ᠡᠮ ᠡᠮᠨᠡᠯᠭᠡ ᠶᠢᠨ ᠳᠠᠭᠠᠳᠬᠠᠯ ᠤᠨ ᠶᠡᠷᠦᠩᠬᠡᠶᠢᠯᠡᠭᠰᠡᠨ ᠴᠣᠩᠬᠤᠨ ᠳᠤ ᠡᠮᠬᠢᠯᠡᠨ ᠨᠡᠶᠢᠯᠡᠭᠦᠯᠵᠦ᠂ ᠡᠮ ᠡᠮᠨᠡᠯᠭᠡ ᠶᠢᠨ ᠳᠠᠭᠠᠳᠬᠠᠯ ᠤᠨ ᠬᠠᠷᠠᠭᠠᠯᠵᠠᠯ ᠢ ᠬᠢᠨᠠᠨ ᠬᠠᠷᠭᠤᠭᠤᠯᠬᠤ᠂ ᠣᠨᠳᠣᠤ ᠭᠠᠵᠠᠷ ᠲᠤ ᠡᠮᠴᠢᠯᠡᠭᠦᠯᠬᠦ ᠶᠢ ᠳᠠᠩᠰᠠᠯᠠᠬᠤ᠂ ᠤᠳᠠᠭᠠᠨ ᠴᠢᠨᠠᠷᠲᠠᠶ ᠡᠪᠡᠳᠴᠢᠨ ᠢ ᠭᠥᠯᠢᠶᠡᠨ ᠠᠪᠴᠤ ᠰᠢᠢᠳᠪᠦᠷᠢᠯᠡᠬᠦ ᠵᠡᠷᠭᠡ ᠣᠯᠠᠨ ᠵᠦᠢᠯ ᠤᠨ ᠡᠮ ᠡᠮᠨᠡᠯᠭᠡ ᠶᠢᠨ ᠳᠠᠭᠠᠳᠬᠠᠯ ᠤᠨ ᠲᠤᠬᠠᠶᠢᠯᠠᠭᠰᠠᠨ ᠠᠵᠢᠯ ᠢ ᠨᠢᠭᠡᠳᠦᠯᠲᠡᠶ  ᠭᠦᠢᠴᠡᠳᠭᠡᠵᠦ᠂ ᠴᠣᠩᠬᠤᠨ ᠤ  ᠠᠵᠢᠯ ᠤᠨ ᠶᠠᠭᠠᠷᠠᠣ ᠰᠡᠯᠡᠭᠦᠥ  ᠪᠠᠶᠢᠳᠠᠯ ᠲᠡᠩᠴᠡᠭᠦᠷᠢ ᠦᠭᠡᠢ ᠂ ᠣᠯᠠᠨ ᠲᠦᠮᠡᠨ ᠣᠯᠠᠨ ᠴᠣᠩᠬᠤ ᠪᠠᠷ ᠶᠠᠪᠤᠬᠤ᠂ ᠱᠠᠲᠤ ᠦᠶ᠎ᠡ ᠶᠢᠨ ᠴᠢᠨᠠᠷᠲᠠᠶ ᠪᠠᠷ ᠠᠵᠢᠯ ᠶᠠᠪᠤᠳᠠᠯ  ᠭᠦᠢᠴᠡᠳᠭᠡᠬᠦ ᠣᠯᠠᠨ ᠲᠦᠮᠡᠨ ᠤ ᠰᠠᠶᠢᠨ ᠦᠨᠡᠯᠡᠯᠲᠡ ᠶᠢ ᠣᠯᠤᠭᠰᠠᠭᠠᠷ ᠢᠷᠡᠵᠡᠶ᠃      ︽ᠨᠢᠭᠡ ᠥᠷᠲᠡᠭᠡᠨ ᠤ ᠮᠠᠶ᠋ᠢᠭ ᠤᠨ ᠦᠢᠯᠡᠴᠢᠯᠡᠭᠡ︾ ᠶᠢᠨ ᠠᠵᠢᠯ ᠢ ᠥᠷᠨᠢᠭᠦᠯᠬᠦ ᠪᠠᠷ ᠳᠡᠮᠵᠢᠨ᠂ ᠡᠮ ᠡᠮᠨᠡᠯᠭᠡ ᠶᠢᠨ ᠳᠠᠭᠠᠳᠬᠠᠯ ᠤᠨ  ᠦᠢᠯᠡᠴᠢᠯᠡᠭᠡᠨ ᠤ ᠲᠥᠪ ᠪᠦᠲᠦᠮᠵᠢᠲᠡᠶ ᠵᠣᠯᠭᠠᠭᠤᠯᠬᠤ ᠲᠣᠭᠲᠠᠴᠠ ᠶᠢ ᠪᠦᠷᠢᠨᠰᠢᠬᠦᠯᠦᠨ ᠪᠠᠶᠢᠭᠤᠯᠵᠤ᠂  ᠲᠤᠰᠢᠶᠠᠬᠤ ᠪᠠ ᠭᠥᠯᠢᠶᠡᠨ ᠠᠪᠬᠤ ᠲᠠᠰ ᠳᠠᠷᠠᠭᠠᠯᠠᠯ ᠢ ᠪᠠᠭᠠᠰᠬᠠᠨ᠂ ᠡᠮ ᠡᠮᠨᠡᠯᠭᠡ ᠶᠢᠨ ᠳᠠᠭᠠᠳᠬᠠᠯ ᠤᠨ ᠭᠠᠷᠲᠠᠨ  ᠭᠦᠢᠴᠡᠳᠭᠡᠬᠦ ᠦᠢᠯᠡᠴᠢᠯᠡᠭᠡ ᠶᠢ ᠭᠦᠨᠵᠡᠭᠡᠶᠢᠷᠡᠭᠦᠯᠬᠦ ︽ᠬᠠᠮᠤᠭ ᠤᠨ ᠠᠷᠪᠢᠨ ᠳᠠᠭᠠᠨ ᠨᠢᠭᠡ ᠯᠡ ᠤᠳᠠᠭ᠎ᠠ ᠭᠦᠶᠦᠯᠭᠡᠬᠦ︾ ᠥᠭᠡᠷᠡᠴᠢᠯᠡᠯᠲᠡ ᠶᠢ ᠪᠡᠶᠡᠯᠡᠭᠦᠯᠵᠦ᠂ ᠳᠠᠭᠠᠳᠬᠠᠯ ᠳᠤ ᠣᠷᠣᠯᠴᠠᠭᠰᠠᠨ ᠣᠯᠠᠨ ᠲᠦᠮᠡᠨ ᠤ ᠠᠵᠢᠯ ᠶᠠᠪᠤᠳᠠᠯ  ᠭᠦᠢᠴᠡᠳᠭᠡᠬᠦ ᠴᠠᠭ ᠢ ᠶᠡᠭᠡ ᠪᠠᠷ ᠠᠷᠪᠢᠯᠠᠵᠤ᠂ ᠠᠵᠢᠯ ᠶᠠᠪᠤᠳᠠᠯ  ᠭᠦᠢᠴᠡᠳᠬᠡᠬᠦ ᠭᠤᠭᠴᠤᠭ᠎ᠠ ᠶᠢ ᠪᠠᠭᠠᠰᠬᠠᠨ᠂ ᠠᠵᠢᠯ ᠶᠠᠪᠤᠳᠠᠯ  ᠭᠦᠢᠴᠡᠳᠬᠡᠬᠦ ᠦᠷ᠎ᠡ ᠪᠦᠲᠦᠮᠵᠢ ᠶᠢ ᠳᠡᠭᠡᠭᠰᠢᠯᠡᠭᠦᠯᠪᠡ᠃
 
ᠢᠷᠡᠯᠲᠡ᠄ ᠵᠠᠯᠠᠨ ᠠᠶᠢᠯ ᠬᠤᠲᠠ ᠶᠢᠨ ᠵᠠᠰᠠᠭ ᠤᠨ ᠤᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号