ᠬᠤᠲᠠ ᠶᠢᠨ ᠨᠠᠮ ᠤᠨ ᠬᠤᠷᠢᠶᠠᠨ ᠤ ᠱᠦᠵᠢ ᠶᠤᠸᠠᠢ ᠭᠦᠸᠧ ᠳ᠋ᠦᠩ ᠭᠦᠸᠧ ᠰᠧᠨ ᠠᠭᠤᠷᠬᠠᠶ ᠶᠢᠨ ᠦᠢᠯᠡᠰ ᠲᠤ ᠭᠦᠨᠵᠡᠭᠡᠶᠢᠷᠡᠨ ᠲᠤᠬᠠᠶ ᠶᠢᠨ ᠭᠠᠵᠠᠷ ᠲᠤᠨᠢ ᠪᠠᠶᠢᠴᠠᠭᠠᠨ ᠰᠤᠳᠤᠯᠤᠯᠲᠠ ᠬᠢᠪᠠ
ᠨᠡᠶᠢᠲᠡᠯᠡᠭᠰᠡᠨ ᠴᠠᠭ᠄
2021/8/18
   
     ᠣᠶᠢᠷ᠎ᠠ ᠳᠤ᠂ ᠬᠤᠲᠠ ᠶᠢᠨ ᠨᠠᠮ ᠤᠨ ᠬᠤᠷᠢᠶᠠᠨ ᠤ ᠱᠦᠵᠢ ᠶᠤᠸᠠᠢ ᠭᠦᠸᠧ ᠳ᠋ᠦᠩ ᠨᠡᠷ ᠭᠦᠸᠧ ᠰᠧᠨ ᠠᠭᠤᠷᠬᠠᠶ ᠶᠢᠨ  ᠦᠢᠯᠡᠰ ᠲᠤ ᠭᠦᠨᠵᠡᠭᠡᠶᠢᠷᠡᠨ ᠲᠥᠷᠥᠯ  ᠵᠦᠢᠯ ᠤᠨ ᠪᠥᠲᠥᠭᠡᠨ ᠪᠠᠶᠢᠭᠤᠯᠤᠯᠲᠠ᠂ ᠠᠵᠤ ᠠᠬᠤᠶᠢᠯᠠᠯ ᠤᠨ ᠠᠵᠢᠯᠯᠠᠭᠠᠨ᠂ ᠠᠶᠤᠯᠭᠦᠶ  ᠦᠢᠯᠡᠳᠪᠦᠷᠢᠯᠡᠯ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ᠂ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠵᠡᠷᠭᠡ ᠲᠠᠯ᠎ᠠ ᠪᠠᠷ ᠲᠤᠬᠠᠶ ᠶᠢᠨ ᠭᠠᠵᠠᠷ ᠲᠤᠨᠢ ᠪᠠᠶᠢᠴᠠᠭᠠᠨ ᠰᠤᠳᠤᠯᠤᠯᠲᠠ ᠬᠢᠪᠠ᠃ ᠬᠤᠳᠠ ᠶᠢᠨ ᠤᠳᠤᠷᠢᠳᠤᠯᠭ᠎ᠠ ᠸᠠᠩ ᠪᠥᠸᠧ᠂ ᠦ᠋ ᠴᠧᠨ ᠳ᠋ᠦᠩ᠂ ᠮᠧᠩ ᠭᠠᠩ ᠂ ᠶᠠᠩ ᠵᠢᠢ ᠴᠦᠨ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠠᠮᠲᠤᠪᠠᠷ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃      ᠶᠤᠸᠠᠢ ᠭᠦᠸᠧ ᠳ᠋ᠦᠩ ᠨᠡᠷ ᠭᠦᠸᠧ ᠰᠧᠨ ᠠᠭᠤᠷᠬᠠᠢ ᠶᠢᠨ ᠦᠢᠯᠡᠰ ᠤᠨ ᠠᠭᠤᠷᠬᠠᠢ ᠮᠠᠯᠲᠠᠬᠤ ᠣᠷᠣᠨ᠂ ᠢᠰᠦᠯᠳᠦᠭᠰᠡᠨ ᠠᠭᠤᠷᠬᠠᠢ ᠶᠢᠨ ᠬᠦᠳᠡᠷ ᠰᠣᠩᠭᠤᠬᠤ ᠠᠭᠤᠷᠬᠠᠢ ᠶᠢᠨ ᠣᠷᠣᠨ ᠵᠡᠷᠭᠡ ᠨᠢᠭᠡᠳᠦᠭᠡᠷ ᠹᠷᠣᠨᠲ ᠲᠤ ᠭᠦᠨᠵᠡᠭᠡᠶᠢᠷᠡᠵᠦ᠂ ᠠᠭᠤᠷᠬᠠᠢ ᠶᠢᠨ ᠪᠦᠲᠦᠭᠡᠨ ᠪᠠᠶᠢᠭᠤᠯᠤᠯᠲᠠ᠂ ᠠᠶᠤᠯᠭᠦᠢ ᠦᠢᠯᠡᠳᠪᠦᠷᠢᠯᠡᠯ᠂ ᠭᠤᠣᠯᠳᠠᠯᠭ᠎ᠠ ᠲᠠᠢ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠵᠡᠷᠭᠡ ᠪᠠᠶᠢᠳᠠᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠭᠰᠡᠨ ᠪᠥᠭᠡᠳ ᠠᠵᠤ ᠠᠬᠤᠶᠢᠯᠠᠯ ᠤᠨ ᠬᠠᠷᠢᠭᠤᠴᠠᠯᠭᠠᠲᠠᠨ ᠤ ᠦᠢᠯᠡᠳᠪᠦᠷᠢᠯᠡᠯ ᠡᠵᠡᠩᠨᠡᠯᠲᠡ᠂ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ᠂ ᠬᠠᠮᠢᠶᠠᠷᠤᠯᠲᠠ ᠶᠢᠨ ᠲᠣᠭᠲᠠᠴᠠ ᠪᠣᠯᠤᠨ ᠬᠤᠶᠠᠳᠤᠭᠠᠷ ᠬᠤᠭᠤᠴᠠᠭᠠᠨ ᠤ ᠭᠤᠣᠯᠳᠠᠯᠭ᠎ᠠ ᠲᠠᠢ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠵᠡᠷᠭᠡ ᠠᠵᠢᠯ ᠤᠨ ᠪᠠᠶᠢᠳᠠᠯ ᠤᠨ ᠲᠤᠬᠠᠢ ᠬᠠᠷᠢᠭᠤ ᠮᠡᠳᠡᠭᠦᠯᠦᠯᠲᠡ ᠶᠢ ᠰᠣᠨᠣᠰᠴᠠᠢ᠃      ᠶᠤᠸᠠᠢ ᠭᠦᠸᠧ ᠳ᠋ᠦᠩ ᠵᠢᠭᠠᠵᠤ ᠭᠠᠷᠭᠠᠬᠤ ᠳᠠᠭᠠᠨ᠂ ᠭᠦᠸᠧ  ᠰᠧᠨ ᠠᠭᠤᠷᠬᠠᠶ ᠶᠢᠨ ᠦᠢᠯᠡᠰ ᠨᠢ ᠮᠠᠨ ᠤ ᠬᠤᠲᠠ ᠶᠢᠨ ᠭᠤᠣᠯᠳᠠᠯᠭ᠎ᠠ ᠲᠠᠢ ᠠᠵᠤ ᠠᠬᠤᠶᠢᠯᠠᠯ ᠪᠣᠯᠤᠭᠰᠠᠨ ᠤ ᠬᠤᠪᠢ ᠳᠤ᠂ ᠮᠠᠨ ᠤ ᠬᠤᠲᠠ ᠶᠢᠨ ᠠᠵᠤ ᠠᠬᠤᠶ ᠶᠢᠨ ᠬᠥᠭᠵᠢᠯᠲᠡ ᠶᠢ ᠠᠬᠢᠭᠤᠯᠬᠤ ᠲᠠᠯ᠎ᠠ ᠪᠠᠷ ᠴᠢᠬᠤᠯᠠ ᠦᠢᠯᠡᠳᠦᠯ ᠪᠠᠳᠠᠷᠠᠭᠤᠯᠵᠤ ᠪᠠᠶᠢᠨ᠎ᠠ᠂ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠠᠵᠤ ᠠᠬᠤᠶᠢᠯᠠᠯ ᠤᠨ ᠡᠵᠡᠩᠨᠡᠯᠲᠡ ᠪᠠ ᠬᠥᠭᠵᠢᠯᠲᠡ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠭᠦᠸᠧ ᠰᠧᠨ ᠠᠭᠤᠷᠬᠠᠶ ᠶᠢᠨ  ᠦᠢᠯᠡᠰ ᠤᠨ ᠬᠥᠭᠵᠢᠯᠲᠡ ᠶᠢᠨ ᠰᠠᠶᠢᠨ ᠪᠠᠶᠢᠳᠠᠯ ᠢᠶᠠᠨ ᠦᠷᠭᠦᠯᠵᠢᠯᠡᠨ ᠪᠠᠲᠤᠯᠠᠵᠤ᠂ ︽ᠠᠮᠢ ᠠᠬᠤᠶ ᠶᠢ ᠲᠡᠷᠢᠭᠦᠨ ᠳᠤ ᠲᠠᠯᠪᠢᠵᠤ᠂ ᠪᠣᠬᠢᠷᠲᠤᠯ ᠥᠬᠡᠶ ᠬᠥᠭᠵᠢᠭᠦᠯᠬᠦ︾ ᠭᠤᠤᠯ ᠬᠥᠭ ᠠᠶᠠᠰ ᠢ ᠢᠮᠠᠭᠲᠠ ᠪᠠᠷᠢᠮᠲᠠᠯᠠᠨ᠂ ᠪᠣᠬᠢᠷᠲᠤᠯ ᠥᠬᠡᠶ  ᠦᠢᠯᠡᠳᠪᠦᠷᠢ ᠶᠢᠨ ᠪᠥᠲᠥᠭᠡᠨ ᠪᠠᠶᠢᠭᠤᠯᠤᠯᠲᠠ ᠶᠢ ᠦᠷᠭᠦᠯᠵᠢᠯᠡᠨ ᠠᠬᠢᠭᠤᠯᠵᠤ᠂ ᠵᠠᠯᠠᠨ ᠠᠶᠢᠯ ᠬᠤᠲᠠ ᠶᠢᠨ ᠠᠵᠤ ᠠᠬᠤᠶ ᠨᠡᠶᠢᠭᠡᠮ ᠤᠨ ᠬᠥᠭᠵᠢᠯᠲᠡ ᠳᠤ ᠰᠢᠨ᠎ᠡ ᠬᠤᠪᠢ ᠨᠡᠮᠡᠷᠢ ᠦᠵᠡᠭᠦᠯᠬᠦ ᠶᠢ ᠬᠦᠰᠡᠵᠦ ᠪᠠᠶᠢᠨ᠎ᠠ ᠭᠡᠵᠡᠶ᠃     ᠶᠤᠸᠠᠢ ᠭᠦᠸᠧ ᠳ᠋ᠦᠩ ᠴᠢᠬᠤᠯᠠᠴᠢᠯᠠᠭᠰᠠᠨ ᠨᠢ᠂ ᠵᠠᠯᠠᠨ ᠠᠶᠢᠯ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠥᠩᠭᠡᠷᠡᠭᠰᠡᠨ ᠲᠠᠢ ᠪᠠᠨ ᠠᠳᠠᠯᠢ ᠪᠠᠷ ᠠᠵᠤ ᠠᠬᠤᠶᠢᠯᠠᠯ ᠤᠨ ᠬᠥᠭᠵᠢᠯᠲᠡ ᠶᠢ ᠳᠡᠮᠵᠢᠵᠦ᠂ ᠡᠵᠡᠩᠨᠡᠯᠲᠡ ᠶᠢᠨ ᠣᠷᠴᠢᠨ ᠨᠥᠬᠦᠴᠡᠯ ᠢ ᠦᠷᠭᠦᠯᠵᠢᠯᠡᠨ ᠰᠢᠯᠢᠳᠡᠭᠵᠢᠭᠦᠯᠦᠨ᠂  ᠦᠢᠯᠡᠴᠢᠯᠡᠭᠡᠨ ᠤ ᠪᠠᠲᠤᠯᠠᠭ᠎ᠠ ᠶᠢ ᠴᠢᠩᠭᠠᠳᠬᠠᠵᠤ᠂ ᠠᠵᠤ ᠠᠬᠤᠶᠢᠯᠠᠯ ᠤᠨ ᠬᠤᠶᠠᠳᠤᠭᠠᠷ ᠬᠤᠭᠤᠴᠠᠭᠠᠨ ᠤ ᠭᠤᠤᠯᠳᠠᠯᠭ᠎ᠠ ᠲᠠᠢ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠠᠯᠬᠤᠴᠠ ᠶᠢ ᠲᠦᠷᠭᠡᠳᠬᠡᠬᠦ ᠳᠤ ᠬᠦᠴᠦᠨ ᠨᠡᠮᠡᠷᠢᠯᠡᠵᠦ᠂ ᠡᠷᠲᠡᠬᠡᠨ ᠦᠢᠯᠡᠳᠪᠦᠷᠢᠯᠡᠯ ᠳᠤ ᠦᠷ᠎ᠡ ᠪᠦᠲᠦᠮᠵᠢ ᠤᠯᠬᠤ ᠪᠠᠷ ᠴᠢᠷᠮᠠᠶᠢᠨ᠎ᠠ᠃ ᠡᠭᠦᠨ ᠤ ᠬᠠᠮᠲᠤ᠂ ᠠᠵᠤ ᠠᠬᠤᠶᠢᠯᠠᠯ ᠤᠨ ᠬᠢᠨ ᠦᠢᠯᠡᠳᠪᠦᠷᠢᠯᠡᠯ ᠳᠤ ᠰᠠᠭᠤᠷᠢᠯᠠᠨ ᠰᠢᠨ᠎ᠡ ᠶᠢ ᠡᠭᠦᠳᠬᠦ ᠶᠢ ᠠᠳᠬᠤᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠰᠤᠳᠤᠯᠤᠨ ᠨᠡᠭᠡᠭᠡᠬᠦ ᠣᠷᠣᠭᠤᠯᠤᠯᠲᠠ ᠪᠠᠨ ᠨᠡᠮᠡᠭᠳᠡᠭᠦᠯᠵᠦ᠂ ᠰᠢᠨᠵᠢᠯᠡᠬᠦ ᠤᠬᠠᠭᠠᠨ ᠮᠡᠷᠭᠡᠵᠢᠯ ᠤᠨ ᠰᠣᠯᠢᠯᠴᠠᠭ᠎ᠠ ᠬᠠᠮᠲᠤᠷᠠᠯᠴᠠᠭ᠎ᠠ ᠶᠢ ᠠᠬᠢᠭᠤᠯᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠤᠨ ᠬᠤᠪᠢᠷᠠᠭᠤᠯᠤᠯᠲᠠ ᠶᠢ ᠲᠦᠷᠭᠡᠳᠬᠡᠵᠦ᠂ ᠠᠵᠤ ᠦᠢᠯᠡᠰ ᠤᠨ  ᠬᠡᠯᠬᠢᠶ᠎ᠡ ᠶᠢ ᠥᠷᠭᠡᠳᠬᠡᠨ ᠥᠷᠭᠡᠳᠬᠡᠵᠦ᠂ ᠠᠮᠢ ᠠᠬᠤᠢ ᠶᠢᠨ ᠦᠷᠳᠡᠭ ᠪᠣᠯᠤᠨ ᠠᠵᠤ ᠠᠬᠤᠢ ᠶᠢᠨ ᠦᠷ᠎ᠡ ᠠᠰᠢᠭ ᠢᠶᠠᠷ ᠨᠡᠩ ᠰᠠᠶᠢᠨ ᠦᠢᠯᠡᠳᠬᠦᠨ ᠢ ᠡᠭᠦᠳᠴᠦ᠂ ᠵᠠᠯᠠᠨ ᠠᠶᠢᠯ ᠬᠤᠳᠠ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠶᠢ ᠬᠦᠰᠡᠵᠦ ᠪᠠᠶᠢᠨ᠎ᠠ᠃     ᠶᠤᠸᠠᠢ ᠭᠦᠸᠧ ᠳ᠋ᠦᠩ᠂ ᠠᠵᠤ ᠠᠬᠤᠶᠢᠯᠠᠯ ᠤᠨ ᠬᠢᠨ ᠠᠶᠤᠯᠭᠦᠢ ᠦᠢᠯᠡᠳᠪᠦᠷᠢᠯᠡᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠠᠶᠤᠯᠭᠦᠢ ᠦᠢᠯᠡᠳᠪᠦᠷᠢᠯᠡᠯ ᠤᠨ ᠡᠯ᠎ᠡ ᠵᠦᠢᠯ ᠤᠨ ᠲᠦᠷᠢᠮ ᠢ ᠲᠠᠰᠤᠷᠠᠯᠳᠡ ᠦᠭᠡᠢ ᠨᠠᠷᠢᠯᠢᠬᠵᠢᠭᠤᠯᠤᠨ ᠲᠡᠭᠦᠯᠳᠡᠷᠵᠢᠭᠦᠯᠵᠦ᠂ ᠠᠵᠤ ᠠᠬᠤᠶᠢᠯᠠᠯ ᠤᠨ ᠠᠮᠤᠷ ᠲᠦᠪᠰᠢᠨ ᠤ ᠬᠠᠮᠢᠶᠠᠷᠤᠯᠲᠠ ᠶᠢᠨ ᠲᠦᠪᠰᠢᠨ ᠢ ᠳᠡᠭᠡᠭᠰᠢᠯᠡᠭᠦᠯᠵᠦ᠂ ᠬᠡᠮ ᠰᠣᠭᠤᠭ ᠢ ᠪᠠᠶᠢᠴᠠᠭᠠᠵᠤ ᠴᠡᠭᠴᠡᠯᠡᠨ ᠵᠠᠰᠠᠬᠤ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠡᠯ᠎ᠡ ᠲᠦᠷᠦᠯ ᠤᠨ ᠠᠳᠡᠯ ᠤᠨ ᠴᠤᠬᠤᠶᠢᠯᠲᠠ ᠶᠢ ᠴᠤᠬᠤᠶᠢᠵᠤ ᠪᠠᠶᠢᠭ᠎ᠠ ᠪᠠᠶᠢᠳᠠᠯ ᠳᠤᠨᠢ ᠦᠨᠡᠨᠬᠦ ᠬᠤᠷᠢᠭᠯᠠᠵᠤ᠂ ᠡᠯ᠎ᠡ ᠲᠦᠷᠦᠯ ᠤᠨ ᠠᠳᠡᠯ ᠭᠠᠷᠬᠤ ᠶᠢ ᠪᠦᠲᠦᠮᠵᠢᠲᠡᠢ ᠰᠡᠷᠭᠡᠶᠢᠯᠡᠬᠦ ᠪᠠ ᠡᠷᠡᠰ ᠬᠤᠷᠢᠭᠯᠠᠬᠤ ᠬᠡᠷᠡᠭᠲᠡᠢ᠃ ᠬᠤᠷᠢᠭ᠎ᠠ ᠱᠤᠭᠤᠮ ᠤᠨ ᠰᠡᠳᠬᠢᠬᠦᠢ ᠶᠢ ᠢᠮᠠᠭᠲᠠ ᠪᠠᠷᠢᠮᠲᠠᠯᠠᠵᠤ᠂ ᠮᠢᠨᠴᠦᠭᠦᠷᠡᠬᠦ ᠦᠵᠡᠯ ᠰᠠᠨᠠᠭ᠎ᠠ ᠶᠢ ᠬᠤᠷᠢᠭᠯᠠᠵᠤ᠂ ᠪᠠᠶᠢᠩᠭᠤᠵᠢᠭᠰᠠᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠨᠠᠷᠢᠨ ᠨᠢᠮᠪᠠᠢ ᠨᠠᠶᠢᠳᠠᠪᠤᠷᠢᠵᠢᠭᠤᠯᠵᠤ᠂ ᠠᠵᠤ ᠠᠬᠤᠶᠢᠯᠠᠯ ᠤᠨ ᠠᠵᠢᠯᠲᠠᠳ ᠤᠨ ᠡᠷᠡᠭᠦᠯ ᠮᠡᠨᠳᠦ ᠶᠢᠨ ᠬᠢᠨᠠᠨ ᠬᠡᠮᠵᠢᠯᠲᠡ ᠶᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠠᠷᠢᠭᠤᠳᠬᠠᠬᠤ᠂ ᠴᠡᠪᠡᠷᠯᠡᠬᠦ᠂ ᠰᠠᠯᠬᠢ ᠨᠡᠪᠲᠡᠷᠡᠭᠦᠯᠬᠦ ᠵᠡᠷᠭᠡ ᠰᠡᠷᠭᠡᠶᠢᠯᠡᠨ ᠬᠠᠮᠠᠭᠠᠯᠠᠬᠤ ᠠᠵᠢᠯ ᠢ ᠰᠠᠶᠢᠲᠤᠷ ᠬᠢᠵᠦ᠂ ᠪᠦᠬᠦ ᠠᠵᠢᠯᠲᠠᠳ ᠤᠨ ᠪᠡᠶ᠎ᠡ ᠮᠠᠬᠠᠪᠣᠳ ᠤᠨ ᠡᠷᠡᠭᠦᠯ ᠴᠢᠭᠢᠷᠠᠭ᠂ ᠠᠵᠤ ᠠᠬᠤᠶᠢᠯᠠᠯ ᠤᠨ ᠠᠮᠤᠷ ᠲᠦᠪᠰᠢᠨ ᠲᠣᠭᠲᠠᠭᠤᠨ ᠢᠶᠠᠷ ᠠᠵᠢᠯᠯᠠᠬᠤ ᠶᠢ ᠪᠠᠲᠤᠯᠠᠬᠤ ᠬᠡᠷᠡᠭᠲᠡᠢ᠃
 
ᠢᠷᠡᠯᠲᠡ᠄ ᠵᠠᠯᠠᠨ ᠠᠶᠢᠯ ᠬᠤᠲᠠ ᠶᠢᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号