| | ᠣᠶᠢᠷ᠎ᠠ ᠳᠤ᠂ ᠬᠤᠲᠠ ᠶᠢᠨ ᠨᠠᠮ ᠤᠨ ᠬᠤᠷᠢᠶᠠᠨ ᠤ ᠱᠦᠵᠢ ᠶᠤᠸᠠᠢ ᠭᠦᠸᠧ ᠳ᠋ᠦᠩ ᠨᠡᠷ ᠭᠦᠸᠧ ᠰᠧᠨ | ᠠᠭᠤᠷᠬᠠᠶ ᠶᠢᠨ ᠦᠢᠯᠡᠰ ᠲᠤ ᠭᠦᠨᠵᠡᠭᠡᠶᠢᠷᠡᠨ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ᠂ ᠠᠵᠤ | ᠠᠬᠤᠶᠢᠯᠠᠯ ᠤᠨ ᠠᠵᠢᠯᠯᠠᠭᠠᠨ᠂ ᠠᠶᠤᠯᠭᠦᠶ ᠦᠢᠯᠡᠳᠪᠦᠷᠢᠯᠡᠯ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ᠂ | ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠵᠡᠷᠭᠡ ᠲᠠᠯ᠎ᠠ ᠪᠠᠷ ᠲᠤᠬᠠᠶ ᠶᠢᠨ ᠭᠠᠵᠠᠷ ᠲᠤᠨᠢ | ᠪᠠᠶᠢᠴᠠᠭᠠᠨ ᠰᠤᠳᠤᠯᠤᠯᠲᠠ ᠬᠢᠪᠠ᠃ ᠬᠤᠳᠠ ᠶᠢᠨ ᠤᠳᠤᠷᠢᠳᠤᠯᠭ᠎ᠠ ᠸᠠᠩ ᠪᠥᠸᠧ᠂ ᠦ᠋ ᠴᠧᠨ ᠳ᠋ᠦᠩ᠂ ᠮᠧᠩ ᠭᠠᠩ | ᠂ ᠶᠠᠩ ᠵᠢᠢ ᠴᠦᠨ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠠᠮᠲᠤᠪᠠᠷ ᠪᠠᠶᠢᠴᠠᠭᠠᠨ | ᠰᠤᠳᠤᠯᠤᠯᠲᠠ ᠳᠤ ᠣᠷᠣᠯᠴᠠᠪᠠ᠃ | ᠶᠤᠸᠠᠢ ᠭᠦᠸᠧ ᠳ᠋ᠦᠩ ᠨᠡᠷ ᠭᠦᠸᠧ ᠰᠧᠨ ᠠᠭᠤᠷᠬᠠᠢ ᠶᠢᠨ ᠦᠢᠯᠡᠰ ᠤᠨ ᠠᠭᠤᠷᠬᠠᠢ ᠮᠠᠯᠲᠠᠬᠤ ᠣᠷᠣᠨ᠂ | ᠢᠰᠦᠯᠳᠦᠭᠰᠡᠨ ᠠᠭᠤᠷᠬᠠᠢ ᠶᠢᠨ ᠬᠦᠳᠡᠷ ᠰᠣᠩᠭᠤᠬᠤ ᠠᠭᠤᠷᠬᠠᠢ ᠶᠢᠨ ᠣᠷᠣᠨ ᠵᠡᠷᠭᠡ ᠨᠢᠭᠡᠳᠦᠭᠡᠷ ᠹᠷᠣᠨᠲ ᠲᠤ | ᠭᠦᠨᠵᠡᠭᠡᠶᠢᠷᠡᠵᠦ᠂ ᠠᠭᠤᠷᠬᠠᠢ ᠶᠢᠨ ᠪᠦᠲᠦᠭᠡᠨ ᠪᠠᠶᠢᠭᠤᠯᠤᠯᠲᠠ᠂ ᠠᠶᠤᠯᠭᠦᠢ ᠦᠢᠯᠡᠳᠪᠦᠷᠢᠯᠡᠯ᠂ ᠭᠤᠣᠯᠳᠠᠯᠭ᠎ᠠ ᠲᠠᠢ | ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠵᠡᠷᠭᠡ ᠪᠠᠶᠢᠳᠠᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ | ᠦᠵᠡᠭᠰᠡᠨ ᠪᠥᠭᠡᠳ ᠠᠵᠤ ᠠᠬᠤᠶᠢᠯᠠᠯ ᠤᠨ ᠬᠠᠷᠢᠭᠤᠴᠠᠯᠭᠠᠲᠠᠨ ᠤ ᠦᠢᠯᠡᠳᠪᠦᠷᠢᠯᠡᠯ ᠡᠵᠡᠩᠨᠡᠯᠲᠡ᠂ ᠠᠮᠢ ᠠᠬᠤᠢ ᠶᠢᠨ | ᠣᠷᠴᠢᠨ ᠲᠣᠭᠤᠷᠢᠨ ᠤ ᠬᠠᠮᠠᠭᠠᠯᠠᠯᠲᠠ᠂ ᠬᠠᠮᠢᠶᠠᠷᠤᠯᠲᠠ ᠶᠢᠨ ᠲᠣᠭᠲᠠᠴᠠ ᠪᠣᠯᠤᠨ ᠬᠤᠶᠠᠳᠤᠭᠠᠷ ᠬᠤᠭᠤᠴᠠᠭᠠᠨ ᠤ | ᠭᠤᠣᠯᠳᠠᠯᠭ᠎ᠠ ᠲᠠᠢ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠵᠡᠷᠭᠡ ᠠᠵᠢᠯ ᠤᠨ ᠪᠠᠶᠢᠳᠠᠯ ᠤᠨ ᠲᠤᠬᠠᠢ | ᠬᠠᠷᠢᠭᠤ ᠮᠡᠳᠡᠭᠦᠯᠦᠯᠲᠡ ᠶᠢ ᠰᠣᠨᠣᠰᠴᠠᠢ᠃ | | ᠶᠤᠸᠠᠢ ᠭᠦᠸᠧ ᠳ᠋ᠦᠩ ᠵᠢᠭᠠᠵᠤ ᠭᠠᠷᠭᠠᠬᠤ ᠳᠠᠭᠠᠨ᠂ ᠭᠦᠸᠧ ᠰᠧᠨ ᠠᠭᠤᠷᠬᠠᠶ ᠶᠢᠨ ᠦᠢᠯᠡᠰ ᠨᠢ ᠮᠠᠨ ᠤ | ᠬᠤᠲᠠ ᠶᠢᠨ ᠭᠤᠣᠯᠳᠠᠯᠭ᠎ᠠ ᠲᠠᠢ ᠠᠵᠤ ᠠᠬᠤᠶᠢᠯᠠᠯ ᠪᠣᠯᠤᠭᠰᠠᠨ ᠤ ᠬᠤᠪᠢ ᠳᠤ᠂ ᠮᠠᠨ ᠤ ᠬᠤᠲᠠ ᠶᠢᠨ ᠠᠵᠤ | ᠠᠬᠤᠶ ᠶᠢᠨ ᠬᠥᠭᠵᠢᠯᠲᠡ ᠶᠢ ᠠᠬᠢᠭᠤᠯᠬᠤ ᠲᠠᠯ᠎ᠠ ᠪᠠᠷ ᠴᠢᠬᠤᠯᠠ ᠦᠢᠯᠡᠳᠦᠯ ᠪᠠᠳᠠᠷᠠᠭᠤᠯᠵᠤ ᠪᠠᠶᠢᠨ᠎ᠠ᠂ ᠬᠤᠲᠠ ᠶᠢᠨ | ᠨᠠᠮ ᠤᠨ ᠬᠤᠷᠢᠶ᠎ᠠ᠂ ᠵᠠᠰᠠᠭ ᠤᠨ ᠣᠷᠳᠣᠨ ᠠᠵᠤ ᠠᠬᠤᠶᠢᠯᠠᠯ ᠤᠨ ᠡᠵᠡᠩᠨᠡᠯᠲᠡ ᠪᠠ ᠬᠥᠭᠵᠢᠯᠲᠡ ᠶᠢ ᠳᠡᠭᠡᠳᠦ | ᠬᠡᠮᠵᠢᠶ᠎ᠡ ᠪᠠᠷ ᠴᠢᠬᠤᠯᠠᠴᠢᠯᠠᠵᠤ᠂ ᠭᠦᠸᠧ ᠰᠧᠨ ᠠᠭᠤᠷᠬᠠᠶ ᠶᠢᠨ ᠦᠢᠯᠡᠰ ᠤᠨ ᠬᠥᠭᠵᠢᠯᠲᠡ ᠶᠢᠨ ᠰᠠᠶᠢᠨ | ᠪᠠᠶᠢᠳᠠᠯ ᠢᠶᠠᠨ ᠦᠷᠭᠦᠯᠵᠢᠯᠡᠨ ᠪᠠᠲᠤᠯᠠᠵᠤ᠂ ︽ᠠᠮᠢ ᠠᠬᠤᠶ ᠶᠢ ᠲᠡᠷᠢᠭᠦᠨ ᠳᠤ ᠲᠠᠯᠪᠢᠵᠤ᠂ ᠪᠣᠬᠢᠷᠲᠤᠯ ᠥᠬᠡᠶ | ᠬᠥᠭᠵᠢᠭᠦᠯᠬᠦ︾ ᠭᠤᠤᠯ ᠬᠥᠭ ᠠᠶᠠᠰ ᠢ ᠢᠮᠠᠭᠲᠠ ᠪᠠᠷᠢᠮᠲᠠᠯᠠᠨ᠂ ᠪᠣᠬᠢᠷᠲᠤᠯ ᠥᠬᠡᠶ ᠦᠢᠯᠡᠳᠪᠦᠷᠢ ᠶᠢᠨ ᠪᠥᠲᠥᠭᠡᠨ | ᠪᠠᠶᠢᠭᠤᠯᠤᠯᠲᠠ ᠶᠢ ᠦᠷᠭᠦᠯᠵᠢᠯᠡᠨ ᠠᠬᠢᠭᠤᠯᠵᠤ᠂ ᠵᠠᠯᠠᠨ ᠠᠶᠢᠯ ᠬᠤᠲᠠ ᠶᠢᠨ ᠠᠵᠤ ᠠᠬᠤᠶ ᠨᠡᠶᠢᠭᠡᠮ ᠤᠨ | ᠬᠥᠭᠵᠢᠯᠲᠡ ᠳᠤ ᠰᠢᠨ᠎ᠡ ᠬᠤᠪᠢ ᠨᠡᠮᠡᠷᠢ ᠦᠵᠡᠭᠦᠯᠬᠦ ᠶᠢ ᠬᠦᠰᠡᠵᠦ ᠪᠠᠶᠢᠨ᠎ᠠ ᠭᠡᠵᠡᠶ᠃ | | ᠶᠤᠸᠠᠢ ᠭᠦᠸᠧ ᠳ᠋ᠦᠩ ᠴᠢᠬᠤᠯᠠᠴᠢᠯᠠᠭᠰᠠᠨ ᠨᠢ᠂ ᠵᠠᠯᠠᠨ ᠠᠶᠢᠯ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ | ᠣᠷᠳᠣᠨ ᠥᠩᠭᠡᠷᠡᠭᠰᠡᠨ ᠲᠠᠢ ᠪᠠᠨ ᠠᠳᠠᠯᠢ ᠪᠠᠷ ᠠᠵᠤ ᠠᠬᠤᠶᠢᠯᠠᠯ ᠤᠨ ᠬᠥᠭᠵᠢᠯᠲᠡ ᠶᠢ ᠳᠡᠮᠵᠢᠵᠦ᠂ ᠡᠵᠡᠩᠨᠡᠯᠲᠡ ᠶᠢᠨ | ᠣᠷᠴᠢᠨ ᠨᠥᠬᠦᠴᠡᠯ ᠢ ᠦᠷᠭᠦᠯᠵᠢᠯᠡᠨ ᠰᠢᠯᠢᠳᠡᠭᠵᠢᠭᠦᠯᠦᠨ᠂ ᠦᠢᠯᠡᠴᠢᠯᠡᠭᠡᠨ ᠤ ᠪᠠᠲᠤᠯᠠᠭ᠎ᠠ ᠶᠢ ᠴᠢᠩᠭᠠᠳᠬᠠᠵᠤ᠂ | ᠠᠵᠤ ᠠᠬᠤᠶᠢᠯᠠᠯ ᠤᠨ ᠬᠤᠶᠠᠳᠤᠭᠠᠷ ᠬᠤᠭᠤᠴᠠᠭᠠᠨ ᠤ ᠭᠤᠤᠯᠳᠠᠯᠭ᠎ᠠ ᠲᠠᠢ ᠲᠥᠷᠥᠯ ᠵᠦᠢᠯ ᠤᠨ ᠪᠥᠲᠥᠭᠡᠨ | ᠪᠠᠶᠢᠭᠤᠯᠤᠯᠲᠠ ᠶᠢᠨ ᠠᠯᠬᠤᠴᠠ ᠶᠢ ᠲᠦᠷᠭᠡᠳᠬᠡᠬᠦ ᠳᠤ ᠬᠦᠴᠦᠨ ᠨᠡᠮᠡᠷᠢᠯᠡᠵᠦ᠂ ᠡᠷᠲᠡᠬᠡᠨ ᠦᠢᠯᠡᠳᠪᠦᠷᠢᠯᠡᠯ ᠳᠤ ᠦᠷ᠎ᠡ | ᠪᠦᠲᠦᠮᠵᠢ ᠤᠯᠬᠤ ᠪᠠᠷ ᠴᠢᠷᠮᠠᠶᠢᠨ᠎ᠠ᠃ ᠡᠭᠦᠨ ᠤ ᠬᠠᠮᠲᠤ᠂ ᠠᠵᠤ ᠠᠬᠤᠶᠢᠯᠠᠯ ᠤᠨ ᠬᠢᠨ ᠦᠢᠯᠡᠳᠪᠦᠷᠢᠯᠡᠯ ᠳᠤ | ᠰᠠᠭᠤᠷᠢᠯᠠᠨ ᠰᠢᠨ᠎ᠡ ᠶᠢ ᠡᠭᠦᠳᠬᠦ ᠶᠢ ᠠᠳᠬᠤᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠰᠤᠳᠤᠯᠤᠨ ᠨᠡᠭᠡᠭᠡᠬᠦ | ᠣᠷᠣᠭᠤᠯᠤᠯᠲᠠ ᠪᠠᠨ ᠨᠡᠮᠡᠭᠳᠡᠭᠦᠯᠵᠦ᠂ ᠰᠢᠨᠵᠢᠯᠡᠬᠦ ᠤᠬᠠᠭᠠᠨ ᠮᠡᠷᠭᠡᠵᠢᠯ ᠤᠨ ᠰᠣᠯᠢᠯᠴᠠᠭ᠎ᠠ ᠬᠠᠮᠲᠤᠷᠠᠯᠴᠠᠭ᠎ᠠ ᠶᠢ | ᠠᠬᠢᠭᠤᠯᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠤᠨ ᠬᠤᠪᠢᠷᠠᠭᠤᠯᠤᠯᠲᠠ ᠶᠢ ᠲᠦᠷᠭᠡᠳᠬᠡᠵᠦ᠂ | ᠠᠵᠤ ᠦᠢᠯᠡᠰ ᠤᠨ ᠬᠡᠯᠬᠢᠶ᠎ᠡ ᠶᠢ ᠥᠷᠭᠡᠳᠬᠡᠨ ᠥᠷᠭᠡᠳᠬᠡᠵᠦ᠂ ᠠᠮᠢ ᠠᠬᠤᠢ ᠶᠢᠨ ᠦᠷᠳᠡᠭ ᠪᠣᠯᠤᠨ ᠠᠵᠤ | ᠠᠬᠤᠢ ᠶᠢᠨ ᠦᠷ᠎ᠡ ᠠᠰᠢᠭ ᠢᠶᠠᠷ ᠨᠡᠩ ᠰᠠᠶᠢᠨ ᠦᠢᠯᠡᠳᠬᠦᠨ ᠢ ᠡᠭᠦᠳᠴᠦ᠂ ᠵᠠᠯᠠᠨ ᠠᠶᠢᠯ ᠬᠤᠳᠠ ᠶᠢᠨ ᠴᠢᠨᠠᠷ | ᠰᠠᠶᠢᠲᠠᠢ ᠬᠥᠭᠵᠢᠯᠲᠡ ᠶᠢ ᠠᠬᠢᠭᠤᠯᠬᠤ ᠶᠢ ᠬᠦᠰᠡᠵᠦ ᠪᠠᠶᠢᠨ᠎ᠠ᠃ | | ᠶᠤᠸᠠᠢ ᠭᠦᠸᠧ ᠳ᠋ᠦᠩ᠂ ᠠᠵᠤ ᠠᠬᠤᠶᠢᠯᠠᠯ ᠤᠨ ᠬᠢᠨ ᠠᠶᠤᠯᠭᠦᠢ ᠦᠢᠯᠡᠳᠪᠦᠷᠢᠯᠡᠯ ᠤᠨ ᠭᠤᠣᠯ ᠴᠣᠭᠴᠠ ᠶᠢᠨ | ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠠᠶᠤᠯᠭᠦᠢ ᠦᠢᠯᠡᠳᠪᠦᠷᠢᠯᠡᠯ ᠤᠨ ᠡᠯ᠎ᠡ ᠵᠦᠢᠯ ᠤᠨ ᠲᠦᠷᠢᠮ ᠢ | ᠲᠠᠰᠤᠷᠠᠯᠳᠡ ᠦᠭᠡᠢ ᠨᠠᠷᠢᠯᠢᠬᠵᠢᠭᠤᠯᠤᠨ ᠲᠡᠭᠦᠯᠳᠡᠷᠵᠢᠭᠦᠯᠵᠦ᠂ ᠠᠵᠤ ᠠᠬᠤᠶᠢᠯᠠᠯ ᠤᠨ ᠠᠮᠤᠷ ᠲᠦᠪᠰᠢᠨ ᠤ | ᠬᠠᠮᠢᠶᠠᠷᠤᠯᠲᠠ ᠶᠢᠨ ᠲᠦᠪᠰᠢᠨ ᠢ ᠳᠡᠭᠡᠭᠰᠢᠯᠡᠭᠦᠯᠵᠦ᠂ ᠬᠡᠮ ᠰᠣᠭᠤᠭ ᠢ ᠪᠠᠶᠢᠴᠠᠭᠠᠵᠤ ᠴᠡᠭᠴᠡᠯᠡᠨ ᠵᠠᠰᠠᠬᠤ | ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠡᠯ᠎ᠡ ᠲᠦᠷᠦᠯ ᠤᠨ ᠠᠳᠡᠯ ᠤᠨ ᠴᠤᠬᠤᠶᠢᠯᠲᠠ ᠶᠢ ᠴᠤᠬᠤᠶᠢᠵᠤ | ᠪᠠᠶᠢᠭ᠎ᠠ ᠪᠠᠶᠢᠳᠠᠯ ᠳᠤᠨᠢ ᠦᠨᠡᠨᠬᠦ ᠬᠤᠷᠢᠭᠯᠠᠵᠤ᠂ ᠡᠯ᠎ᠡ ᠲᠦᠷᠦᠯ ᠤᠨ ᠠᠳᠡᠯ ᠭᠠᠷᠬᠤ ᠶᠢ ᠪᠦᠲᠦᠮᠵᠢᠲᠡᠢ ᠰᠡᠷᠭᠡᠶᠢᠯᠡᠬᠦ | ᠪᠠ ᠡᠷᠡᠰ ᠬᠤᠷᠢᠭᠯᠠᠬᠤ ᠬᠡᠷᠡᠭᠲᠡᠢ᠃ ᠬᠤᠷᠢᠭ᠎ᠠ ᠱᠤᠭᠤᠮ ᠤᠨ ᠰᠡᠳᠬᠢᠬᠦᠢ ᠶᠢ ᠢᠮᠠᠭᠲᠠ ᠪᠠᠷᠢᠮᠲᠠᠯᠠᠵᠤ᠂ ᠮᠢᠨᠴᠦᠭᠦᠷᠡᠬᠦ | ᠦᠵᠡᠯ ᠰᠠᠨᠠᠭ᠎ᠠ ᠶᠢ ᠬᠤᠷᠢᠭᠯᠠᠵᠤ᠂ ᠪᠠᠶᠢᠩᠭᠤᠵᠢᠭᠰᠠᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠷᠭ᠎ᠠ | ᠬᠡᠮᠵᠢᠶ᠎ᠡ ᠶᠢ ᠨᠠᠷᠢᠨ ᠨᠢᠮᠪᠠᠢ ᠨᠠᠶᠢᠳᠠᠪᠤᠷᠢᠵᠢᠭᠤᠯᠵᠤ᠂ ᠠᠵᠤ ᠠᠬᠤᠶᠢᠯᠠᠯ ᠤᠨ ᠠᠵᠢᠯᠲᠠᠳ ᠤᠨ ᠡᠷᠡᠭᠦᠯ ᠮᠡᠨᠳᠦ ᠶᠢᠨ | ᠬᠢᠨᠠᠨ ᠬᠡᠮᠵᠢᠯᠲᠡ ᠶᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠠᠷᠢᠭᠤᠳᠬᠠᠬᠤ᠂ ᠴᠡᠪᠡᠷᠯᠡᠬᠦ᠂ ᠰᠠᠯᠬᠢ ᠨᠡᠪᠲᠡᠷᠡᠭᠦᠯᠬᠦ | ᠵᠡᠷᠭᠡ ᠰᠡᠷᠭᠡᠶᠢᠯᠡᠨ ᠬᠠᠮᠠᠭᠠᠯᠠᠬᠤ ᠠᠵᠢᠯ ᠢ ᠰᠠᠶᠢᠲᠤᠷ ᠬᠢᠵᠦ᠂ ᠪᠦᠬᠦ ᠠᠵᠢᠯᠲᠠᠳ ᠤᠨ ᠪᠡᠶ᠎ᠡ ᠮᠠᠬᠠᠪᠣᠳ ᠤᠨ ᠡᠷᠡᠭᠦᠯ | ᠴᠢᠭᠢᠷᠠᠭ᠂ ᠠᠵᠤ ᠠᠬᠤᠶᠢᠯᠠᠯ ᠤᠨ ᠠᠮᠤᠷ ᠲᠦᠪᠰᠢᠨ ᠲᠣᠭᠲᠠᠭᠤᠨ ᠢᠶᠠᠷ ᠠᠵᠢᠯᠯᠠᠬᠤ ᠶᠢ ᠪᠠᠲᠤᠯᠠᠬᠤ ᠬᠡᠷᠡᠭᠲᠡᠢ᠃ |