ᠬᠤᠲᠠ  ᠶᠢᠨ ᠠᠵᠤ  ᠦᠢᠯᠡᠳᠪᠦᠷᠢ ᠮᠡᠳᠡᠭᠡ ᠵᠠᠩᠭᠢᠵᠢᠯᠲᠠ  ᠶᠢᠨ ᠲᠣᠪᠴᠢᠶ᠎ᠠ᠄ ᠠᠷᠭ᠎ᠠ ᠬᠡᠮᠵᠢᠶ᠎ᠡ  ᠪᠠᠨ ᠴᠢᠩᠭᠠᠳᠬᠠᠵᠤ ᠭᠤᠤᠯᠳᠠᠯᠭ᠎ᠠ ᠲᠠᠢ ᠠᠵᠤ ᠦᠢᠯᠡᠳᠪᠦᠷᠢ ᠶᠢᠨ ᠲᠥᠷᠥᠯ  ᠵᠦᠢᠯ  ᠤᠨ ᠪᠥᠲᠥᠭᠡᠨ  ᠪᠠᠶᠢᠭᠤᠯᠤᠯᠲᠠ  ᠶᠢ  ᠪᠦᠬᠦ  ᠬᠦᠴᠦᠨ ᠢᠶᠠᠷ  ᠢᠶᠠᠨ  ᠲᠦᠯᠬᠢᠨ  ᠠᠬᠢᠭᠤᠯᠤᠨ᠎ᠠ
ᠨᠡᠶᠢᠲᠡᠯᠡᠭᠰᠡᠨ ᠴᠠᠭ᠄
2021/8/19
      ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠭᠤᠤᠯᠳᠠᠯᠭ᠎ᠠ ᠲᠠᠢ ᠲᠥᠷᠥᠯ ᠵᠤᠶᠢᠯ ᠤᠨ ᠪᠥᠲᠥᠭᠡᠨ ᠪᠠᠶᠢᠭᠤᠯᠤᠯᠲᠠ ᠶᠢ ᠬᠦᠴᠦᠯᠡᠨ ᠠᠬᠢᠭᠤᠯᠵᠤ᠂ ᠰᠢᠨ᠎ᠡ ᠰᠢᠪᠲᠤᠯᠤᠯᠲᠠ ᠰᠢᠨ᠎ᠡ ᠳᠠᠪᠠᠯᠲᠠ ᠶᠢ ᠪᠡᠶᠡᠯᠡᠭᠦᠯᠬᠦ ᠠᠵᠢᠯ  ᠤᠨ ᠪᠠᠶᠢᠷᠢᠯᠠᠭᠤᠯᠤᠯᠲᠠ ᠶᠢ ᠪᠥᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ ᠬᠤᠲᠠ ᠶᠢᠨ ᠠᠵᠤ ᠦᠢᠯᠡᠳᠪᠦᠷᠢ  ᠮᠡᠳᠡᠭᠡ ᠵᠠᠩᠭᠢᠵᠢᠯᠲᠠ  ᠶᠢᠨ ᠲᠣᠪᠴᠢᠶ᠎ᠠ ᠲᠣᠰ ᠪᠡᠶ᠎ᠡ ᠶᠢᠨ ᠡᠭᠦᠷᠭᠡ ᠴᠢᠳᠠᠪᠤᠷᠢ  ᠳᠠᠭᠠᠨ ᠰᠠᠭᠤᠷᠢᠯᠠᠨ᠂ ᠲᠣᠬᠢᠷᠠᠭᠤᠯᠤᠯᠲᠠ ᠶᠢ ᠴᠢᠬᠤᠯᠠᠴᠢᠯᠠᠵᠤ᠂  ᠤᠶᠢᠯᠡᠴᠢᠯᠡᠭᠡ ᠶᠢ ᠴᠢᠩᠭᠠᠳᠬᠠᠨ᠂ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠨᠠᠶᠢᠳᠠᠪᠤᠷᠢᠵᠢᠭᠤᠯᠤᠯᠲᠠ ᠶᠢ  ᠠᠳᠬᠤᠵᠤ᠂ ᠭᠤᠤᠯ ᠬᠠᠷᠢᠭᠤᠴᠠᠯᠭᠠᠲᠠᠨ ᠣᠯᠠᠨ ᠤᠳᠠᠭ᠎ᠠ ᠪᠦᠯᠬᠦᠮ ᠳᠠᠭᠠᠭᠤᠯᠤᠨ ᠹᠦᠹᠤᠩ ᠺᠣᠮᠫᠠᠨᠢ ᠳᠤ ᠬᠦᠷᠴᠦ ᠲᠤᠬᠠᠶ ᠶᠢᠨ ᠲᠠᠯᠠᠪᠤᠷ ᠲᠤ ᠠᠵᠢᠯᠯᠠᠨ᠂ ᠭᠤᠷᠪᠠᠨ ᠵᠤᠶᠢᠯ  ᠤᠨ ᠠᠷᠭ᠎ᠠ ᠬᠡᠮᠵᠢᠶ᠎ᠡ ᠪᠠᠷ ᠳᠠᠮᠵᠢᠭᠤᠯᠤᠨ ᠹᠦᠹᠤᠩ ᠺᠣᠮᠫᠠᠨᠢ ᠶᠢᠨ ᠭᠤᠷᠪᠠᠳᠤᠭᠠᠷ ᠬᠤᠭᠤᠴᠠᠭᠠᠨ  ᠤ ᠲᠥᠷᠥᠯ  ᠵᠤᠶᠢᠯ  ᠤᠨ ᠪᠥᠲᠥᠭᠡᠨ ᠪᠠᠶᠢᠭᠤᠯᠤᠯᠲᠠ ᠶᠢ ᠪᠥᠬᠦ ᠬᠦᠴᠦᠨ ᠢᠶᠠᠷ ᠢᠶᠠᠨ ᠳᠥᠯᠭᠢᠨ ᠠᠬᠢᠭᠤᠯᠪᠠ᠃       ᠨᠢᠭᠡ  ᠳᠤ ᠲᠣᠬᠢᠷᠠᠭᠤᠯᠤᠯᠲᠠ  ᠶᠢ ᠴᠢᠩᠭᠠᠳᠬᠠᠨ᠎ᠠ᠃ ᠠᠵᠤ  ᠤᠶᠢᠯᠡᠳᠪᠤᠷᠢ  ᠶᠢᠨ ᠲᠥᠷᠥᠯ  ᠵᠤᠶᠢᠯ  ᠤᠨ ᠳᠣᠭᠢᠷᠠᠭᠤᠯᠬᠤ  ᠲᠣᠭᠲᠠᠴᠠ ᠶᠢ ᠴᠠᠭ  ᠲᠤᠨᠢ ᠳᠣᠭᠢᠷᠠᠭᠤᠯᠤᠨ᠂ ᠲᠣᠪᠴᠢᠶᠠᠨ ᠳᠠᠷᠤᠭ᠎ᠠ  ᠪᠠᠷ ᠳᠤᠭᠤᠶᠢᠯᠠᠩ ᠤᠨ ᠳᠠᠷᠤᠭ᠎ᠠ ᠪᠣᠯᠭᠠᠭᠰᠠᠨ ᠠᠵᠢᠯ  ᠤᠨ ᠲᠤᠰᠬᠠᠶ ᠠᠩᠭᠢ ᠶᠢ ᠵᠣᠬᠢᠶᠠᠨ ᠪᠠᠶᠢᠭᠤᠯᠵᠤ᠂ ᠴᠡᠭ  ᠠᠴᠠ ᠴᠡᠭ  ᠲᠤ  ᠲᠠᠭᠠᠷᠠᠭᠤᠯᠤᠨ᠂ ᠨᠢᠭᠡ ᠨᠢᠭᠡ ᠪᠠᠷ ᠣᠨᠣᠴᠠᠲᠠᠶ ᠪᠠᠷ ᠵᠣᠯᠭᠠᠭᠤᠯᠵᠤ᠂ ᠲᠥᠷᠥᠯ  ᠵᠤᠶᠢᠯ ᠢ ᠳᠥᠯᠭᠢᠨ ᠠᠬᠢᠭᠤᠯᠬᠤ ᠶᠠᠪᠤᠴᠠ ᠳᠤ ᠲᠤᠯᠭᠠᠷᠠᠭᠰᠠᠨ ᠬᠦᠴᠢᠷᠳᠡᠯ ᠪᠠ ᠠᠰᠠᠭᠤᠳᠠᠯ ᠢ ᠴᠠᠭ ᠲᠤᠬᠠᠶ ᠳᠤᠨᠢ ᠣᠨᠣᠪᠴᠢᠲᠠᠶ ᠡᠵᠡᠮᠳᠡᠨ᠎ᠡ᠃       ᠬᠤᠶᠠᠷ  ᠲᠤ  ᠰᠤᠳᠤᠯᠤᠨ  ᠮᠠᠭᠠᠳᠯᠠᠬᠤ  ᠶᠢ  ᠴᠢᠩᠭᠠᠳᠬᠠᠨ᠎ᠠ᠃ ᠲᠥᠷᠥᠯ ᠵᠤᠶᠢᠯ  ᠤᠨ ᠮᠥᠷᠳᠡᠯᠲᠡ ᠶᠢ ᠤᠯᠠᠮ ᠨᠢᠭᠡ ᠠᠯᠬᠤᠮ ᠴᠢᠩᠭᠠᠷᠠᠭᠤᠯᠬᠤ  ᠪᠠᠷ ᠳᠠᠮᠵᠢᠭᠤᠯᠤᠨ᠂ ︽ᠬᠦᠴᠢᠷ ᠠᠰᠠᠭᠤᠳᠠᠯ︾ ᠢ ᠡᠷᠢᠬᠦ᠂ ︽ᠲᠦᠭᠵᠢᠷᠡᠯ ᠢ ᠠᠷᠢᠯᠭᠠᠬᠤ︾᠂ ︽ᠭᠤᠤᠯᠳᠠᠯᠭ᠎ᠠ︾ ᠶᠢ ᠠᠳᠬᠤᠬᠤ ᠪᠠᠷ ᠳᠠᠮᠵᠢᠭᠤᠯᠤᠨ᠂ ᠲᠥᠷᠥᠯ  ᠵᠤᠶᠢᠯ ᠢ ᠳᠥᠯᠭᠢᠨ ᠠᠬᠢᠭᠤᠯᠬᠤ ᠡᠯ᠎ᠡ ᠭᠤᠭᠴᠤᠭ᠎ᠠ᠂ ᠪᠥᠬᠦ ᠶᠠᠪᠤᠴᠠ ᠠᠴᠠ ᠦᠨᠡᠨᠬᠦ ᠭᠠᠷᠳᠠᠵᠤ᠂ ᠣᠳᠣᠬᠠᠨ ᠤ ᠪᠠ ᠬᠤᠶᠢᠰᠢᠳᠠ ᠶᠢᠨ ᠲᠥᠷᠥᠯ  ᠵᠤᠶᠢᠯ ᠢ ᠳᠥᠯᠭᠢᠨ ᠠᠬᠢᠭᠤᠯᠬᠤ  ᠳᠤ ᠬᠦᠴᠦᠲᠡᠶ  ᠭᠠᠷᠳᠠᠴᠠ  ᠬᠠᠩᠭᠠᠬᠤ  ᠬᠡᠷᠡᠭᠲᠡᠶ᠃       ᠭᠤᠷᠪᠠ ᠳᠤ   ᠤᠶᠢᠯᠡᠴᠢᠯᠡᠭᠡ ᠶᠢ ᠴᠢᠩᠭᠠᠳᠬᠠᠨ᠎ᠠ᠃ ᠲᠥᠷᠥᠯ  ᠵᠤᠶᠢᠯ  ᠢ ᠠᠬᠢᠭᠤᠯᠬᠤ ᠶᠠᠪᠤᠴᠠ  ᠳᠤ ᠣᠷᠣᠰᠢᠵᠤ ᠪᠠᠶᠢᠭ᠎ᠠ ᠠᠰᠠᠭᠤᠳᠠᠯ ᠲᠠᠢ ᠤᠶᠠᠯᠳᠤᠭᠤᠯᠤᠨ᠂ ᠠᠰᠠᠭᠤᠳᠠᠯ  ᠤᠨ ᠨᠠᠷᠢᠨ ᠲᠠᠩᠰᠠ ᠶᠢ ᠨᠠᠶᠢᠷᠠᠭᠤᠯᠤᠨ ᠵᠣᠬᠢᠶᠠᠵᠤ᠂ ᠠᠵᠢᠯ ᠤᠨ ᠡᠬᠡ ᠲᠠᠩᠰᠠ ᠪᠠᠶᠢᠭᠤᠯᠤᠨ᠂ ᠠᠵᠤ ᠠᠬᠤᠶᠢᠯᠠᠯ ᠢ ᠬᠠᠪᠰᠤᠷᠤᠨ ᠲᠥᠷᠥᠯ  ᠵᠤᠶᠢᠯ ᠤᠨ ᠠᠵᠢᠯ ᠡᠬᠢᠯᠡᠭᠦᠯᠬᠦ ᠶᠢᠨ ᠡᠮᠦᠨᠡᠬᠢ ᠬᠤᠭᠤᠴᠠᠭᠠᠨ ᠤ ᠡᠯ᠎ᠡ  ᠵᠤᠶᠢᠯ  ᠤᠨ ᠭᠠᠷᠳᠠᠮ ᠢ ᠵᠣᠬᠢᠶᠠᠨ ᠪᠠᠶᠢᠭᠤᠯᠬᠤ ᠠᠵᠢᠯ ᠢ ᠪᠡᠶᠡᠯᠡᠭᠦᠯᠵᠦ᠂ ᠡᠷᠲᠡᠬᠡᠨ ᠠᠵᠢᠯ ᠡᠬᠢᠯᠡᠭᠦᠯᠬᠦ  ᠪᠠᠷ ᠴᠢᠷᠮᠠᠶᠢᠵᠤ᠂ ᠮᠠᠨ  ᠤ ᠬᠤᠲᠠ  ᠶᠢᠨ ᠠᠵᠤ  ᠤᠶᠢᠯᠡᠳᠪᠤᠷᠢ ᠶᠢᠨ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠳᠤ ᠦᠷᠭᠦᠯᠵᠢᠯᠡᠨ ᠰᠢᠨ᠎ᠡ ᠬᠥᠳᠡᠯᠭᠡᠬᠦ ᠬᠦᠴᠦᠨ ᠨᠡᠮᠡᠷᠢᠯᠡᠨ᠎ᠡ᠃
 
ᠢᠷᠡᠯᠲᠡ᠄ ᠵᠠᠯᠠᠨ ᠠᠶᠢᠯ ᠬᠤᠲᠠ ᠶᠢᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号