| | | 8 ᠰᠠᠷ᠎ᠠ ᠶᠢᠨ 17 ᠤ ᠡᠳᠦᠷ᠂ ᠬᠤᠲᠠ ᠶᠢᠨ ᠵᠠᠰᠠᠭ ᠤᠨ ᠣᠷᠳᠣᠨ ᠤ ᠣᠷᠣᠯᠠᠭᠴᠢ ᠬᠤᠲᠠ ᠶᠢᠨ | ᠳᠠᠷᠤᠭ᠎ᠠ ᠸᠠᠩ ᠪᠥᠸᠧ ᠤᠯᠠᠭᠠᠨᠮᠥ᠋ᠴᠢᠷ ᠤᠨ ᠣᠷᠳᠣᠨ᠂ ᠵᠠᠯᠠᠨ ᠠᠶᠢᠯ ᠠᠴᠠ ᠠᠷᠤᠨ ᠬᠤᠰᠢᠭᠤ ᠬᠥᠷᠬᠦ ᠲᠦᠷᠭᠡᠨ | ᠬᠤᠷᠳᠤᠴᠠᠲᠤ ᠵᠠᠰᠠᠮᠠᠯ ᠵᠠᠮ ᠤᠨ ᠨᠥᠬᠦᠪᠥᠷᠢ ᠢᠨᠵᠧᠨᠧᠷᠢᠩ᠂ ᠮᠧᠩ ᠳ᠋ᠦᠩ ᠤᠨ ᠮᠠᠯ ᠠᠷᠠᠯᠵᠢᠶᠠᠨ ᠤ ᠵᠠᠬ᠎ᠠ | ᠳᠡᠯᠭᠡᠭᠦᠷ ᠵᠡᠷᠭᠡ ᠲᠥᠷᠥᠯ ᠵᠤᠶᠢᠯ ᠤᠨ ᠪᠠᠷᠢᠯᠭ᠎ᠠ ᠶᠢᠨ ᠲᠤᠬᠠᠶ ᠶᠢᠨ ᠲᠠᠯᠠᠪᠤᠷ ᠲᠤ ᠭᠦᠨᠵᠡᠭᠡᠶᠢᠷᠡᠨ᠂ | ᠭᠤᠤᠯᠳᠠᠯᠭ᠎ᠠ ᠲᠠᠢ ᠲᠥᠷᠥᠯ ᠵᠤᠶᠢᠯ ᠤᠨ ᠪᠥᠲᠥᠭᠡᠨ ᠪᠠᠶᠢᠭᠤᠯᠤᠯᠲᠠ ᠶᠢᠨ ᠠᠵᠢᠯ ᠢ ᠪᠠᠶᠢᠴᠠᠭᠠᠨ ᠰᠤᠳᠤᠯᠵᠤ ᠬᠢᠨᠠᠨ | ᠵᠢᠯᠣᠭᠤᠳᠴᠤ᠂ ᠪᠥᠬᠦ ᠬᠦᠴᠦᠨ ᠢᠶᠠᠷ ᠢᠶᠠᠨ ᠲᠥᠷᠥᠯ ᠵᠤᠶᠢᠯ ᠢ ᠠᠳᠬᠤᠵᠤ᠂ ᠪᠠᠯᠠ ᠣᠷᠣᠭᠤᠯᠤᠯᠲᠠ ᠶᠢ ᠠᠳᠬᠤᠵᠤ | ᠂ ᠪᠥᠲᠥᠭᠡᠨ ᠪᠠᠶᠢᠭᠤᠯᠤᠯᠲᠠ ᠶᠢ ᠠᠳᠬᠤᠵᠤ᠂ ᠠᠵᠤ ᠤᠶᠢᠯᠡᠰ ᠢ ᠠᠳᠬᠤᠵᠤ᠂ ᠠᠵᠤ ᠠᠬᠤᠶ ᠨᠡᠶᠢᠭᠡᠮ ᠤᠨ ᠴᠢᠨᠠᠷ | ᠰᠠᠶᠢᠲᠠᠶ ᠬᠥᠭᠵᠢᠯᠲᠡ ᠶᠢ ᠠᠬᠢᠭᠤᠯᠬᠤ ᠳᠤ ᠰᠢᠨ᠎ᠡ ᠬᠥᠳᠡᠯᠭᠡᠭᠴᠢ ᠡᠨᠧᠷᠭᠢ ᠶᠢᠨ ᠲᠤᠯᠭᠠᠭᠤᠷᠢᠯᠠᠯ ᠬᠠᠩᠭᠠᠬᠤ ᠬᠡᠷᠡᠭᠲᠡᠶ | ᠭᠡᠵᠦ ᠴᠢᠬᠤᠯᠠᠴᠢᠯᠠᠪᠠ᠃ ᠬᠤᠳᠠ ᠶᠢᠨ ᠵᠠᠰᠠᠭ ᠤᠨ ᠣᠷᠳᠣᠨ ᠤ ᠳᠡᠳ᠋ ᠬᠤᠳᠠ ᠶᠢᠨ ᠳᠠᠷᠤᠭ᠎ᠠ ᠶᠢᠨ ᠨᠡᠷ᠎ᠡ | ᠳᠤᠷᠠᠳᠤᠭᠳᠠᠭᠰᠠᠨ ᠵᠢᠱᠢᠭᠳᠡᠭᠴᠢ ᠮᠧᠩ ᠭᠠᠩ᠂ ᠯᠦ ᠶᠠ ᠭᠤᠸᠠᠩ ᠵᠢᠴᠢ ᠵᠠᠰᠠᠭ ᠤᠨ ᠣᠷᠳᠣᠨ ᠤ ᠠᠯᠪᠠᠨ ᠭᠡᠷ᠂ | ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠵᠡᠷᠭᠡ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ | ᠪᠠᠶᠢᠴᠠᠭᠠᠨ ᠰᠤᠳᠤᠯᠤᠯᠲᠠ ᠳᠤ ᠣᠷᠣᠯᠴᠠᠪᠠ᠃ | | ᠤᠯᠠᠭᠠᠨᠮᠥ᠋ᠴᠢᠷ ᠤᠨ ᠣᠷᠳᠣᠨ᠂ ᠵᠠᠯᠠᠨ ᠠᠶᠢᠯ ᠠᠴᠠ ᠠᠷᠤᠨ ᠬᠤᠰᠢᠭᠤ ᠬᠦᠷᠬᠦ ᠲᠦᠷᠭᠡᠨ ᠬᠤᠷᠳᠤᠴᠠᠲᠤ | ᠵᠠᠮ ᠤᠨ ᠨᠥᠬᠦᠪᠥᠷᠢ ᠢᠨᠵᠧᠨᠧᠷᠢᠩ ᠶᠢᠨ ᠠᠵᠢᠯ ᠤᠨ ᠲᠤᠬᠠᠢ ᠶᠢᠨ ᠲᠠᠯᠠᠪᠠᠢ ᠳᠤ᠂ ᠸᠠᠩ ᠪᠥᠸᠧ ᠨᠢᠭᠡ ᠪᠦᠯᠦᠭ | ᠲᠦᠷᠦᠯ ᠵᠦᠢᠯ ᠤᠨ ᠲᠥᠯᠥᠪᠵᠢᠭᠦᠯᠭᠡ ᠶᠢᠨ ᠵᠢᠷᠤᠭ ᠲᠥᠯᠥᠪᠯᠡᠭᠡ᠂ ᠪᠠᠷᠢᠯᠭ᠎ᠠ ᠶᠢᠨ ᠠᠬᠢᠴᠠ ᠵᠢᠴᠢ ᠪᠠᠷᠢᠯᠭ᠎ᠠ ᠶᠢᠨ | ᠶᠠᠪᠤᠴᠠ ᠳᠤ ᠣᠷᠣᠰᠢᠵᠤ ᠪᠠᠶᠢᠭ᠎ᠠ ᠬᠦᠴᠢᠷᠳᠡᠯ ᠪᠣᠯᠤᠨ ᠠᠰᠠᠭᠤᠳᠠᠯ ᠢ ᠨᠠᠷᠢᠨ ᠣᠶᠢᠯᠠᠭᠠᠪᠠ᠃ ᠸᠠᠩ ᠪᠥᠸᠧ | ᠴᠢᠬᠤᠴᠢᠯᠠᠭᠰᠠᠨ ᠨᠢ᠂ ᠡᠯ᠎ᠡ ᠲᠦᠷᠦᠯ ᠵᠦᠢᠯ ᠤᠨ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠪᠣᠯᠤᠨ ᠪᠠᠷᠢᠯᠭ᠎ᠠ ᠶᠢᠨ | ᠨᠢᠭᠡᠴᠡ ᠶᠢᠨ ᠬᠢᠨ ᠨᠢᠭᠡᠳᠦᠯᠲᠡᠢ ᠲᠥᠯᠥᠪᠵᠢᠭᠦᠯᠬᠦ ᠶᠢ ᠰᠠᠶᠢᠲᠤᠷ ᠬᠢᠵᠦ᠂ ᠪᠦᠳᠦᠬᠡᠨ ᠪᠠᠶᠢᠭᠤᠯᠬᠤ ᠪᠠᠷᠢᠮᠵᠢᠶ᠎ᠠ ᠶᠢ | ᠴᠢᠩᠭᠠᠯᠠᠵᠤ᠂ ᠶᠠᠰᠤ ᠴᠢᠨᠠᠷ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠪᠠᠷᠢᠯᠭ᠎ᠠ ᠶᠢᠨ ᠠᠮᠤᠷ ᠲᠦᠪᠰᠢᠨ ᠢ | ᠪᠠᠲᠤᠯᠠᠵᠤ᠂ ᠲᠦᠷᠦᠯ ᠵᠦᠢᠯ ᠤᠨ ᠪᠦᠳᠦᠬᠡᠨ ᠪᠠᠶᠢᠭᠤᠯᠤᠯᠲᠠ ᠶᠢᠨ ᠠᠬᠢᠴᠠ ᠶᠢ ᠪᠦᠬᠦ ᠬᠦᠴᠦᠨ ᠢᠶᠠᠷ ᠢᠶᠠᠨ | ᠲᠦᠷᠭᠡᠳᠬᠡᠵᠦ᠂ ᠤᠯᠠᠨ ᠲᠦᠮᠡᠨ ᠤ ᠶᠠᠪᠤᠵᠤ ᠰᠠᠭᠤᠬᠤ ᠳᠤ ᠲᠦᠬᠦᠮ ᠦᠵᠡᠭᠦᠯᠬᠦ ᠬᠡᠮᠵᠢᠶ᠎ᠡ ᠪᠣᠯᠤᠨ ᠬᠤᠳᠠ ᠶᠢᠨ | ᠪᠦᠬᠦᠯᠢ ᠴᠣᠭᠴᠠ ᠶᠢᠨ ᠴᠢᠳᠠᠪᠬᠢ ᠶᠢᠨ ᠲᠦᠷᠢ ᠲᠥᠷᠬᠦ ᠶᠢ ᠦᠨᠡᠨᠬᠦ ᠳᠡᠭᠡᠭᠰᠢᠯᠡᠭᠦᠯᠬᠦ ᠬᠡᠷᠡᠭᠲᠡᠢ ᠭᠡᠵᠠᠢ᠃ | | | ᠥᠪᠥᠷ ᠮᠣᠩᠭᠤᠯ ᠤᠨ ᠮᠧᠩ ᠳ᠋ᠦᠩ ᠤᠨ ᠮᠠᠯ ᠠᠷᠠᠯᠵᠢᠶᠠᠨ ᠤ ᠵᠠᠬ᠎ᠠ ᠳᠡᠯᠭᠡᠭᠦᠷ ᠲᠤ᠂ ᠸᠠᠩ | ᠪᠥᠸᠧ ᠠᠵᠤ ᠠᠬᠤᠶᠢᠯᠠᠯ ᠤᠨ ᠣᠷᠣᠨ ᠨᠤᠲᠤᠭ ᠤᠨ ᠠᠵᠤ ᠠᠬᠤᠢ ᠨᠡᠶᠢᠭᠡᠮ ᠤᠨ ᠬᠥᠭᠵᠢᠯᠲᠡ ᠳᠤ ᠦᠵᠡᠭᠦᠯᠦᠭᠰᠡᠨ | ᠬᠤᠪᠢ ᠨᠡᠮᠡᠷᠢ ᠶᠢ ᠭᠦᠢᠴᠡᠳ ᠨᠤᠲᠠᠯᠠᠪᠠ᠃ ᠸᠠᠩ ᠪᠥᠸᠧ ᠠᠴᠠ ᠂ ᠠᠵᠤ ᠠᠬᠤᠶᠢᠯᠠᠯ ᠤᠳ ᠵᠠᠬ᠎ᠠ ᠳᠡᠯᠭᠡᠭᠦᠷ | ᠤᠨ ᠡᠬᠢ ᠪᠠᠶᠠᠯᠢᠭ ᠤᠨ ᠳᠠᠪᠠᠭᠤᠯᠢᠭ ᠲᠤ ᠴᠢᠩᠭ᠎ᠠ ᠲᠦᠰᠢᠭᠯᠡᠨ᠂ ᠭᠤᠤᠯᠯᠠᠬᠤ ᠥᠷᠢᠰᠦᠯᠳᠦᠬᠦ ᠬᠦᠴᠦᠨ ᠢᠶᠠᠨ | ᠲᠠᠰᠤᠷᠠᠯᠲᠠ ᠥᠬᠡᠶ ᠴᠢᠩᠭᠠᠷᠠᠭᠤᠯᠵᠤ᠂ ᠠᠵᠤ ᠤᠶᠢᠯᠡᠰ ᠤᠨ ᠬᠡᠯᠬᠢᠶ᠎ᠡ ᠪᠠᠨ ᠥᠷᠭᠡᠳᠬᠡᠨ᠂ ᠤᠶᠢᠯᠡᠳᠭᠦᠨ ᠤ | ᠪᠦᠲᠦᠴᠡ ᠪᠠᠨ ᠰᠢᠯᠢᠳᠡᠭᠵᠢᠭᠦᠯᠵᠦ᠂ ᠪᠣᠷᠣᠯᠠᠭᠤᠯᠭ᠎ᠠ ᠶᠢᠨ ᠵᠠᠬ᠎ᠠ ᠳᠡᠯᠭᠡᠭᠦᠷ ᠢᠶᠠᠨ ᠤᠯᠠᠮ ᠨᠢᠭᠡ ᠠᠯᠬᠤᠮ | ᠥᠷᠭᠡᠳᠬᠡᠨ᠂ ᠭᠠᠵᠠᠷ ᠣᠷᠣᠨ ᠤ ᠠᠯᠠᠰᠢᠨ ᠦᠬᠡᠷ ᠤᠨ ᠠᠵᠤ ᠤᠶᠢᠯᠡᠰ ᠤᠨ ᠬᠡᠪᠴᠢᠶᠡᠵᠢᠯᠲᠡ᠂ | ᠣᠳᠣᠬᠢᠴᠢᠯᠠᠯᠲᠠ ᠶᠢᠨ ᠬᠥᠭᠵᠢᠯᠲᠡ ᠶᠢ ᠳᠠᠶᠢᠴᠢᠯᠠᠬᠤ ᠶᠢ ᠬᠦᠰᠡᠵᠦ ᠪᠠᠶᠢᠨ᠎ᠠ ᠭᠡᠵᠡᠶ᠃ |