ᠬᠥᠯᠥᠨ ᠪᠤᠶᠢᠷ ᠬᠤᠲᠠ ᠶᠢᠨ ᠡᠪᠡᠳᠴᠢᠨ ᠡᠮᠭᠡᠭ ᠰᠡᠷᠭᠡᠶᠢᠯᠡᠨ ᠬᠢᠵᠠᠭᠠᠷᠯᠠᠬᠤ ᠲᠥᠪ ᠤᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠦᠭᠰᠢᠭᠦᠷᠢ ᠶᠢᠨ ᠰᠠᠨᠠᠭᠤᠯᠤᠮᠵᠢ
ᠨᠡᠶᠢᠲᠡᠯᠡᠭᠰᠡᠨ ᠴᠠᠭ᠄
2021/8/19
      8 ᠰᠠᠷ᠎ᠠ ᠶᠢᠨ 18      ᠤ ᠡᠳᠦᠷ ᠠᠴᠠ ᠡᠬᠢᠯᠡᠨ᠂ ᠱᠠᠩᠬᠠᠶ ᠬᠤᠲᠠ ᠶᠢᠨ 1 ᠭᠠᠵᠠᠷ᠂ ᠵᠢᠶᠠᠩᠰᠦ ᠮᠤᠵᠢ ᠶᠢᠨ ᠶᠠᠩᠵᠸᠤ ᠬᠤᠲᠠ ᠶᠢᠨ 3 ᠭᠠᠵᠠᠷ ᠢ ᠳᠤᠮᠳᠠ ᠲᠦᠭᠰᠢᠭᠦᠷᠢᠲᠦ ᠭᠠᠵᠠᠷ ᠣᠷᠣᠨ ᠪᠣᠯᠭᠠᠨ ᠰᠢᠨ᠎ᠡ ᠪᠠᠷ ᠲᠣᠬᠢᠷᠠᠭᠤᠯᠪᠠ  ᠃ ᠾᠧᠨᠠᠨ ᠮᠤᠵᠢ ᠶᠢᠨ ᠵᠧᠩᠵᠧᠤ ᠬᠤᠲᠠ 6 ᠭᠠᠵᠠᠷ᠂ ᠱᠠᠨᠳᠦ᠋ᠩ ᠮᠤᠵᠢ ᠶᠢᠨ ᠶᠠᠨᠲᠠᠶ ᠬᠤᠲᠠ 3 ᠭᠠᠵᠠᠷ᠂ ᠵᠢᠶᠠᠩᠰᠦ ᠮᠤᠵᠢ ᠶᠢᠨ ᠶᠠᠩᠵᠸᠤ ᠬᠤᠲᠠ 3 ᠭᠠᠵᠠᠷ᠂  ᠵᠦ᠋ ᠮᠠ ᠳ᠋ᠢᠶᠠᠨ ᠬᠤᠲᠠ 2 ᠭᠠᠵᠠᠷ᠂ ᠶᠦᠨᠨᠠᠨ ᠮᠤᠵᠢ ᠶᠢᠨ ᠷᠦᠢ ᠯᠢ ᠬᠤᠲᠠ 2 ᠭᠠᠵᠠᠷ ᠢ ᠠᠶᠤᠯ ᠲᠦᠭᠰᠢᠭᠦᠷᠢ ᠪᠠᠭᠠᠲᠠᠶ ᠭᠠᠵᠠᠷ ᠣᠷᠣᠨ ᠪᠣᠯᠭᠠᠨ ᠲᠣᠬᠢᠷᠠᠭᠤᠯᠵᠠᠶ᠃ 8 ᠰᠠᠷ᠎ᠠ ᠶᠢᠨ 18      ᠤ ᠡᠳᠦᠷ ᠤᠨ 19 ᠴᠠᠭ ᠪᠣᠯᠲᠠᠯ᠎ᠠ᠂ ᠪᠥᠬᠦ ᠤᠯᠤᠰ ᠲᠤ ᠨᠡᠶᠢᠲᠡ 29 ᠠᠶᠤᠯ ᠲᠦᠭᠰᠢᠭᠦᠷᠢ ᠶᠡᠬᠡᠲᠡᠶ ᠭᠠᠵᠠᠷ ᠣᠷᠣᠨ᠂ 78 ᠳᠤᠮᠳᠠ ᠵᠡᠷᠭᠡ ᠶᠢᠨ ᠠᠶᠤᠯ ᠲᠦᠭᠰᠢᠭᠦᠷᠢ ᠶᠡᠬᠡᠲᠡᠶ ᠭᠠᠵᠠᠷ ᠣᠷᠣᠨ ᠪᠠᠶᠢᠨ᠎ᠠ᠃ ᠣᠳᠣᠬᠠᠨ ᠳᠤ᠂ ᠪᠥᠬᠦ ᠤᠯᠤᠰ ᠲᠤ ᠰᠢᠨ᠎ᠡ ᠪᠠᠷ ᠨᠡᠮᠡᠭᠳᠡᠭᠰᠡᠨ ᠲᠣᠰ ᠭᠠᠵᠠᠷ ᠣᠷᠣᠨ ᠤ ᠡᠪᠡᠳᠴᠢᠨ ᠤ ᠵᠢᠱᠢᠶ᠎ᠡ ᠶᠢᠨ ᠲᠤᠭ᠎ᠠ ᠨᠢᠭᠡᠨᠲᠡ ᠬᠤᠶᠠᠷ ᠡᠳᠦᠷ ᠳᠠᠷᠠᠭᠠᠯᠠᠨ ᠨᠢᠭᠡᠴᠢ ᠶᠢᠨ ᠣᠷᠣᠨ ᠲᠤᠭ᠎ᠠ ᠪᠣᠯᠵᠣ ᠪᠠᠶᠢᠨ᠎ᠠ᠂ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠰᠠᠶᠢᠨ ᠪᠠᠶᠢᠳᠠᠯ   ᠲᠠᠢ ᠪᠣᠯᠣᠭᠰᠠᠨ ᠪᠣᠯ ᠣᠯᠠᠨ ᠢᠶᠠᠷ ᠢᠶᠠᠨ ᠬᠠᠮᠲᠤ ᠪᠠᠷ ᠴᠢᠷᠮᠠᠶᠢᠭᠰᠠᠨ ᠤ ᠦᠷ᠎ᠡ ᠪᠦᠲᠦᠭᠡᠯ ᠮᠥᠨ᠃ ᠭᠡᠪᠡᠴᠦ᠂ ᠬᠢᠯᠢ ᠶᠢᠨ ᠭᠠᠳᠠᠨᠠᠬᠢ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠪᠠᠶᠢᠳᠠᠯ ᠮᠥᠨ ᠬᠦ ᠬᠦᠨᠳᠦ ᠨᠣᠴᠢᠲᠠᠶ ᠪᠠᠶᠢᠵᠤ᠂ ᠤᠯᠤᠰ ᠤᠨ ᠳᠣᠲᠣᠭᠠᠳᠤ ᠳᠤ ᠰᠢᠨ᠎ᠡ ᠪᠠᠷ ᠳᠡᠯᠭᠡᠷᠡᠬᠦ ᠬᠢᠵᠢᠭ ᠤᠨ ᠪᠠᠶᠢᠳᠠᠯ ᠢᠷᠡᠭᠡᠳᠦᠶ ᠶᠢᠨ ᠨᠡᠯᠢᠶᠡᠳ ᠣᠷᠳᠣ ᠬᠤᠭᠤᠴᠠᠭᠠᠨ ᠳᠤ ᠮᠥᠨ ᠬᠦ ᠬᠢᠯᠢ ᠶᠢᠨ ᠭᠠᠳᠠᠨ᠎ᠠ ᠠᠴᠠ ᠣᠷᠣᠭᠤᠯᠬᠤ ᠲᠦᠭᠰᠢᠭᠦᠷᠢ ᠳᠤ ᠲᠤᠯᠭᠠᠷᠠᠬᠤ ᠪᠣᠯᠤᠨ᠎ᠠ᠃ ᠮᠠᠨ ᠤ ᠬᠤᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠰᠠᠶᠢᠲᠤᠷ ᠬᠢᠵᠦ᠂ ᠥᠷᠭᠡᠨ ᠣᠯᠠᠨ ᠬᠤᠲᠠ ᠶᠢᠨ ᠠᠷᠠᠳ ᠤᠨ ᠬᠢᠵᠢᠭ ᠤᠨ ᠪᠠᠶᠢᠳᠠᠯ ᠤᠨ ᠠᠶᠤᠯ ᠲᠦᠭᠰᠢᠭᠦᠷᠢ ᠶᠢ ᠰᠡᠷᠭᠡᠶᠢᠯᠡᠬᠦ ᠤᠬᠠᠮᠰᠠᠷ ᠢ ᠳᠡᠭᠡᠭᠰᠢᠯᠡᠭᠦᠯᠬᠦ ᠶᠢᠨ ᠲᠤᠰᠠᠳᠠ᠂ ᠳᠣᠣᠷᠠᠬᠢ  ᠬᠡᠳᠦᠨ ᠵᠦᠢᠯᠡᠰ ᠢ  ᠰᠠᠨᠠᠭᠤᠯᠣᠶ᠎ᠠ᠄        ᠨᠢᠭᠡ᠂ ᠥᠷᠭᠡᠨ ᠣᠯᠠᠨ ᠬᠤᠲᠠ ᠶᠢᠨ ᠠᠷᠠᠳ ᠬᠢᠵᠢᠭ ᠢ ᠰᠡᠷᠭᠡᠶᠢᠯᠡᠬᠦ ᠲᠣᠭᠲᠠᠭᠠᠯ ᠢ ᠤᠬᠠᠮᠰᠠᠷ ᠠᠴᠠ ᠪᠠᠨ ᠵᠢᠷᠤᠮᠯᠠᠨ ᠰᠠᠬᠢᠵᠤ᠂ ᠮᠠᠨ ᠤ ᠬᠤᠲᠠ ᠵᠢᠴᠢ ᠤᠯᠤᠰ ᠤᠨ ᠳᠣᠲᠣᠭᠠᠳᠤ ᠶᠢᠨ ᠪᠤᠰᠤᠳ ᠭᠠᠵᠠᠷ ᠣᠷᠣᠨ ᠤ ᠠᠯᠪᠠᠨ ᠤ ᠲᠠᠯ᠎ᠠ ᠠᠴᠠ ᠨᠡᠶᠢᠲᠡᠯᠡᠭᠰᠡᠨ ᠬᠢᠵᠢᠭ ᠤᠨ ᠪᠠᠶᠢᠳᠠᠯ ᠤᠨ ᠮᠡᠳᠡᠭᠡ ᠵᠠᠩᠭᠢ ᠶᠢ ᠨᠢᠭᠲᠠ ᠠᠩᠬᠠᠷᠴᠤ᠂ ᠬᠡᠷᠪᠡ ᠳᠤᠮᠳᠠ ᠵᠡᠷᠭᠡ ᠶᠢᠨ ᠠᠶᠤᠯ ᠲᠦᠭᠰᠢᠭᠦᠷᠢ ᠶᠡᠬᠡᠲᠡᠶ ᠭᠠᠵᠠᠷ ᠣᠷᠣᠨ ᠳᠤ ᠵᠢᠭᠤᠯᠴᠢᠯᠠᠨ ᠰᠠᠭᠤᠭᠰᠠᠨ ᠲᠡᠤᠬᠡ ᠲᠠᠢ᠂ ᠡᠰᠡᠬᠦᠯ᠎ᠡ ᠣᠨᠣᠰᠢᠯᠠᠭᠰᠠᠨ ᠡᠪᠡᠳᠴᠢᠨ ᠤ ᠵᠢᠱᠢᠶ᠎ᠡ᠂ ᠡᠪᠡᠳᠴᠢᠨ ᠤ ᠪᠠᠶᠢᠳᠠᠯ ᠥᠬᠡᠶ ᠪᠠᠷ ᠬᠠᠯᠳᠠᠪᠤᠷᠢᠯᠠᠭᠰᠠᠳ ᠲᠠᠢ᠂ ᠨᠢᠭᠲᠠ ᠣᠶᠢᠷᠠᠲᠤᠭᠰᠠᠳ ᠤᠨ ᠵᠠᠮ ᠮᠥᠷ  ᠲᠠᠢ  ᠢᠵᠢᠯᠢᠰᠢᠭᠰᠡᠨ ᠪᠠᠶᠢᠪᠠᠯ᠂ ᠪᠠᠶᠢᠭ᠎ᠠ ᠭᠠᠵᠠᠷ ᠤᠨ ᠢᠶᠠᠨ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠰᠠᠯᠠᠭ᠎ᠠ ᠮᠥᠴᠢᠷ ᠪᠤᠶᠤ ᠨᠡᠶᠢᠭᠡᠮ ᠲᠣᠭᠤᠷᠢᠭ ︵ᠭᠠᠴᠠᠭ᠎ᠠ ᠲᠣᠰᠬᠤᠨ︶ ᠲᠤ ᠳᠠᠷᠦ᠋ᠢᠬᠠᠨ ᠮᠡᠳᠡᠭᠦᠯᠵᠦ᠂ ᠬᠠᠮᠢᠶ᠎ᠠ ᠪᠥᠬᠦᠶ ᠰᠠᠯᠠᠭ᠎ᠠ ᠮᠥᠴᠢᠷ ᠲᠠᠢ ᠬᠠᠮᠵᠢᠯᠴᠠᠨ ᠨᠡᠶᠢᠭᠡᠮ ᠲᠣᠭᠤᠷᠢᠭ ᠤᠨ ᠡᠷᠡᠭᠦᠯ ᠮᠡᠨᠳᠦ ᠶᠢᠨ ᠬᠢᠨᠠᠨ ᠬᠡᠮᠵᠢᠯᠲᠡ ᠶᠢ ᠭᠥᠯᠢᠶᠡᠨ ᠠᠪᠴᠤ᠂ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ᠂ ᠠᠨᠠᠭᠠᠬᠤ ᠤᠬᠠᠭᠠᠨ ᠤ ᠠᠵᠢᠭᠯᠠᠯᠲᠠ᠂ ᠲᠠᠬᠤᠯ ᠡᠪᠡᠳᠴᠢᠨ ᠤ ᠰᠤᠳᠤᠯᠤᠯ ᠤᠨ ᠪᠠᠶᠢᠴᠠᠭᠠᠯᠲᠠ ᠵᠡᠷᠭᠡ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠰᠠᠶᠢᠲᠤᠷ ᠬᠢᠬᠦ ᠬᠡᠷᠡᠭᠲᠡᠶ᠃ ᠬᠡᠷᠪᠡ ᠮᠡᠳᠡᠭᠦᠯᠬᠦ ᠥᠬᠡᠶ ᠨᠢᠭᠤᠬᠤ᠂ ᠬᠤᠳᠠᠯ ᠢᠶᠠᠷ ᠮᠡᠳᠡᠭᠦᠯᠬᠦ᠂ ᠤᠳᠠᠭᠠᠰᠢᠷᠠᠭᠤᠯᠤᠨ ᠮᠡᠳᠡᠭᠦᠯᠬᠦ᠂ ᠥᠯᠥ ᠮᠡᠳᠡᠭᠦᠯᠬᠦ ᠵᠡᠷᠭᠡ  ᠦᠢᠯᠡ ᠠᠵᠢᠯᠯᠠᠭ᠎ᠠ ᠲᠠᠢ ᠪᠠᠶᠢᠪᠠᠯ᠂ ᠬᠠᠤᠯᠢ ᠲᠣᠭᠲᠠᠭᠠᠯ ᠶᠣᠰᠣᠭᠠᠷ  ᠬᠠᠷᠢᠭᠤᠴᠠᠯᠭ᠎ᠠ ᠨᠡᠬᠡᠮᠵᠢᠯᠡᠨ᠎ᠡ᠃       ᠬᠤᠶᠠᠷ᠂ ᠬᠢᠯᠢ ᠶᠢᠨ ᠭᠠᠳᠠᠨᠠᠬᠢ ᠪᠠ ᠤᠯᠤᠰ ᠤᠨ ᠳᠣᠲᠣᠭᠠᠳᠤ ᠶᠢᠨ ᠠᠶᠤᠯ ᠲᠦᠭᠰᠢᠭᠦᠷᠢ ᠶᠡᠬᠡᠲᠡᠶ ᠭᠠᠵᠠᠷ ᠣᠷᠣᠨ ᠳᠤ ᠣᠴᠢᠬᠤ ᠴᠢᠬᠤᠯᠠ ᠦᠭᠡᠢ ᠪᠣᠯ ᠣᠴᠢᠬᠤ ᠦᠭᠡᠢ ᠪᠠᠶᠢᠬᠤ᠃ ᠦᠨᠡᠬᠡᠷ ᠣᠴᠢᠬᠤ ᠴᠢᠬᠤᠯᠠ ᠲᠠᠢ ᠪᠣᠯ᠂ ᠰᠠᠭᠤᠭ᠎ᠠ ᠭᠠᠵᠠᠷ ᠤᠨ ᠨᠡᠶᠢᠭᠡᠮ ᠲᠣᠭᠤᠷᠢᠭ ︵ᠭᠠᠴᠠᠭ᠎ᠠ ᠲᠣᠰᠬᠤᠨ︶᠂ ᠨᠢᠭᠡᠴᠡ ᠳᠤ ᠤᠷᠢᠳᠴᠢᠯᠠᠨ ᠮᠡᠳᠡᠭᠦᠯᠦᠨ ᠳᠠᠩᠰᠠᠯᠠᠭᠤᠯᠬᠤ ᠶᠢᠨ ᠬᠠᠮᠲᠤ᠂ ᠬᠤᠪᠢ ᠬᠥᠮᠦᠨ ᠤ ᠬᠠᠮᠠᠭᠠᠯᠠᠯᠲᠠ ᠶᠢ ᠰᠠᠶᠢᠲᠤᠷ ᠬᠢᠵᠦ᠂ ᠠᠶᠠᠯᠠᠯ ᠤᠨ ᠮᠡᠳᠡᠭᠡ ᠵᠠᠩᠭᠢ ᠶᠢ ᠴᠠᠭ ᠲᠤᠬᠠᠶ ᠳᠤᠨᠢ ᠲᠡᠮᠳᠡᠭᠯᠡᠬᠦ ᠬᠡᠷᠡᠭᠲᠡᠶ  ᠃ ᠪᠤᠴᠠᠬᠤ ᠠᠴᠠ ᠪᠠᠨ ᠡᠮᠦᠨ᠎ᠡ᠂ ᠰᠠᠭᠤᠭ᠎ᠠ ᠭᠠᠵᠠᠷ ᠤᠨ ᠢᠶᠠᠨ ᠨᠡᠶᠢᠭᠡᠮ ᠲᠣᠭᠤᠷᠢᠭ ︵ᠭᠠᠴᠠᠭ᠎ᠠ ᠲᠣᠰᠬᠤᠨ︶᠂ ᠨᠢᠭᠡᠴᠡ ᠳᠤ ᠰᠠᠨᠠᠭᠠᠴᠢᠯᠠᠭ᠎ᠠ ᠠᠴᠠ ᠪᠠᠨ ᠮᠡᠳᠡᠭᠦᠯᠬᠦ ᠬᠡᠷᠡᠭᠲᠡᠶ  ᠃ ᠮᠠᠨ ᠤ ᠬᠤᠲᠠ ᠳᠤ ᠪᠤᠴᠠᠵᠤ ᠢᠷᠡᠭᠰᠡᠨ ᠤ ᠳᠠᠷᠠᠭ᠎ᠠ ᠬᠤᠯᠪᠣᠭᠳᠠᠯ ᠪᠦᠬᠦᠢ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ ᠳᠤ ᠢᠳᠡᠪᠬᠢᠲᠡᠶ ᠪᠠᠷ ᠬᠠᠮᠵᠢᠯᠴᠠᠬᠤ ᠬᠡᠷᠡᠭᠲᠡᠶ᠃      ᠭᠤᠷᠪᠠ᠂ ᠰᠤᠷᠤᠯᠭ᠎ᠠ ᠡᠬᠢᠯᠡᠬᠦ  ᠴᠠᠭ ᠬᠦᠷᠴᠦ ᠢᠷᠡᠬᠦ ᠶᠢᠨ ᠳᠠᠭᠠᠤ ᠳᠤ ᠰᠤᠷᠤᠭᠴᠢᠳ ᠤᠳᠠᠯ ᠦᠭᠡᠶ ᠰᠤᠷᠭᠠᠭᠤᠯᠢ ᠳᠠᠭᠠᠨ ᠪᠤᠴᠠᠬᠤ ᠭᠡᠵᠦ ᠪᠠᠶᠢᠭ᠎ᠠ ᠪᠣᠯᠬᠤᠷ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠠᠵᠢᠯ ᠢ ᠮᠥᠨ ᠬᠦ ᠰᠤᠯᠠᠷᠠᠭᠤᠯᠵᠤ ᠪᠣᠯᠬᠤ ᠦᠭᠡᠶ᠃ ᠭᠠᠳᠠᠭᠰᠢ ᠭᠠᠷᠬᠤ ᠠᠴᠠ ᠪᠠᠨ ᠡᠮᠦᠨ᠎ᠡ᠂ ᠵᠣᠷᠢᠭᠰᠠᠨ ᠭᠠᠵᠠᠷ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠠᠷᠭ᠎ᠠ ᠬᠡᠮᠵᠢᠶ᠎ᠡ ᠶᠢ ᠤᠷᠢᠳᠴᠢᠯᠠᠨ ᠣᠶᠢᠯᠠᠭᠠᠵᠤ᠂ ᠠᠶᠠᠨ ᠵᠠᠮ  ᠢᠶᠠᠨ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠵᠦ᠂ ᠣᠷᠭᠢᠯ ᠦᠶ᠎ᠡ ᠠᠴᠠ ᠵᠥᠷᠢᠵᠦ ᠭᠠᠳᠠᠭᠰᠢ  ᠭᠠᠷᠴᠣ᠂ ᠠᠮᠠᠪᠴᠢ᠂ 75%  ᠰᠫᠧᠷᠲ  ᠢᠶᠠᠷ ᠠᠷᠢᠭᠤᠳᠬᠠᠭᠰᠠᠨ ᠨᠦᠢᠲᠠᠨ ᠠᠯᠴᠢᠭᠤᠷ ᠵᠡᠷᠭᠡ ᠬᠢᠵᠢᠭ ᠢ ᠰᠡᠷᠭᠡᠶᠢᠯᠡᠬᠦ ᠪᠣᠳᠠᠰ ᠢ ᠤᠷᠢᠳᠴᠢᠯᠠᠨ ᠪᠡᠯᠡᠳᠬᠡᠨ᠎ᠡ᠃ ᠭᠠᠳᠠᠭᠰᠢ ᠭᠠᠷᠬᠤ ᠳᠠᠭᠠᠨ ᠴᠠᠭ᠂ ᠡᠭᠡᠯᠵᠢ ᠤᠳᠠᠭ᠎ᠠ ᠪᠠ ᠰᠠᠭᠤᠳᠠᠯ ᠤᠨ ᠳ᠋ᠤᠭᠠᠷ ᠵᠡᠷᠭᠡ ᠠᠶᠠᠯᠠᠯ ᠤᠨ ᠲᠡᠮᠳᠡᠭᠯᠡᠯ ᠢ ᠰᠠᠶᠢᠲᠤᠷ ᠬᠢᠵᠦ᠂ ᠫᠢᠶᠣᠣ ᠪᠠᠷᠢᠮᠲᠠ ᠶᠢ ᠲᠣᠬᠢᠲᠠᠶ ᠬᠠᠳᠠᠭᠠᠯᠠᠵᠤ᠂ ᠬᠠᠮᠢᠶ᠎ᠠ ᠪᠥᠬᠦᠶ ᠪᠠᠶᠢᠳᠠᠯ ᠭᠠᠷᠪᠠᠯ ᠴᠠᠭ ᠲᠤᠬᠠᠶ ᠳᠤᠨᠢ ᠨᠡᠬᠡᠮᠵᠢᠯᠡᠬᠦ ᠳᠤ ᠪᠡᠯᠡᠬᠡᠨ ᠪᠠᠶᠢᠯᠭᠠᠨ᠎ᠠ  ᠃  ᠵᠠᠮ ᠬᠠᠷᠢᠯᠴᠠᠭᠠᠨ ᠤ ᠪᠠᠭᠠᠵᠢ ᠬᠡᠷᠡᠭᠰᠡᠯ ᠳᠤ ᠰᠠᠭᠤᠬᠤ ᠳᠠᠭᠠᠨ  ᠰᠦᠯᠵᠢᠶᠡᠨ ᠳᠡᠭᠡᠷ᠎ᠡ ᠠᠴᠠ  ᠪᠢᠯᠧᠲ ᠬᠤᠳᠠᠯᠳᠤᠨ ᠠᠪᠬᠤ ᠶᠢ ᠰᠠᠨᠠᠭᠠᠴᠢᠯᠠᠵᠤ᠂ ᠬᠦᠯᠢᠶᠡᠬᠦ ᠴᠠᠭ ᠢ ᠪᠣᠭᠤᠨᠢᠰᠬᠠᠨ᠂ ᠪᠥᠬᠦ ᠶᠠᠪᠤᠴᠠ ᠳᠤ ᠠᠮᠠᠪᠴᠢ ᠵᠡᠭᠦᠵᠦ᠂  ᠭᠠᠳᠠᠨ᠎ᠠ ᠢᠳᠡᠵᠦ ᠣᠣᠭᠤᠬᠤ ᠤᠳᠠᠭ᠎ᠠ ᠶᠢ ᠪᠠᠭᠠᠰᠬᠠᠨ᠂ ᠣᠶᠢᠷ᠎ᠠ ᠬᠠᠪᠢ ᠶᠢᠨ ᠠᠶᠠᠨᠴᠢᠳ ᠲᠠᠢ ᠬᠤᠭᠤᠯᠠᠯᠠᠬᠤ ᠴᠠᠭ ᠢ ᠠᠯᠢ ᠴᠢᠳᠠᠬᠤ ᠪᠠᠷ ᠵᠥᠷᠢᠭᠦᠯᠦᠨ᠎ᠡ  ᠃ ᠣᠯᠠᠨ ᠨᠡᠶᠢᠲᠡ ᠶᠢᠨ ᠡᠳ᠋ ᠪᠣᠳᠠᠰ ᠲᠤ ᠬᠦᠷᠦᠯᠴᠡᠬᠦ ᠶᠢ ᠪᠠᠭᠠᠰᠬᠠᠵᠤ᠂ ᠭᠠᠷ ᠤᠨ ᠠᠷᠢᠭᠤᠨ ᠴᠡᠪᠡᠷ ᠢ ᠰᠠᠶᠢᠲᠤᠷ ᠬᠢᠵᠦ᠂  ᠪᠣᠵᠠᠷ ᠭᠠᠷ ᠢᠶᠠᠷ ᠢᠶᠠᠨ ᠠᠮᠠ᠂ ᠬᠠᠮᠠᠷ᠂ ᠨᠢᠳᠦ ᠵᠡᠷᠭᠡ ᠬᠡᠰᠡᠭ ᠢ ᠲᠡᠮᠲᠡᠷᠢᠬᠦ  ᠥᠬᠡᠶ᠃ ᠰᠢᠨᠵᠢᠯᠡᠬᠦ ᠤᠬᠠᠭᠠᠨᠴᠢ ᠪᠠᠷ ᠠᠮᠠᠪᠴᠢ ᠵᠡᠭᠦᠵᠦ᠂ ᠨᠢᠭᠡ ᠮᠧᠲᠷ ᠤᠨ ᠨᠡᠶᠢᠭᠡᠮ ᠤᠨ ᠬᠠᠷᠢᠯᠴᠠᠭᠠᠨ ᠤ ᠵᠠᠶ ᠶᠢ ᠪᠠᠲᠤᠯᠠᠵᠤ᠂ ᠴᠢᠬᠤᠯᠠ ᠪᠤᠰᠤ ᠴᠤᠭᠯᠠᠷᠠᠯ ᠢ ᠪᠠᠭᠠᠰᠬᠠᠨ᠎ᠠ᠃     ᠳᠥᠷᠪᠡ᠂ ᠥᠷᠭᠡᠨ ᠣᠯᠠᠨ ᠬᠤᠲᠠ ᠶᠢᠨ ᠠᠷᠠᠳ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠡᠯ᠎ᠡ ᠵᠦᠢᠯ ᠤᠨ ᠱᠠᠭᠠᠷᠳᠠᠯᠭ᠎ᠠ ᠶᠢ ᠴᠢᠩᠭ᠎ᠠ ᠵᠢᠷᠤᠮᠯᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠶᠢ ᠦᠷᠭᠦᠯᠵᠢᠯᠡᠨ ᠰᠤᠯᠠᠷᠠᠭᠤᠯᠤᠯ ᠦᠭᠡᠶ ᠪᠠᠷᠢᠮᠲᠠᠯᠠᠵᠤ᠂ ︽ᠭᠠᠷ ᠢᠶᠠᠨ ᠰᠠᠶᠢᠲᠤᠷ ᠤᠬᠢᠶᠠᠬᠤ᠂ ᠰᠢᠨᠵᠢᠯᠡᠬᠦ ᠤᠬᠠᠭᠠᠨᠴᠢ ᠪᠠᠷ ᠠᠮᠠᠪᠴᠢ ᠵᠡᠭᠦᠬᠦ᠂ ᠬᠠᠨᠢᠶᠠᠬᠤ ᠶᠣᠰᠣ ᠵᠢᠷᠤᠮ ᠢ ᠠᠩᠬᠠᠷᠬᠤ᠂ ᠪᠣᠯᠪᠠᠰᠤᠨ ᠢᠶᠠᠷ ᠬᠤᠭᠤᠯᠠ ᠢᠳᠡᠬᠦ᠂ ᠴᠥᠭᠡᠨ ᠴᠤᠭᠯᠠᠷᠠᠬᠤ᠂ 1 ᠮᠧᠲᠷ ᠤᠨ ᠱᠤᠭᠤᠮ ᠢ ᠵᠢᠷᠤᠮᠯᠠᠬᠤ᠂ ᠦᠷᠭᠦᠯᠵᠢ ᠰᠠᠯᠬᠢ ᠨᠡᠪᠲᠡᠷᠡᠭᠦᠯᠬᠦ᠂ ᠠᠷᠢᠭᠤᠨ ᠴᠡᠪᠡᠷ ᠠᠷᠢᠭᠤᠳᠬᠠᠬᠤ ᠶᠢ ᠰᠠᠶᠢᠲᠤᠷ ᠬᠢᠬᠦ᠂ ᠵᠣᠷᠯᠣᠩ ᠤᠨ ᠠᠷᠢᠭᠤᠨ ᠴᠡᠪᠡᠷ ᠢ ᠪᠠᠲᠤᠯᠠᠬᠤ᠂ ᠡᠷᠡᠭᠦᠯ  ᠴᠢᠬᠢᠷᠠᠭ ᠠᠮᠢᠳᠤᠷᠠᠯ ᠤᠨ ᠠᠷᠭ᠎ᠠ ᠮᠠᠶ᠋ᠢᠭ ᠢ ᠪᠣᠶ ᠪᠣᠯᠭᠠᠬᠤ᠂ ᠸᠢᠷᠦ᠋ᠰ ᠤᠨ ᠰᠢᠨ᠎ᠡ ᠸᠠᠺᠼᠢᠨ ᠳᠠᠷᠢᠬᠤ︾ ᠵᠡᠷᠭᠡ ᠠᠷᠠᠳ ᠢᠷᠭᠡᠳ ᠤᠨ ᠬᠢᠵᠢᠭ ᠢ ᠰᠡᠷᠭᠡᠶᠢᠯᠡᠬᠦ ᠦᠨᠳᠦᠰᠦᠨ  ᠦᠢᠯᠡ ᠠᠵᠢᠯᠯᠠᠭᠠᠨ ᠤ ᠪᠠᠷᠢᠮᠵᠢᠶ᠎ᠠ ᠶᠢ ᠵᠢᠷᠤᠮᠯᠠᠵᠤ᠂ ᠥᠪᠡᠷ ᠢ ᠪᠠᠨ ᠬᠠᠮᠠᠭᠠᠯᠠᠬᠤ ᠦᠵᠡᠯ ᠤᠬᠠᠮᠰᠠᠷ ᠪᠠ ᠡᠷᠡᠭᠦᠯ ᠮᠡᠨᠳᠦ ᠶᠢᠨ ᠬᠡᠪ ᠪᠣᠯᠪᠠᠰᠤᠷᠠᠯ ᠢ ᠳᠡᠭᠡᠭᠰᠢᠯᠡᠭᠦᠯᠦᠨ᠂ ᠲᠣᠰ ᠪᠡᠶ᠎ᠡ ᠶᠢᠨ ᠡᠷᠡᠭᠦᠯ ᠮᠡᠨᠳᠦ ᠶᠢᠨ ᠨᠢᠭᠡᠳᠦᠭᠡᠷ ᠬᠠᠷᠢᠭᠤᠴᠠᠯᠭᠠᠲᠠᠨ ᠤ ᠣᠨᠣᠯᠵᠢᠬᠤᠨ ᠢ ᠴᠢᠩᠭᠠᠷᠠᠭᠤᠯᠤᠨ᠎ᠠ᠃     ᠥᠷᠭᠡᠨ ᠣᠯᠠᠨ ᠬᠤᠲᠠ ᠶᠢᠨ ᠠᠷᠠᠳ ᠣᠯᠠᠨ ᠢᠶᠠᠷ ᠢᠶᠠᠨ ᠰᠡᠷᠭᠡᠶᠢᠯᠡᠨ ᠡᠵᠡᠮᠳᠡᠬᠦ ᠠᠵᠢᠯ ᠳᠤ ᠢᠳᠡᠪᠬᠢᠲᠡᠶ ᠬᠠᠮᠵᠢᠯᠴᠠᠵᠤ᠂ ᠬᠥᠯᠥᠨ ᠪᠤᠶᠢᠷ ᠬᠤᠲᠠ ᠶᠢᠨ ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠤᠨ ᠬᠠᠯᠳᠠᠪᠤᠷᠢᠯᠠᠯ ᠤᠨ ᠠᠭᠤᠰᠬᠢᠨ ᠦᠷᠪᠢᠰᠦᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠤᠨ ᠠᠯᠪᠠᠨ ᠵᠠᠷ ︵22 ᠳ᠋ᠤᠭᠠᠷ ᠲᠣᠭᠠᠲᠤ᠂ 23 ᠳ᠋ᠤᠭᠠᠷ ᠲᠣᠭᠠᠲᠤ᠂ 24  ᠳ᠋ᠦ᠋ᠭᠡᠷ ᠲᠣᠭᠠᠲᠤ︶ ᠤᠨ ᠱᠠᠭᠠᠷᠳᠠᠯᠭ᠎ᠠ ᠶᠢ ᠴᠢᠩᠭ᠎ᠠ ᠵᠢᠷᠤᠮᠯᠠᠨ᠂ ᠡᠯ᠎ᠡ ᠵᠦᠢᠯ ᠤᠨ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ ᠶᠢ ᠬᠦᠰᠡᠵᠦ ᠪᠠᠶᠢᠨ᠎ᠠ᠃                       2021ᠣᠨ ᠤ  8 ᠰᠠᠷ᠎ᠠ  ᠶᠢᠨ 18      ᠤ ᠡᠳᠦᠷ
 
ᠢᠷᠡᠯᠲᠡ᠄ ᠵᠠᠯᠠᠨ ᠠᠶᠢᠯ ᠬᠤᠲᠠ ᠶᠢᠨ ᠵᠠᠰᠠᠭ ᠤᠨ ᠤᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号