ᠬᠥᠯᠥᠨ ᠪᠤᠶᠢᠷ ᠬᠤᠲᠠ ᠶᠢᠨ ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠤᠨ ᠬᠠᠯᠳᠠᠪᠤᠷᠢᠯᠠᠯ ᠤᠨ ᠠᠭᠤᠰᠬᠢᠨ ᠦᠷᠪᠢᠰᠦᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠤᠨ ᠠᠯᠪᠠᠨ ᠵᠠᠷ
ᠨᠡᠶᠢᠲᠡᠯᠡᠭᠰᠡᠨ ᠴᠠᠭ᠄
2021/8/19
     2021 ᠣᠨ ᠤ 8 ᠰᠠᠷ᠎ᠠ ᠶᠢᠨ 19      ᠤ ᠡᠳᠦᠷ ᠤᠨ 0 ᠴᠠᠭ ᠠᠴᠠ ᠡᠬᠢᠯᠡᠨ᠂ ᠬᠠᠶᠢᠯᠠᠷ ᠲᠣᠭᠤᠷᠢᠭ ᠤᠨ ᠹᠧᠨ ᠳ᠋ᠸᠦ ᠪᠠᠯᠭᠠᠰᠤ ᠶᠢᠨ ᠱᠧᠨ ᠪᠦᠦ  ᠲᠣᠭᠤᠷᠢᠭ ᠢ ᠳᠤᠮᠳᠠ ᠠᠶᠤᠯ ᠲᠦᠭᠰᠢᠭᠦᠷᠢ ᠲᠠᠢ ᠭᠠᠵᠠᠷ ᠣᠷᠣᠨ ᠠᠴᠠ ᠳᠣᠣᠷ᠎ᠠ ᠠᠶᠤᠯ ᠲᠦᠭᠰᠢᠭᠦᠷᠢ ᠲᠠᠢ ᠭᠠᠵᠠᠷ ᠣᠷᠣᠨ ᠪᠣᠯᠭᠠᠨ ᠳᠤᠬᠢᠷᠠᠭᠤᠯᠪᠠ᠂  ᠬᠥᠯᠥᠨ ᠪᠤᠶᠢᠷ ᠬᠤᠳᠠ ᠶᠢᠨ ᠪᠦᠬᠦ ᠣᠷᠣᠨ ᠪᠦᠰᠡ ᠳᠤ ᠴᠥᠮ ᠳᠣᠣᠷ᠎ᠠ ᠠᠶᠤᠯ ᠲᠦᠭᠰᠢᠭᠦᠷᠢ ᠲᠠᠢ ᠭᠠᠵᠠᠷ ᠣᠷᠣᠨ ᠪᠣᠯᠵᠠᠢ᠃ ᠪᠥᠬᠦ ᠬᠤᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ  ᠠᠴᠠ  ᠪᠠᠶᠢᠩᠭᠤᠵᠢᠭᠰᠠᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠳᠠᠯ ᠳᠤ ᠣᠷᠣᠵᠤ᠂ 8 ᠰᠠᠷ᠎ᠠ ᠶᠢᠨ 5 ᠤ ᠡᠳᠦᠷ ᠨᠡᠶᠢᠲᠡᠯᠡᠭᠰᠡᠨ 24  ᠳ᠋ᠦ᠋ᠭᠡᠷ ᠲᠣᠭᠠᠲᠤ ᠠᠯᠪᠠᠨ ᠵᠠᠷ ᠢ ᠬᠡᠷᠡᠭᠵᠢᠭᠦᠯᠬᠦ ᠪᠠᠨ  ᠪᠣᠯᠢᠪᠠ᠃ ᠡᠭᠦᠨ ᠤ ᠬᠠᠮᠲᠤ᠂ ᠣᠳᠣᠬᠠᠨ ᠤ ᠳᠡᠯᠡᠬᠡᠶ ᠶᠢᠨ ᠪᠠ ᠤᠯᠤᠰ ᠤᠨ ᠳᠣᠲᠣᠭᠠᠳᠤ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠳᠠᠯ ᠮᠥᠨ ᠬᠦ ᠬᠦᠨᠳᠦ ᠨᠣᠴᠢᠲᠠᠶ ᠪᠤᠳᠤᠯᠢᠶᠠᠨᠲᠠᠶ ᠪᠠᠶᠢᠬᠤ ᠪᠠᠶᠢᠳᠠᠯ ᠢ ᠦᠨᠳᠦᠰᠦᠯᠡᠨ᠂ ᠪᠥᠬᠦ ᠬᠤᠲᠠ ᠶᠢᠨ ᠡᠯ᠎ᠡ ᠱᠠᠲᠤ ᠡᠯ᠎ᠡ ᠰᠠᠯᠠᠭ᠎ᠠ ᠮᠥᠴᠢᠷ ᠪᠠ ᠥᠷᠭᠡᠨ ᠣᠯᠠᠨ ᠬᠤᠲᠠ ᠶᠢᠨ ᠠᠷᠠᠳ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠥᠪᠴᠢ ᠪᠠᠨ ᠢᠮᠠᠭᠲᠠ ᠴᠢᠩᠭᠠᠷᠠᠭᠤᠯᠵᠤ᠂ ᠴᠢᠩᠭ᠎ᠠ ᠨᠢᠮᠪᠠᠶ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠦᠷᠭᠦᠯᠵᠢᠯᠡᠨ ᠨᠠᠶᠢᠳᠠᠪᠤᠷᠢᠵᠢᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠬᠦ ᠱᠤᠭᠤᠮ ᠢ ᠡᠷᠡᠰ ᠪᠠᠲᠤ ᠪᠠᠶᠢᠭᠤᠯᠤᠨ᠂ ᠰᠡᠷᠭᠡᠶᠢᠯᠡᠨ ᠡᠵᠡᠮᠳᠡᠬᠦ ᠦᠷ᠎ᠡ ᠪᠦᠲᠦᠭᠡᠯ ᠢᠶᠠᠨ ᠦᠷᠭᠦᠯᠵᠢᠯᠡᠨ ᠪᠠᠬᠢᠵᠢᠭᠦᠯᠬᠦ ᠬᠡᠷᠡᠭᠲᠡᠶ᠃ ᠤᠳᠤ ᠬᠤᠯᠪᠣᠭᠳᠠᠯ ᠪᠦᠬᠦᠢ ᠵᠦᠢᠯ ᠢ ᠳᠣᠣᠷᠠᠬᠢ ᠮᠡᠲᠦ ᠵᠠᠷᠯᠠᠶ᠎ᠠ᠄     ᠨᠢᠭᠡ᠂ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠴᠢᠩᠳᠠᠯᠠᠨ᠎ᠠ᠃ ᠤᠯᠤᠰ ᠤᠨ ᠳᠣᠲᠣᠭᠠᠳᠤ ᠶᠢᠨ ᠪᠤᠰᠤᠳ ᠭᠠᠵᠠᠷ ᠣᠷᠣᠨ ᠤ ᠨᠡᠶᠢᠲᠡᠯᠡᠭᠰᠡᠨ ᠣᠨᠣᠰᠢᠯᠠᠭᠰᠠᠨ ᠡᠪᠡᠳᠴᠢᠨ ᠤ ᠵᠢᠱᠢᠶ᠎ᠡ ᠲᠠᠢ ᠨᠢᠭᠲᠠ ᠣᠶᠢᠷᠠᠲᠤᠭᠰᠠᠳ ᠲᠤ 14 ᠡᠳᠦᠷ ᠤᠨ ᠲᠥᠪᠯᠡᠷᠡᠭᠦᠯᠦᠨ ᠲᠤᠰᠠᠭᠠᠷᠯᠠᠬᠤ + 5 ᠤᠳᠠᠭᠠᠨ ᠤ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ ᠬᠢᠵᠦ ᠂ ᠲᠤᠰᠠᠭᠠᠷᠯᠠᠯ  ᠪᠠᠷᠠᠭᠰᠠᠨ ᠤ ᠳᠠᠷᠠᠭ᠎ᠠ 7 ᠡᠳᠦᠷ ᠤᠨ ᠬᠡᠷ ᠪᠦᠯᠢ ᠶᠢᠨ ᠡᠷᠡᠭᠦᠯ ᠮᠡᠨᠳᠦ ᠶᠢᠨ ᠬᠢᠨᠠᠨ ᠬᠡᠮᠵᠢᠯᠲᠡ + 2 ᠤᠳᠠᠭᠠᠨ ᠤ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ ᠶᠢ ᠥᠷᠨᠢᠭᠦᠯᠦᠨ᠎ᠡ᠃  ᠣᠶᠢᠷᠠᠲᠣᠭᠰᠠᠳ ᠤᠨ ᠲᠥᠪᠯᠡᠷᠡᠭᠦᠯᠦᠨ ᠲᠤᠰᠠᠭᠠᠷᠯᠠᠬᠤ ᠠᠨᠠᠭᠠᠬᠤ ᠤᠬᠠᠭᠠᠨ ᠤ ᠠᠵᠢᠭᠯᠠᠯᠲᠠ ᠶᠢᠨ ᠬᠤᠭᠤᠴᠠᠭ᠎ᠠ ᠶᠢ ᠨᠢᠭᠲᠠ ᠣᠶᠢᠷᠠᠲᠤᠭᠰᠠᠳ ᠤᠨ ᠪᠥᠭᠡᠮ ᠬᠦᠴᠢᠯ ᠤᠨ ᠪᠠᠶᠢᠴᠠᠭᠠᠯᠲᠠ ᠶᠢᠨ ᠦᠷ᠎ᠡ ᠳ᠋ᠦᠩ ᠵᠢᠴᠢ ᠬᠤᠯᠪᠣᠭᠳᠠᠯ ᠪᠦᠬᠦᠢ ᠲᠣᠭᠲᠠᠭᠠᠯ ᠢ ᠦᠨᠳᠦᠰᠦᠯᠡᠨ ᠲᠣᠭᠲᠠᠭᠠᠨ᠎ᠠ᠃ ᠤᠯᠤᠰ ᠤᠨ ᠳᠣᠲᠣᠭᠠᠳᠤ ᠶᠢᠨ ᠠᠶᠤᠯ ᠲᠦᠭᠰᠢᠭᠦᠷᠢ ᠶᠡᠬᠡᠲᠡᠶ ᠭᠠᠵᠠᠷ ᠣᠷᠣᠨ ᠠᠴᠠ ᠮᠠᠨ ᠤ ᠬᠤᠲᠠ ᠳᠤ ᠪᠤᠴᠠᠵᠤ ᠢᠷᠡᠭᠰᠡᠨ ᠬᠥᠮᠦᠰ ᠲᠤ 14 ᠡᠳᠦᠷ ᠤᠨ ᠲᠥᠪᠯᠡᠷᠡᠭᠦᠯᠦᠨ ᠲᠤᠰᠠᠭᠠᠷᠯᠠᠬᠤ + 5 ᠤᠳᠠᠭᠠᠨ ᠤ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ ᠬᠢᠵᠦ᠂ ᠤᠯᠤᠰ ᠤᠨ ᠳᠣᠲᠣᠭᠠᠳᠤ ᠶᠢᠨ ᠠᠶᠤᠯ ᠲᠦᠭᠰᠢᠭᠦᠷᠢ ᠶᠡᠬᠡᠲᠡᠶ ᠭᠠᠵᠠᠷ ᠣᠷᠣᠨ ᠠᠴᠠ ᠮᠠᠨ ᠤ ᠬᠤᠲᠠ ᠳᠤ ᠪᠤᠴᠠᠵᠤ ᠢᠷᠡᠭᠰᠡᠨ ᠬᠥᠮᠦᠰ ᠲᠤ 14 ᠡᠳᠦᠷ ᠤᠨ ᠬᠡᠷ ᠪᠦᠯᠢ ᠶᠢᠨ ᠲᠤᠰᠠᠭᠠᠷᠯᠠᠯ + 5 ᠤᠳᠠᠭᠠᠨ ᠤ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ ᠬᠢᠵᠦ᠂ ᠳᠡᠭᠡᠷ᠎ᠡ ᠳᠤᠷᠠᠳᠤᠭᠰᠠᠨ ᠭᠠᠵᠠᠷ ᠣᠷᠣᠨ ᠳᠤ 14 ᠡᠳᠦᠷ ᠤᠨ ᠳᠣᠲᠣᠷ᠎ᠠ ᠵᠢᠭᠤᠯᠴᠢᠯᠠᠨ ᠰᠠᠭᠤᠭᠰᠠᠨ ᠲᠡᠤᠬᠡ ᠲᠠᠢ ᠬᠥᠮᠦᠰ ᠪᠠᠭᠲᠠᠨ᠎ᠠ᠃ ᠳᠤᠮᠳᠠ ᠠᠶᠤᠯ ᠲᠦᠭᠰᠢᠭᠦᠷᠢ ᠶᠡᠬᠡᠲᠡᠶ  ᠬᠤᠲᠠ  ︵ᠲᠤᠰᠬᠠᠶ ᠣᠷᠣᠨ ᠤ ᠳᠡᠰ ᠵᠢᠴᠢ ᠲᠡᠭᠦᠨ ᠠᠴᠠ ᠳᠡᠭᠡᠭᠰᠢᠬᠢ ᠬᠤᠲᠠ᠂ ᠳᠣᠷᠣᠭᠰᠢ ᠠᠳᠠᠯᠢ︶ ᠠᠴᠠ ᠢᠷᠡᠭᠰᠡᠨ ᠪᠠ ᠮᠠᠨ ᠤ ᠬᠤᠲᠠ ᠳᠤ ᠪᠤᠴᠠᠵᠤ ᠢᠷᠡᠭᠰᠡᠨ ᠬᠥᠮᠦᠰ ᠡᠷᠬᠡᠪᠰᠢ 48 ᠴᠠᠭ ᠤᠨ ᠳᠣᠲᠣᠷᠠᠬᠢ ᠪᠥᠭᠡᠮ ᠬᠦᠴᠢᠯ ᠤᠨ ᠪᠠᠶᠢᠴᠠᠭᠠᠯᠲᠠ ᠶᠢᠨ ᠪᠢᠯᠢᠭ ᠴᠢᠨᠠᠷ ᠤᠨ ᠭᠡᠷᠡᠴᠢ ᠲᠠᠢ ᠪᠠᠶᠢᠬᠤ ᠬᠡᠷᠡᠭᠲᠡᠶ᠂ ᠬᠡᠷᠪᠡ ᠬᠠᠩᠭᠠᠵᠤ ᠳᠡᠶᠢᠯᠬᠦ ᠥᠬᠡᠶ ᠪᠣᠯ᠂ ᠮᠠᠨ ᠤ ᠬᠤᠲᠠ ᠳᠤ ᠭᠦᠷᠦᠭᠰᠡᠨ ᠤ ᠳᠠᠷᠠᠭ᠎ᠠ ᠲᠡᠷᠡ ᠳᠠᠷᠤᠶ ᠳᠤᠨᠢ ᠲᠥᠪᠯᠡᠷᠡᠭᠦᠯᠦᠨ ᠲᠤᠰᠠᠭᠠᠷᠯᠠᠬᠤ ᠶᠢᠨ ᠬᠠᠮᠲᠤ ᠪᠥᠭᠡᠮ ᠬᠦᠴᠢᠯ ᠤᠨ ᠪᠠᠶᠢᠴᠠᠭᠠᠯᠲᠠ ᠬᠢᠵᠦ᠂ 24 ᠴᠠᠭ ᠤᠨ ᠳᠣᠲᠣᠷ᠎ᠠ ᠦᠷ᠎ᠡ ᠳ᠋ᠦᠩ ᠢ ᠭᠠᠷᠭᠠᠵᠤ ᠥᠭᠭᠦᠨ᠎ᠡ᠂ ᠦᠷ᠎ᠡ ᠳ᠋ᠦᠩ ᠨᠢ ᠪᠢᠯᠢᠭ ᠴᠢᠨᠠᠷᠲᠠᠶ ᠪᠣᠯ᠂ ᠬᠤᠪᠢ ᠬᠥᠮᠦᠨ ᠤ ᠬᠠᠮᠠᠭᠠᠯᠠᠯᠲᠠ ᠪᠠ ᠡᠷᠡᠭᠦᠯ ᠮᠡᠨᠳᠦ ᠶᠢᠨ ᠬᠢᠨᠠᠨ ᠬᠡᠮᠵᠢᠯᠲᠡ ᠶᠢ ᠰᠠᠶᠢᠲᠤᠷ ᠬᠢᠭᠰᠡᠨ ᠤᠷᠢᠲᠠᠯ ᠳᠣᠤᠷ᠎ᠠ ᠡᠮᠬᠢ ᠵᠢᠷᠤᠮ ᠲᠠᠢ ᠪᠠᠷ ᠰᠢᠯᠵᠢᠭᠦᠯᠦᠨ᠎ᠡ᠃       ᠬᠤᠶᠠᠷ᠂ ᠬᠢᠨᠠᠨ ᠬᠡᠮᠵᠢᠵᠦ ᠰᠡᠷᠡᠮᠵᠢᠯᠡᠭᠦᠯᠬᠦ ᠶᠢ ᠴᠢᠩᠭᠠᠷᠠᠭᠤᠯᠤᠨ᠎ᠠ᠃ ᠪᠥᠬᠦ ᠬᠤᠲᠠ ᠶᠢᠨ ᠨᠢᠰᠬᠡᠯ ᠤᠨ ᠪᠠᠭᠤᠳᠠᠯ᠂ ᠭᠠᠯᠲᠤ ᠲᠡᠷᠭᠡᠨ ᠤ ᠥᠷᠲᠡᠭᠡ᠂ ᠠᠶᠠᠨᠴᠢᠳ ᠤᠨ ᠲᠡᠭᠡᠭᠡᠪᠦᠷᠢ ᠶᠢᠨ ᠥᠷᠲᠡᠭᠡ ᠪᠠ ᠬᠤᠲᠠ ᠶᠢᠨ ᠲᠣᠭᠤᠷᠢᠭ ᠤᠨ ᠣᠷᠣᠵᠤ ᠭᠠᠷᠬᠤ ᠭᠠᠵᠠᠷ ᠤᠨ ᠪᠠᠶᠢᠴᠠᠭᠠᠬᠤ ᠥᠷᠲᠡᠭᠡ ᠵᠡᠷᠭᠡ ᠭᠤᠤᠯᠳᠠᠯᠭ᠎ᠠ ᠲᠠᠢ ᠭᠤᠭᠴᠤᠭ᠎ᠠ ᠳᠤ ᠢᠷᠡᠬᠦ ᠪᠠ ᠥᠩᠭᠡᠷᠡᠬᠦ ᠳᠤᠮᠳᠠ ᠲᠦᠭᠰᠢᠭᠦᠷᠢ ᠶᠡᠬᠡᠲᠡᠶ ᠭᠠᠵᠠᠷ ᠣᠷᠣᠨ ᠵᠢᠴᠢ ᠲᠡᠭᠦᠨ ᠤ ᠪᠠᠶᠢᠭ᠎ᠠ ᠬᠤᠲᠠ ᠶᠢᠨ ᠮᠠᠨ ᠤ ᠬᠤᠲᠠ ᠳᠤ ᠪᠤᠴᠠᠵᠤ ᠢᠷᠡᠭᠰᠡᠨ ᠬᠥᠮᠦᠰ ᠢ ᠴᠢᠩᠭ᠎ᠠ ᠵᠢᠭᠰᠠᠭᠠᠨ ᠪᠠᠶᠢᠴᠠᠭᠠᠵᠤ᠂ ᠺᠣᠳ᠋ ᠰᠢᠷᠪᠢᠵᠦ ᠳᠤᠯᠠᠭᠠᠨ ᠢ ᠬᠡᠮᠵᠢᠬᠦ᠂ ᠮᠡᠳᠡᠭᠡ ᠵᠠᠩᠭᠢ ᠶᠢ ᠳᠠᠩᠰᠠᠯᠠᠬᠤ᠂ ᠡᠷᠡᠭᠦᠯ ᠮᠡᠨᠳᠦ ᠶᠢ ᠬᠢᠨᠠᠨ ᠬᠡᠮᠵᠢᠬᠦ ᠪᠠ ᠮᠡᠳᠡᠭᠡ ᠵᠠᠩᠭᠢ ᠶᠢ ᠮᠡᠳᠡᠭᠦᠯᠬᠦ ᠠᠵᠢᠯ ᠢ ᠰᠠᠶᠢᠲᠤᠷ ᠬᠢᠵᠦ᠂ ᠵᠣᠬᠢᠴᠠᠩᠭᠤᠶ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ ᠬᠡᠷᠡᠭᠲᠡᠶ᠃ ᠬᠥᠯᠥᠨ ᠪᠤᠶᠢᠷ ᠬᠤᠲᠠ ᠶᠢᠨ ᠬᠡᠪᠴᠢᠶᠡᠨ ᠳᠠᠬᠢ ᠬᠥᠮᠦᠰ ᠵᠠᠮ ᠬᠠᠷᠢᠯᠴᠠᠭᠠᠨ ᠤ ᠲᠠᠯᠠᠪᠤᠷ ᠥᠷᠲᠡᠭᠡ ᠪᠠ ᠪᠠᠶᠢᠴᠠᠭᠠᠬᠤ ᠥᠷᠲᠡᠭᠡ ᠪᠠᠷ ᠥᠩᠭᠡᠷᠡᠬᠦ ᠳᠡᠭᠡᠨ  ᠪᠦᠭᠡᠮ ᠬᠦᠴᠢᠯ ᠤᠨ ᠪᠠᠶᠢᠴᠠᠭᠠᠨ ᠰᠢᠯᠭᠠᠭᠰᠠᠨ ᠮᠡᠳᠡᠭᠦᠯᠦᠯᠲᠡ ᠶᠢ ᠳᠠᠭᠢᠵᠤ ᠪᠠᠶᠢᠴᠠᠭᠠᠨ ᠰᠢᠯᠭᠠᠬᠤ ᠥᠬᠡᠶ᠃ ᠡᠯ᠎ᠡ ᠭᠠᠵᠠᠷ ᠨᠢ ᠨᠡᠶᠢᠭᠡᠮ ᠲᠣᠭᠤᠷᠢᠭ ︵ᠭᠠᠴᠠᠭ᠎ᠠ ᠲᠣᠰᠬᠤᠨ︶ ᠤᠨ ᠬᠠᠮᠢᠶᠠᠷᠤᠯᠲᠠ ᠡᠵᠡᠮᠳᠡᠯ ᠢ ᠴᠢᠩᠭᠠᠳᠬᠠᠵᠤ᠂ ᠭᠠᠳᠠᠨ᠎ᠠ ᠠᠴᠠ ᠢᠷᠡᠭᠰᠡᠨ ᠬᠥᠮᠦᠰ  ᠰᠠᠭᠤᠭᠠᠯᠢ ᠲᠣᠭᠤᠷᠢᠭ ︵ᠭᠠᠴᠠᠭ᠎ᠠ ᠲᠣᠰᠬᠤᠨ︶ ᠲᠤ ᠣᠷᠣᠬᠤ ᠳᠤ ᠳᠤᠯᠠᠭᠠᠨ ᠢ ᠬᠡᠮᠵᠢᠬᠦ᠂ ᠺᠣᠳ᠋ ᠰᠢᠷᠪᠢᠬᠦ᠂ ᠳᠠᠩᠰᠠᠯᠠᠬᠤ ᠵᠡᠷᠭᠡ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ ᠬᠡᠷᠡᠭᠲᠡᠶ᠃ ᠡᠮᠴᠢᠯᠡᠭᠡᠨ ᠤ ᠪᠠᠶᠢᠭᠤᠯᠤᠮᠵᠢ ᠨᠢ ᠤᠷᠢᠳᠴᠢᠯᠠᠨ ᠪᠠᠶᠢᠴᠠᠭᠠᠵᠤ ᠰᠠᠯᠭᠠᠨ ᠣᠨᠣᠰᠢᠯᠠᠬᠤ ᠪᠠ ᠠᠩᠬ᠎ᠠ ᠣᠨᠣᠰᠢᠯᠠᠬᠤ ᠶᠢ ᠬᠠᠷᠢᠭᠤᠴᠠᠬᠤ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠬᠠᠯᠠᠭᠤᠷᠠᠵᠤ ᠪᠠᠶᠢᠭ᠎ᠠ ᠡᠭᠦᠳᠡᠨ ᠡᠮᠨᠡᠯᠭᠡ ︵ᠡᠮᠴᠢᠯᠡᠭᠡᠨ ᠤ ᠲᠠᠰᠤᠭ︶ ᠶᠢᠨ ᠡᠪᠡᠳᠴᠢᠲᠡᠨ ᠢ ᠪᠥᠭᠡᠮ ᠬᠦᠴᠢᠯ ᠤᠨ ᠪᠠᠶᠢᠴᠠᠭᠠᠨ ᠰᠢᠯᠭᠠᠭᠰᠠᠨ ᠦᠷ᠎ᠡ ᠳ᠋ᠦᠩ ᠢ ᠬᠠᠷᠢᠭᠤ ᠲᠤᠰᠬᠠᠬᠤ ᠠᠴᠠ ᠡᠮᠦᠨ᠎ᠡ ᠡᠷᠬᠡᠪᠰᠢ ᠲᠤᠰᠠᠭᠠᠷᠯᠠᠵᠤ ᠦᠯᠡᠳᠡᠭᠡᠨ ᠠᠵᠢᠭᠯᠠᠬᠤ ᠬᠡᠷᠡᠭᠲᠡᠶ᠃ ᠵᠢᠵᠢᠭᠯᠡᠨ ᠬᠤᠳᠠᠯᠳᠤᠬᠤ ᠡᠮ ᠤᠨ ᠳᠡᠯᠭᠡᠭᠦᠷ ᠬᠠᠯᠠᠭᠤᠨ ᠢ ᠪᠠᠭᠤᠷᠠᠭᠤᠯᠬᠤ᠂ ᠬᠠᠨᠢᠶᠠᠳᠤ ᠶᠢ ᠵᠣᠭᠰᠣᠭᠠᠬᠤ᠂ ᠸᠢᠷᠦ᠋ᠰ ᠢ ᠡᠰᠡᠷᠭᠦᠴᠡᠬᠦ ᠪᠠ ᠨᠢᠶᠠᠨ ᠳᠠᠷᠤᠭᠴᠢ ᠵᠡᠷᠭᠡ 4 ᠲᠥᠷᠥᠯ ᠤᠨ ᠡᠮ ‍ᠤᠨ‌ᠵᠦ᠋ᠢᠯ ᠢ ᠪᠣᠷᠣᠯᠠᠭᠤᠯᠬᠤ ᠳᠠᠭᠠᠨ ᠦᠨᠡᠨ ᠨᠡᠷ᠎ᠡ ᠪᠠᠷ ᠢᠶᠠᠨ ᠳᠠᠩᠰᠠᠯᠠᠭᠤᠯᠬᠤ ᠬᠡᠷᠡᠭᠲᠡᠶ᠃     ᠭᠤᠷᠪᠠ᠂ ᠬᠥᠮᠦᠰ ᠤᠨ ᠴᠤᠭᠯᠠᠷᠠᠬᠤ ᠶᠢ ᠬᠢᠵᠠᠭᠠᠷᠯᠠᠨ᠎ᠠ᠃ ᠪᠥᠬᠦ ᠬᠤᠲᠠ ᠶᠢᠨ ᠦᠵᠡᠮᠵᠢ ᠶᠢᠨ ᠣᠷᠣᠨ ᠦᠵᠡᠮᠵᠢ ᠶᠢᠨ ᠭᠠᠵᠠᠷ ᠪᠠ ᠨᠣᠮ ᠤᠨ ᠰᠠᠩ᠂ ᠺᠢᠨᠣ᠋ ᠵᠦᠴᠦᠭᠡ ᠶᠢᠨ ᠲᠢᠶᠠᠲᠷ᠂ ᠳᠠᠭᠤᠤ ᠬᠥᠭᠵᠢᠮ ᠤᠨ ᠲᠢᠩᠬᠢᠮ᠂ ᠰᠦᠯᠵᠢᠶᠡᠨ ᠤ ᠪᠠᠭᠠᠷ᠂ ᠪᠡᠶ᠎ᠡ ᠴᠢᠭᠢᠷᠠᠭᠵᠢᠭᠤᠯᠬᠤ ᠬᠡᠷ᠂ ᠰᠢᠲᠠᠷ᠎ᠠ ᠶᠢᠨ ᠬᠡᠷ᠂ ᠣᠯᠠᠨ ᠨᠡᠶᠢᠲᠡ ᠶᠢᠨ ᠤᠬᠢᠶᠠᠯᠭ᠎ᠠ ᠶᠢᠨ ᠬᠡᠷ ᠵᠡᠷᠭᠡ ᠵᠤᠭ᠎ᠠ ᠴᠡᠩᠭᠡᠯ ᠤᠨ ᠭᠠᠵᠠᠷ᠂ ᠱᠠᠰᠢᠨ ᠰᠤᠷᠲᠠᠬᠤᠨ ᠤ ᠭᠠᠵᠠᠷ᠂ ᠪᠣᠯᠪᠠᠰᠤᠷᠠᠭᠤᠯᠤᠯ ᠤᠨ ᠪᠠᠶᠢᠭᠤᠯᠤᠮᠵᠢ᠂ ᠬᠤᠪᠢ ᠶᠢᠨ ᠡᠮᠴᠢᠯᠡᠭᠡᠨ ᠤ ᠭᠠᠵᠠᠷ ᠵᠡᠷᠭᠡ ᠶᠢ ᠤᠷᠢᠳᠴᠢᠯᠠᠨ ᠪᠣᠯᠵᠣᠵᠤ ᠤᠷᠤᠰᠬᠠᠯ ᠢ ᠬᠢᠵᠠᠭᠠᠷᠯᠠᠬᠤ ᠂ ᠠᠷᠢᠭᠤᠳᠬᠠᠵᠤ ᠠᠷᠢᠯᠭᠠᠬᠤ ᠪᠠ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠰᠠᠶᠢᠲᠤᠷ ᠬᠢᠭᠰᠡᠨ ᠤᠷᠢᠲᠠᠯ ᠳᠣᠤᠷ᠎ᠠ ᠡᠮᠬᠢ ᠵᠢᠷᠤᠮ ᠲᠠᠢ ᠨᠡᠭᠡᠭᠡᠨ᠎ᠡ᠃ ᠵᠣᠴᠢᠳ ᠤᠨ ᠪᠠᠭᠤᠳᠠᠯ  ᠂ ᠬᠤᠳᠠᠯᠳᠤᠭᠠᠨ ᠤ ᠲᠠᠯᠠᠪᠤᠷ᠂ ᠬᠡᠲᠦ ᠳᠡᠯᠭᠡᠭᠦᠷ ᠵᠡᠷᠭᠡ ᠬᠥᠮᠦᠨ ᠬᠠᠷ᠎ᠠ ᠬᠤᠷᠠᠨ ᠴᠤᠭᠯᠠᠷᠠᠭᠰᠠᠨ ᠡᠯ᠎ᠡ ᠲᠥᠷᠥᠯ ᠤᠨ ᠭᠠᠵᠠᠷ  ᠲᠤ ᠡᠷᠬᠡᠪᠰᠢ ᠺᠣᠳ᠋ ᠰᠢᠷᠪᠢᠵᠦ ᠳᠤᠯᠠᠭᠠᠨ ᠢ ᠬᠡᠮᠵᠢᠬᠦ᠂ ᠠᠮᠠᠪᠴᠢ ᠵᠡᠭᠦᠬᠦ᠂ ᠠᠮᠤᠷ ᠲᠦᠪᠰᠢᠨ ᠨᠡᠶᠢᠭᠡᠮ ᠤᠨ ᠬᠠᠷᠢᠯᠴᠠᠭᠠᠨ ᠤ ᠵᠠᠶ ᠶᠢ ᠪᠠᠲᠤᠯᠠᠬᠤ ᠵᠡᠷᠭᠡ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠵᠤ᠂ ᠬᠥᠮᠦᠨ ᠤ ᠴᠤᠪᠤᠷᠠᠯ ᠢ ᠴᠢᠩᠭ᠎ᠠ ᠬᠢᠵᠠᠭᠠᠷᠯᠠᠵᠤ᠂ ᠣᠷᠣᠵᠤ ᠭᠠᠷᠬᠤ ᠵᠠᠮ ᠭᠠᠷᠭᠠᠬᠤ ᠬᠡᠷᠡᠭᠲᠡᠶ᠃ ᠨᠠᠰᠤᠲᠠᠨ ᠢ ᠠᠰᠠᠷᠠᠬᠤ ᠬᠦᠷᠢᠶᠡᠯᠡᠩ᠂ ᠠᠰᠠᠷᠠᠮᠵᠢ ᠶᠢᠨ ᠬᠦᠷᠢᠶᠡᠯᠡᠩ᠂ ᠭᠢᠨᠳᠠᠨ ᠤ ᠭᠠᠵᠠᠷ᠂ ᠣᠶᠣᠨ ᠤ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠨᠤᠭᠤᠳ ᠡᠷᠭᠢᠵᠦ ᠦᠵᠡᠬᠦ ᠬᠠᠮᠢᠶᠠᠷᠤᠯᠲᠠ ᠶᠢ ᠴᠢᠩᠳᠠᠯᠠᠬᠤ ᠬᠡᠷᠡᠭᠲᠡᠶ᠃ 50 ᠭᠠᠷᠤᠶ ᠬᠥᠮᠦᠨ ᠤ ᠬᠤᠷᠠᠯ ᠪᠠ ᠠᠵᠢᠯᠯᠠᠭ᠎ᠠ ᠡᠷᠭᠢᠯᠡᠬᠦ ᠳᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠤᠰᠬᠠᠶ ᠲᠥᠰᠦᠯ ᠲᠣᠭᠲᠠᠭᠠᠬᠤ ᠶᠢᠨ ᠬᠠᠮᠲᠤ ᠬᠠᠷᠢᠶ᠎ᠠ ᠭᠠᠵᠠᠷ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ ᠲᠤ ᠮᠡᠳᠡᠭᠦᠯᠵᠦ᠂ ᠵᠥᠪᠰᠢᠶᠡᠷᠡᠭᠰᠡᠨ ᠤ ᠳᠠᠷᠠᠭ᠎ᠠ ᠰᠠᠶ᠋ᠢ ᠡᠷᠭᠢᠯᠡᠵᠦ ᠪᠣᠯᠤᠨ᠎ᠠ᠃      ᠲᠦᠷᠪᠡ᠂ ᠬᠥᠮᠦᠨ ᠤ ᠰᠢᠯᠵᠢᠬᠦ ᠶᠢ ᠪᠠᠭᠠᠰᠬᠠᠨ᠎ᠠ᠃ ᠤᠯᠤᠰ ᠤᠨ ᠳᠣᠲᠣᠭᠠᠳᠤ ᠭᠠᠳᠠᠭᠠᠳᠤ ᠶᠢᠨ ᠬᠢᠵᠢᠭ ᠤᠨ ᠥᠷᠭᠡᠨ ᠣᠯᠠᠨ ᠬᠤᠲᠠ ᠶᠢᠨ ᠠᠷᠠᠳ ᠣᠶᠢᠷ᠎ᠠ ᠶᠢᠨ ᠬᠤᠭᠤᠴᠠᠭᠠᠨ ᠳᠤ  ᠴᠢᠬᠤᠯᠠ ᠦᠭᠡᠢ ᠪᠣᠯ ᠭᠠᠳᠠᠭᠰᠢ ᠭᠠᠷᠬᠤ ᠦᠭᠡᠶ ᠪᠠᠶᠢᠬᠤ ᠬᠡᠷᠡᠭᠲᠡᠶ᠂ ᠲᠤᠰ ᠭᠠᠵᠠᠷ ᠤᠨ ᠬᠢᠵᠢᠭ ᠤᠨ ᠪᠠᠶᠢᠳᠠᠯ ᠭᠠᠷᠤᠭᠰᠠᠨ ᠬᠤᠲᠠ ᠪᠠ ᠭᠠᠵᠠᠷ ᠣᠷᠣᠨ ᠳᠤ ᠠᠯᠪᠠᠨ ᠠᠵᠢᠯ ᠢᠶᠠᠷ ᠭᠠᠳᠠᠭᠰᠢ ᠭᠠᠷᠬᠤ᠂ ᠲᠥᠷᠥᠯ ᠰᠠᠳᠤᠨ ᠨᠠᠶᠢᠵᠠ ᠨᠥᠬᠦᠳ ᠢᠶᠠᠨ ᠡᠷᠭᠢᠨ ᠦᠵᠡᠬᠦ ᠦᠭᠡᠶ᠂ ᠬᠡᠷᠪᠡ ᠵᠠᠪᠠᠯ ᠣᠴᠢᠬᠤ ᠴᠢᠬᠤᠯᠠ ᠲᠠᠢ ᠪᠣᠯ ᠠᠵᠢᠯᠯᠠᠵᠤ ᠪᠠᠶᠢᠭ᠎ᠠ ᠨᠢᠭᠡᠴᠡ ᠪᠤᠶᠤ ᠪᠠᠶᠢᠭ᠎ᠠ ᠭᠠᠵᠠᠷ   ᠤᠨ ᠨᠡᠶᠢᠭᠡᠮ ᠲᠣᠭᠤᠷᠢᠭ ︵ᠭᠠᠴᠠᠭ᠎ᠠ ᠲᠣᠰᠬᠤᠨ︶  ᠲᠤ ᠤᠷᠢᠳᠴᠢᠯᠠᠨ ᠮᠡᠳᠡᠭᠦᠯᠦᠨ ᠳᠠᠩᠰᠠᠯᠠᠭᠤᠯᠵᠤ᠂ ᠨᠠᠮ ᠵᠠᠰᠠᠭ  ᠤᠨ ᠪᠠᠶᠢᠭᠤᠯᠤᠯᠭ᠎ᠠ ᠶᠢᠨ ᠠᠵᠢᠯᠳᠠᠨ᠂ ᠤᠯᠤᠰ   ‍ᠤᠨ‌ᠥᠮᠴᠢᠯᠡᠯᠳᠤ ᠠᠵᠤ ᠠᠬᠤᠶᠢᠯᠠᠯ ᠠᠵᠢᠯ ᠦᠢᠯᠡᠰ  ‍ᠤᠨ‌ᠨᠢᠭᠡᠴᠡ ᠶᠢᠨ ᠠᠵᠢᠯᠳᠠᠨ ᠠᠵᠢᠯᠴᠢᠨ ᠲᠦᠷᠦᠭᠦᠯᠡᠨ ᠭᠦᠢᠴᠡᠳᠬᠡᠬᠦ ᠬᠡᠷᠡᠭᠲᠡᠶ᠂ ᠦᠨᠡᠨᠬᠦ ᠣᠴᠢᠬᠤ ᠴᠢᠬᠤᠯᠠ ᠲᠠᠢ ᠪᠣᠯ ᠪᠠᠶᠢᠭ᠎ᠠ ᠨᠢᠭᠡᠴᠡ ᠠᠴᠠ ᠨᠢ ᠬᠢᠨᠠᠨ ᠵᠥᠪᠰᠢᠶᠡᠷᠡᠵᠦ ᠬᠠᠮᠢᠶᠠᠷᠬᠤ ᠶᠢ ᠴᠢᠩᠳᠠᠯᠠᠨ᠂ ︽ᠬᠡᠨ ᠬᠢᠨᠠᠨ ᠵᠥᠪᠰᠢᠶᠡᠷᠡᠭᠰᠡᠨ ᠪᠣᠯ  ᠬᠡᠨ ᠬᠠᠷᠢᠭᠤᠴᠠᠬᠤ︾ ᠱᠠᠭᠠᠷᠳᠠᠯᠭ᠎ᠠ ᠶᠢ ᠨᠠᠶᠢᠳᠠᠪᠤᠷᠢᠵᠢᠭᠤᠯᠤᠨ᠂ ᠪᠤᠴᠠᠵᠤ ᠢᠷᠡᠭᠰᠡᠨ   ᠤ ᠲᠠᠷᠠᠭ᠎ᠠ ᠱᠠᠭᠠᠷᠳᠠᠯᠭ᠎ᠠ ᠶᠣᠰᠣᠭᠠᠷ ᠲᠤᠰᠠᠭᠠᠷᠯᠠᠨ ᠬᠢᠨᠠᠨ ᠬᠡᠮᠵᠢᠬᠦ ᠪᠠ ᠪᠥᠭᠡᠮ ᠬᠦᠴᠢᠯ   ᠤᠨ ᠪᠠᠶᠢᠴᠠᠭᠠᠨ ᠬᠡᠮᠵᠢᠯᠲᠡ ᠬᠢᠬᠦ ᠬᠡᠷᠡᠭᠲᠡᠶ᠃ ᠰᠤᠷᠭᠠᠨ ᠬᠥᠮᠦᠵᠢᠯ ᠤᠨ ᠰᠠᠯᠠᠭ᠎ᠠ ᠮᠥᠴᠢᠷ ᠪᠠ ᠰᠤᠷᠭᠠᠭᠤᠯᠢ ᠨᠤᠭᠤᠳ ᠵᠣᠨ ᠤ ᠠᠮᠠᠷᠠᠯᠲᠠ ᠶᠢᠨ ᠬᠤᠭᠤᠴᠠᠭᠠᠨ ᠳᠤ ᠬᠤᠲᠠ ᠠᠴᠠ ᠰᠠᠯᠵᠤ ᠨᠤᠲᠤᠭ ᠲᠠᠭᠠᠨ ᠪᠤᠴᠠᠭᠰᠠᠨ ᠰᠣᠷᠣᠭᠴᠢ᠂ ᠪᠠᠭᠰᠢ ᠠᠵᠢᠯᠲᠠᠨ ᠤ ᠠᠶᠠᠨ ᠵᠠᠮ ᠪᠠ ᠡᠷᠡᠭᠦᠯ ᠮᠡᠨᠳᠦ ᠶᠢᠨ ᠪᠠᠶᠢᠳᠠᠯ ᠢ ᠪᠥᠬᠦ ᠲᠠᠯ᠎ᠠ ᠪᠠᠷ ᠡᠵᠡᠮᠰᠢᠵᠦ᠂ ᠰᠤᠷᠭᠠᠭᠤᠯᠢ ᠳᠠᠭᠠᠨ ᠪᠤᠴᠠᠬᠤ ᠠᠴᠠ ᠡᠮᠦᠨᠡᠬᠢ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠪᠣᠳᠠᠲᠠᠶ ᠪᠥᠭᠡᠳ ᠨᠠᠷᠢᠯᠢᠭ ᠬᠢᠬᠦ ᠬᠡᠷᠡᠭᠲᠡᠶ᠃        ᠲᠠᠪᠤ᠂ ᠬᠤᠪᠢ ᠬᠥᠮᠦᠨ ᠤ ᠬᠠᠮᠠᠭᠠᠯᠠᠯᠲᠠ ᠶᠢ ᠴᠢᠩᠭᠠᠳᠬᠠᠬᠤ ᠬᠡᠷᠡᠭᠲᠡᠶ᠃ ᠥᠷᠭᠡᠨ ᠤᠯᠠᠨ ᠬᠤᠳᠠ ᠶᠢᠨ ᠠᠷᠠᠳ ᠤᠯᠠᠨ ᠨᠡᠶᠢᠲᠡ ᠶᠢᠨ ᠲᠠᠯᠠᠪᠤᠷ ᠲᠤ ᠣᠷᠣᠵᠤ ᠭᠠᠷᠬᠤ ᠪᠠ ᠤᠯᠠᠨ ᠨᠡᠶᠢᠲᠡ ᠶᠢᠨ ᠵᠠᠮ ᠬᠠᠷᠢᠯᠴᠠᠭᠠᠨ ᠤ ᠪᠠᠭᠠᠵᠢ ᠬᠡᠷᠡᠭᠰᠡᠯ ᠳᠤ ᠰᠠᠭᠤᠬᠤ ᠳᠠᠭᠠᠨ ᠠᠮᠠᠪᠴᠢ ᠵᠡᠭᠦᠬᠦ ᠶᠢ ᠪᠦᠬᠦ ᠶᠠᠪᠤᠴᠠ ᠳᠤ ᠵᠢᠷᠤᠮᠵᠢᠭᠤᠯᠵᠤ᠂ ᠤᠯᠠᠨ ᠨᠡᠶᠢᠲᠡ ᠶᠢᠨ ᠬᠡᠷᠡᠭᠰᠡᠯ ᠲᠠᠢ ᠣᠶᠢᠷᠠᠳᠬᠤ ᠠᠴᠠ ᠠᠯᠢ ᠴᠢᠳᠠᠬᠤ ᠪᠠᠷ ᠵᠠᠶᠢᠯᠠᠰᠬᠢᠵᠦ᠂ ᠢᠳᠡᠬᠦ ᠪᠠ ᠤᠤᠭᠤᠬᠤ ᠤᠳᠠᠭ᠎ᠠ ᠪᠠᠨ ᠪᠠᠭᠠᠰᠬᠠᠬᠤ ᠬᠡᠷᠡᠭᠲᠡᠶ᠃ ᠭᠠᠷ ᠢᠶᠠᠨ ᠦᠷᠭᠦᠯᠵᠢ ᠤᠬᠢᠶᠠᠬᠤ᠂ ᠰᠠᠯᠬᠢ ᠢᠯᠡᠭᠦᠬᠡᠨ ᠨᠡᠪᠲᠡᠷᠡᠭᠦᠯᠬᠦ᠂ ᠬᠤᠪᠢᠳᠠᠨ ᠬᠤᠭᠤᠯᠠᠯᠠᠬᠤ᠂ ᠨᠡᠶᠢᠲᠡ ᠶᠢᠨ ᠰᠠᠪᠬ᠎ᠠ ᠬᠡᠷᠡᠭᠯᠡᠬᠦ᠂ ᠦᠷᠭᠦᠯᠵᠢ ᠠᠷᠢᠭᠤᠳᠬᠠᠬᠤ ᠵᠡᠷᠭᠡ ᠰᠠᠶᠢᠨ ᠰᠠᠶᠢᠬᠠᠨ ᠳᠠᠳᠬᠠᠯ ᠢ ᠪᠠᠷᠢᠮᠲᠠᠯᠠᠵᠤ᠂ ᠠᠮᠤᠷ ᠲᠦᠪᠰᠢᠨ ᠨᠡᠶᠢᠭᠡᠮ ᠤᠨ ᠬᠠᠷᠢᠯᠴᠠᠭᠠᠨ ᠤ ᠵᠠᠶ ᠶᠢ ᠪᠠᠲᠤᠯᠠᠬᠤ ᠬᠡᠷᠡᠭᠲᠡᠶ᠃ ᠬᠡᠷᠪᠡ ᠲᠣᠯᠣᠭᠠᠶ ᠡᠪᠡᠳᠴᠦ ᠬᠠᠯᠠᠭᠤᠷᠠᠬᠤ᠂ ᠬᠠᠨᠢᠶᠠᠯᠭᠠᠵᠤ ᠲᠠᠮᠢᠷᠳᠠᠬᠤ᠂ ᠦᠨᠦᠷᠯᠡᠬᠦ ᠰᠡᠷᠡᠯ ᠮᠠᠭᠤᠳᠠᠬᠤ ᠪᠠ ᠰᠠᠭᠤᠯᠭᠠᠬᠤ ᠵᠡᠷᠭᠡ ᠬᠡᠪ ᠤᠨ ᠪᠤᠰᠤ ᠢᠯᠡᠷᠡᠯ ᠲᠠᠢ ᠪᠠᠶᠢᠪᠠᠯ᠂ ᠲᠡᠷᠡ ᠳᠠᠷᠤᠶ ᠳᠤᠨᠢ ᠬᠤᠪᠢ ᠬᠥᠮᠦᠨ ᠤ ᠰᠡᠷᠭᠡᠶᠢᠯᠡᠯᠲᠡ ᠶᠢ ᠰᠠᠶᠢᠲᠤᠷ ᠬᠢᠬᠦ ᠶᠢᠨ ᠬᠠᠮᠲᠤ ᠬᠠᠯᠠᠭᠤᠷᠠᠵᠤ ᠪᠠᠶᠢᠭ᠎ᠠ ᠡᠭᠦᠳᠡᠨ ᠡᠮᠨᠡᠯᠭᠡ ᠶᠢᠨ ᠡᠮᠴᠢᠯᠡᠭᠡᠨ ᠤ ᠪᠠᠶᠢᠭᠤᠯᠤᠮᠵᠢ ᠳᠤ ᠣᠴᠢᠵᠤ ᠡᠮᠨᠡᠭᠦᠯᠦᠨ᠂ ᠵᠠᠮ ᠵᠠᠭᠤᠷ᠎ᠠ ᠪᠠᠨ ᠠᠯᠢ ᠴᠢᠳᠠᠬᠤ ᠪᠠᠷ ᠣᠯᠠᠨ ᠨᠡᠶᠢᠲᠡ ᠶᠢᠨ ᠵᠠᠮ ᠬᠠᠷᠢᠯᠴᠠᠭᠠᠨ ᠤ ᠪᠠᠭᠠᠵᠢ ᠳᠤ ᠰᠠᠭᠤᠬᠤ ᠠᠴᠠ ᠵᠠᠶᠢᠯᠠᠰᠬᠢᠬᠦ ᠬᠡᠷᠡᠭᠲᠡᠶ᠃       ᠵᠢᠷᠭᠤᠭ᠎ᠠ᠂ ᠸᠠᠺᠼᠢᠨ ᠤ ᠲᠠᠷᠢᠯᠭ᠎ᠠ ᠶᠢ ᠲᠦᠷᠭᠡᠬᠡᠨ ᠬᠢᠬᠦ ᠬᠡᠷᠡᠭᠲᠡᠶ᠃ ᠰᠢᠨ᠎ᠡ  ᠲᠢᠲᠢᠮᠯᠢᠭ ᠸᠢᠷᠦ᠋ᠰ ᠤᠨ ᠸᠠᠺᠼᠢᠨ ᠢ ᠳᠠᠷᠢᠬᠤ ᠪᠣᠯ ᠰᠢᠨ᠎ᠡ  ᠲᠢᠲᠢᠮᠯᠢᠭ ᠠᠭᠤᠰᠬᠢᠨ ᠦᠷᠪᠢᠰᠦᠯ ᠢ ᠰᠡᠷᠭᠡᠶᠢᠯᠡᠬᠦ ᠪᠠ ᠬᠢᠵᠠᠭᠠᠷᠯᠠᠬᠤ ᠴᠢᠬᠤᠯᠠ ᠠᠷᠭ᠎ᠠ ᠬᠡᠮᠵᠢᠶ᠎ᠡ ᠮᠥᠨ᠂ ᠨᠠᠩ ᠴᠤ ᠠᠷᠠᠳ ᠢᠷᠭᠡᠨ ᠨᠢᠭᠡᠪᠦᠷᠢ ᠶᠢᠨ ᠬᠠᠷᠢᠭᠤᠴᠠᠯᠭ᠎ᠠ ᠪᠠ ᠡᠭᠦᠷᠭᠡ ᠮᠥᠨ᠃ ᠥᠷᠭᠡᠨ ᠤᠯᠠᠨ ᠬᠤᠳᠠ ᠶᠢᠨ ᠠᠷᠠᠳ ᠢᠳᠡᠪᠬᠢᠲᠡᠢ ᠪᠠᠷ ᠰᠠᠨᠠᠭᠠᠴᠢᠯᠠᠭ᠎ᠠ ᠠᠴᠠ ᠪᠠᠨ ᠰᠢᠨ᠎ᠡ ᠸᠠᠺᠼᠢᠨ ᠤ ᠲᠠᠷᠢᠯᠭ᠎ᠠ ᠬᠢᠵᠦ᠂ ᠪᠦᠬᠦ ᠬᠥᠮᠦᠰ ᠤᠨ ᠡᠭᠡᠯᠢᠯᠡᠭᠡ ᠶᠢᠨ ᠬᠠᠯᠬᠠᠪᠴᠢ ᠶᠢ ᠪᠦᠬᠦ ᠬᠦᠴᠦᠨ ᠢᠶᠠᠷ ᠢᠶᠠᠨ ᠪᠠᠶᠢᠭᠤᠯᠬᠤ ᠬᠡᠷᠡᠭᠲᠡᠢ᠃     ᠲᠤᠰ ᠠᠯᠪᠠᠨ ᠵᠠᠷ ᠢ ᠨᠡᠶᠢᠲᠡᠯᠡᠭᠰᠡᠨ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠂ ᠲᠤᠰ ᠠᠯᠪᠠᠨ ᠵᠠᠷ ᠤᠨ ᠱᠠᠭᠠᠷᠳᠠᠯᠭ᠎ᠠ ᠶᠢ ᠵᠥᠷᠢᠴᠡᠨ ᠬᠢᠵᠢᠭ ᠤᠨ ᠪᠠᠶᠢᠳᠠᠯ ᠢ ᠣᠷᠣᠭᠤᠯᠵᠤ ᠲᠠᠷᠬᠠᠭᠠᠨ ᠲᠠᠷᠬᠠᠭᠠᠭᠰᠠᠨ ᠪᠠᠶᠢᠪᠠᠯ᠂ ᠬᠤᠯᠪᠣᠭᠳᠠᠯ ᠪᠦᠬᠦᠢ ᠨᠢᠭᠡᠴᠢ ᠪᠠ ᠬᠤᠪᠢ ᠬᠥᠮᠦᠨ ᠤ ᠬᠠᠷᠢᠭᠤᠴᠠᠯᠭ᠎ᠠ ᠶᠢ ᠬᠠᠤᠯᠢ ᠶᠣᠰᠣᠭᠠᠷ ᠴᠢᠩᠭ᠎ᠠ ᠨᠡᠬᠡᠮᠵᠢᠯᠡᠨ᠎ᠡ                        ᠬᠥᠯᠥᠨ ᠪᠤᠶᠢᠷ ᠬᠤᠲᠠ ᠶᠢᠨ ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠤᠨ ᠠᠭᠤᠰᠬᠢᠨ ᠦᠷᠪᠢᠰᠦᠯ  ᠤᠨ ᠬᠠᠯᠳᠠᠪᠣᠷᠢᠯᠠᠯ ᠤᠨ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ                        2021ᠣᠨ ᠤ 8  ᠰᠠᠷ᠎ᠠ ᠶᠢᠨ 19      ᠤ ᠡᠳᠦᠷ
 
ᠢᠷᠡᠯᠲᠡ᠄ ᠵᠠᠯᠠᠨ ᠠᠶᠢᠯ ᠬᠤᠲᠠ ᠶᠢᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号