ᠵᠠᠯᠠᠨ ᠠᠶᠢᠯ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠠᠯᠪᠠᠨ ᠵᠠᠷ ︵ᠶᠢᠰᠦᠳᠦᠭᠡᠷ ᠬᠤᠭᠤᠴᠠᠭ᠎ᠠ︶ ᠤᠨ 67 ᠳ᠋ᠤᠭᠠᠷ ᠲᠣᠭᠠᠲᠤ
ᠨᠡᠶᠢᠲᠡᠯᠡᠭᠰᠡᠨ ᠴᠠᠭ᠄
2021/8/20
      ᠵᠠᠯᠠᠨ ᠠᠶᠢᠯ ᠬᠤᠲᠠ ᠶᠢᠨ ᠶᠢᠰᠦᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠠᠯ ᠤᠨ ᠣᠨᠴᠠ ᠵᠠᠷᠢᠮ ᠲᠥᠯᠥᠭᠡᠯᠡᠭᠴᠢ ᠶᠢᠨ ᠬᠢᠷᠢ ᠬᠡᠮ ᠤᠨ ᠲᠤᠬᠠᠶ ᠠᠯᠪᠠᠨ ᠵᠠᠷ             ︵2021 ᠣᠨ ᠤ 8 ᠰᠠᠷ᠎ᠠ ᠶᠢᠨ 17      ᠤ ᠡᠳᠦᠷ ᠵᠠᠯᠠᠨ ᠠᠶᠢᠯ ᠬᠤᠳᠠ ᠶᠢᠨ ᠶᠢᠰᠦᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠬᠤᠷᠢᠨ ᠨᠠᠢᠮᠠᠳᠤᠭᠠᠷ  ᠣᠳᠠᠭᠠᠨ ᠤ ᠬᠤᠷᠠᠯ ᠠᠴᠠ ᠲᠣᠭᠲᠠᠭᠠᠪᠠ            ᠴ᠊ᠵᠩᠭᠢᠰ ᠬᠠᠭᠠᠨ ᠪᠠᠯᠭᠠᠰᠤᠨ ᠠᠴᠠ ᠰᠣᠩᠭᠤᠵᠤ ᠭᠠᠷᠭᠠᠭᠰᠠᠨ ᠶᠢᠰᠦᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠵᠢᠶᠤᠤ ᠭᠠᠩ ᠸᠧᠶ ᠵᠠᠯᠠᠨ ᠠᠶᠢᠯ ᠬᠤᠲᠠ ᠠᠴᠠ ᠠᠵᠢᠯ ᠰᠢᠯᠵᠢᠭᠰᠡᠨ ᠪᠣᠯᠬᠤᠷ ︽ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠪᠣᠯᠤᠨ ᠣᠷᠣᠨ ᠨᠤᠲᠤᠭ ᠤᠨ ᠡᠯ᠎ᠡ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠬᠠᠤᠯᠢ︾ ᠶᠢᠨ ᠳᠥᠴᠢ ᠶᠢᠰᠦᠳᠦᠭᠡᠷ ᠵᠦᠢᠯ ᠤᠨ ᠲᠣᠭᠲᠠᠭᠠᠯ ᠢ ᠦᠨᠳᠦᠰᠦᠯᠡᠨ ᠵᠢᠶᠤᠤ ᠭᠠᠩ ᠸᠧᠶ ᠨᠥᠬᠦᠷ ᠤᠨ ᠲᠥᠯᠥᠭᠡᠯᠡᠭᠴᠢ ᠶᠢᠨ ᠬᠢᠷᠢ ᠬᠡᠮ ᠢ ᠡᠴᠦᠰᠯᠡᠭᠦᠯᠵᠡᠶ᠃        ᠮᠥᠬᠦᠴᠢ ᠪᠠᠯᠭᠠᠰᠤ ᠠᠴᠠ ᠰᠣᠩᠭᠤᠭᠰᠠᠨ ᠬᠤᠳᠠ ᠶᠢᠨ ᠶᠢᠰᠦᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠵᠠᠩ ᡁᠢ ᠶᠦᠩ᠂ ᠳᠠᠭᠤᠷ ᠦᠨᠳᠦᠰᠦᠲᠡᠨ ᠤ ᠰᠢᠶᠠᠩ ᠠᠴᠠ ᠰᠣᠩᠭᠤᠭᠰᠠᠨ ᠬᠤᠳᠠ ᠶᠢᠨ ᠶᠢᠰᠦᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠰᠢᠤᠢ ᠺᠦᠨ ᠰᠠᠨᠠᠭᠠᠴᠢᠯᠠᠭ᠎ᠠ ᠠᠴᠠ ᠪᠠᠨ ᠲᠥᠯᠥᠭᠡᠯᠡᠭᠴᠢ ᠶᠢᠨ ᠲᠤᠰᠢᠶᠠᠯ ᠠᠴᠠ ᠪᠠᠨ ᠪᠠᠭᠤᠵᠤ᠂ 2021 ᠣᠨ ᠤ 8 ᠰᠠᠷ᠎ᠠ ᠶᠢᠨ 17     ᠤ ᠡᠳᠦᠷ ᠵᠠᠯᠠᠨ ᠠᠶᠢᠯ ᠬᠤᠳᠠ ᠶᠢᠨ ᠶᠢᠰᠦᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠬᠤᠷᠢᠨ ᠨᠠᠢᠮᠠᠳᠤᠭᠠᠷ ᠬᠤᠷᠠᠯ ᠠᠴᠠ ᠲᠡᠭᠦᠨ ᠤ ᠲᠤᠰᠢᠶᠠᠯ ᠠᠴᠠ ᠪᠠᠨ ᠪᠠᠭᠤᠬᠤ ᠭᠤᠶᠤᠴᠢᠯᠠᠯ ᠢ ᠬᠦᠯᠢᠶᠡᠨ ᠠᠪᠬᠤ ᠪᠠᠷ ᠲᠣᠭᠲᠠᠪᠠ᠃ ︽ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠪᠣᠯᠤᠨ ᠣᠷᠣᠨ ᠨᠤᠲᠤᠭ ᠤᠨ ᠡᠯ᠎ᠡ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠬᠠᠤᠯᠢ︾ ᠶᠢᠨ ᠳᠥᠴᠢ ᠶᠢᠰᠦᠳᠦᠭᠡᠷ ᠵᠦᠢᠯ ᠤᠨ ᠲᠣᠭᠲᠠᠭᠠᠯ ᠢ ᠦᠨᠳᠦᠰᠦᠯᠡᠨ᠂ ᠵᠠᠩ ᡁᠢ ᠶᠦᠩ᠂ ᠰᠢᠤᠢ ᠺᠦᠨ ᠨᠥᠬᠦᠷ ᠤᠨ ᠲᠥᠯᠥᠭᠡᠯᠡᠭᠴᠢ ᠶᠢᠨ ᠬᠢᠷᠢ ᠬᠡᠮ ᠢ ᠳᠠᠭᠤᠰᠬᠠᠨ᠎ᠠ᠃      ᠣᠳᠣᠬᠠᠨ ᠪᠣᠯᠲᠠᠯ᠎ᠠ᠂ ᠵᠠᠯᠠᠨ ᠠᠶᠢᠯ ᠬᠤᠲᠠ ᠶᠢᠨ ᠶᠢᠰᠦᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ 190 ᠬᠥᠮᠦᠨ ᠪᠠᠶᠢᠨ᠎ᠠ  ᠃                                               ᠡᠭᠦᠨ ᠤ ᠲᠤᠯᠠ ᠣᠨᠴᠠᠭᠠᠶᠢᠯᠠᠨ ᠵᠠᠷᠯᠠᠪᠠ᠃
 
ᠢᠷᠡᠯᠲᠡ᠄ ᠵᠠᠯᠠᠨ ᠠᠶᠢᠯ ᠬᠤᠲᠠ ᠶᠢᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号