ᠡᠭᠡᠯᠢᠯᠡᠭᠡ ᠶᠢᠨ ᠬᠠᠯᠬᠠᠪᠴᠢ ᠶᠢ ᠪᠥᠬᠦ ᠬᠦᠴᠦᠨ ᠢᠶᠠᠷ ᠢᠶᠠᠨ ᠪᠠᠶᠢᠭᠤᠯᠵᠤ᠂ ᠠᠵᠢᠯᠲᠠᠨ ᠠᠵᠢᠯᠴᠢᠨ ᠣᠯᠠᠨ | ᠲᠦᠮᠡᠨ ᠤ ᠠᠮᠢ ᠨᠠᠰᠤᠨ ᠤ ᠠᠮᠤᠷ ᠲᠦᠪᠰᠢᠨ ᠢ ᠪᠠᠲᠤᠯᠠᠬᠤ ᠶᠢᠨ ᠲᠥᠯᠥᠭᠡ᠂ ᠰᠢᠨ᠎ᠡ ᠲᠢᠳᠢᠮ ᠠᠭᠤᠰᠬᠢᠨ | ᠦᠷᠪᠢᠰᠦᠯ ᠤᠨ ᠸᠠᠺᠼᠢᠨ ᠤ ᠲᠠᠷᠢᠯᠭ᠎ᠠ ᠶᠢᠨ ᠠᠵᠢᠯ ᠢ ᠥᠷᠨᠢᠭᠦᠯᠦᠭᠰᠡᠨ ᠠᠴᠠ ᠨᠠᠰᠢ᠂ ᠮᠠᠨ ᠤ ᠬᠤᠲᠠ ᠶᠢᠨ ᠡᠯ᠎ᠡ | ᠣᠶ ᠰᠢᠭᠤᠶ ᠶᠢᠨ ᠲᠠᠯᠠᠪᠠᠶ ᠳᠤ ︽ᠪᠢ ᠣᠯᠠᠨ ᠲᠦᠮᠡᠨ ᠳᠤ ᠪᠣᠳᠠᠲᠠᠶ ᠠᠵᠢᠯ ᠬᠢᠵᠦ ᠥᠭᠬᠦ︾ ᠠᠵᠢᠯᠯᠠᠭ᠎ᠠ ᠶᠢ | ᠭᠦᠨᠵᠡᠭᠡᠶ ᠤᠶᠢᠯᠡᠳᠤᠯᠭᠡᠵᠢᠭᠦᠯᠵᠦ᠂ ᠸᠠᠺᠼᠢᠨ ᠤ ᠲᠠᠷᠢᠯᠭ᠎ᠠ ᠶᠢᠨ ᠲᠤᠰᠬᠠᠶ ᠲᠡᠷᠭᠡ ᠳᠣᠭᠢᠷᠠᠭᠤᠯᠤᠨ᠂ ᠠᠵᠢᠯᠲᠠᠨ | ᠠᠵᠢᠯᠴᠢᠨ ᠣᠯᠠᠨ ᠲᠦᠮᠡᠨ ᠢ ᠲᠣᠭᠲᠠᠭᠰᠠᠨ ᠲᠠᠷᠢᠯᠭ᠎ᠠ ᠶᠢᠨ ᠴᠡᠭ ᠲᠤ ᠦᠨ᠎ᠡ ᠲᠥᠯᠥᠪᠦᠷᠢ ᠥᠬᠡᠶ ᠪᠠᠷ ᠲᠤᠰᠴᠤ | ᠬᠦᠷᠭᠡᠵᠦ᠂ ᠸᠠᠺᠼᠢᠨ ᠤ ᠲᠠᠷᠢᠯᠭ᠎ᠠ ᠶᠢᠨ ︽ᠡᠴᠦᠰ ᠤᠨ ᠨᠢᠭᠡ ᠺᠢᠯᠣᠮᠧᠲᠷ︾ ᠢ ᠢᠳᠡᠪᠬᠢᠲᠡᠶ ᠨᠡᠪᠲᠡᠷᠡᠭᠦᠯᠪᠡ᠃ | ᠪᠥᠬᠦ ᠠᠷᠠᠳ ᠢᠶᠠᠷ ᠢᠶᠠᠨ ᠰᠦᠢᠳᠭᠡᠯ ᠬᠤᠷᠢᠶᠠᠬᠤ ᠥᠬᠡᠶ ᠪᠠᠷ ᠸᠠᠺᠼᠢᠨ ᠤ ᠲᠠᠷᠢᠯᠭ᠎ᠠ ᠬᠢᠬᠦ ᠶᠡᠭᠡ | ᠰᠠᠶᠢᠨ ᠲᠥᠷᠥ ᠶᠢᠨ ᠪᠣᠳᠣᠯᠭ᠎ᠠ ᠳᠣᠤᠷ᠎ᠠ᠂ ᠡᠯ᠎ᠡ ᠣᠶ ᠰᠢᠭᠤᠶ ᠶᠢᠨ ᠲᠠᠯᠠᠪᠠᠶ ᠨᠤᠭᠤᠳ ᠸᠠᠺᠼᠢᠨ ᠤ ᠲᠠᠷᠢᠯᠭ᠎ᠠ ᠶᠢᠨ | ᠠᠵᠢᠯ ᠢ ᠯᠠᠪᠳᠠᠭᠤᠨ ᠪᠠᠲᠤᠲᠠᠶ ᠪᠥᠭᠡᠳ ᠡᠮᠬᠢ ᠵᠢᠷᠤᠮ ᠲᠠᠢ ᠪᠠᠷ ᠠᠬᠢᠭᠤᠯᠵᠤ᠂ ᠡᠳᠦᠷ ᠪᠦᠷᠢ ᠸᠠᠺᠼᠢᠨ ᠤ | ᠲᠠᠷᠢᠯᠭ᠎ᠠ ᠶᠢᠨ ᠵᠠᠳᠠᠯᠤᠯᠲᠠ ᠶᠢᠨ ᠬᠤᠷᠠᠯ ᠬᠢᠵᠦ᠂ ᠸᠠᠺᠼᠢᠨ ᠤ ᠲᠠᠷᠢᠯᠭ᠎ᠠ ᠶᠢᠨ ᠲᠣᠬᠢᠷᠠᠭᠤᠯᠤᠯᠲᠠ ᠶᠢᠨ ᠡᠭᠦᠷᠭᠡ ᠶᠢᠨ | ᠬᠦᠰᠦᠨᠦᠭᠲᠦ ᠶᠢ ᠲᠣᠭᠲᠠᠭᠠᠨ᠂ ᠬᠠᠷᠢᠶ᠎ᠠ ᠣᠷᠣᠨ ᠲᠠᠢ ᠪᠠᠨ ᠨᠢᠭᠡᠳᠦᠯᠲᠡᠶ ᠲᠥᠯᠥᠪᠯᠡᠨ ᠬᠤᠯᠪᠣᠭᠠᠯᠠᠨ ᠬᠥᠳᠡᠯᠦᠯᠴᠡᠵᠦ | ᠥᠨᠳᠥᠷ ᠲᠦᠪᠰᠢᠨ ᠳᠤ ᠠᠬᠢᠭᠤᠯᠤᠨ᠎ᠠ᠃ ᠬᠦᠯᠢᠶᠡᠨ ᠠᠪᠬᠤ ᠶᠣᠰᠣᠲᠠᠶ ᠶᠢ ᠨᠢ ᠴᠥᠮ ᠬᠦᠯᠢᠶᠡᠨ ᠠᠪᠬᠤ | ᠬᠠᠷᠠᠯᠲᠠ ᠶᠢ ᠪᠣᠳᠠᠲᠠᠶᠢᠵᠢᠭᠤᠯᠬᠤ ᠶᠢᠨ ᠲᠥᠯᠥᠭᠡ᠂ ᠡᠯ᠎ᠡ ᠤᠢ ᠰᠢᠭᠤᠢ ᠶᠢᠨ ᠲᠠᠯᠠᠪᠠᠢ ᠶᠢᠨ ᠲᠣᠣᠷᠴᠢᠯᠠᠯ ᠤᠨ | ᠬᠠᠮᠢᠶᠠᠷᠤᠯᠲᠠ ᠶᠢ ᠴᠢᠩᠭᠠᠳᠬᠠᠵᠤ᠂ ᠬᠥᠮᠦᠨ ᠠᠮᠠ ᠶᠢᠨ ᠰᠠᠭᠤᠷᠢ ᠲᠤᠭ᠎ᠠ ᠶᠢᠨ ᠰᠠᠭᠤᠷᠢ ᠪᠣᠯᠤᠨ ᠸᠠᠺᠼᠢᠨ ᠤ | ᠲᠠᠷᠢᠯᠭ᠎ᠠ ᠶᠢᠨ ᠰᠠᠭᠤᠷᠢ ᠶᠢ ᠦᠨᠡᠨᠬᠦ ᠲᠣᠳᠣᠷᠬᠠᠢ ᠣᠶᠢᠯᠠᠭᠠᠵᠤ᠂ ᠡᠷᠦᠭᠡ ᠳᠠᠷᠠᠭᠠᠯᠠᠨ ︽ᠡᠭᠦᠳᠡ ᠲᠣᠭᠰᠢᠬᠤ | ᠠᠵᠢᠯᠯᠠᠭ᠎ᠠ︾᠂ ︽ᠴᠡᠭ ᠠᠴᠠ ᠴᠡᠭ ᠲᠤ︾᠂ ︽ᠬᠥᠮᠦᠨ ᠠᠴᠠ ᠬᠥᠮᠦᠨ ᠳᠤ︾ ᠪᠠᠶᠢᠳᠠᠯ ᠢ ᠤᠢᠢᠯᠠᠭᠠᠨ | ᠳᠠᠩᠰᠠᠯᠠᠬᠤ᠂ ᠤᠬᠠᠭᠤᠯᠤᠨ ᠳᠠᠶᠢᠴᠢᠯᠠᠬᠤ ᠠᠵᠢᠯ ᠢ ᠥᠷᠨᠢᠭᠦᠯᠪᠡ᠃ ᠵᠠᠷᠢᠮ ᠦᠵᠡᠯ ᠰᠠᠨᠠᠭᠠᠨ ᠤ ᠳᠠᠷᠤᠭᠠᠰᠤ | ᠲᠠᠢ ᠠᠵᠢᠯᠴᠢᠨ ᠣᠯᠠᠨ ᠲᠦᠮᠡᠨ ᠳᠤ ᠴᠢᠭᠯᠡᠭᠦᠯᠦᠨ᠂ ᠡᠯ᠎ᠡ ᠣᠶ ᠰᠢᠭᠤᠶ ᠶᠢᠨ ᠲᠠᠯᠠᠪᠠᠶ ᠠᠴᠠ ᠠᠵᠢᠯᠲᠠᠨ | ᠲᠣᠮᠢᠯᠠᠨ ᠬᠡᠷ ᠲᠤ ᠨᠢ ᠣᠴᠢᠭᠤᠯᠤᠨ ᠨᠡᠪᠲᠡᠷᠡᠯᠴᠡᠭᠦᠯᠵᠦ᠂ ᠪᠣᠳᠠᠲᠠᠶ ᠪᠠᠶᠢᠳᠠᠯ ᠢ ᠣᠶᠢᠯᠠᠭᠠᠵᠤ᠂ ᠰᠢᠨᠵᠢᠯᠡᠬᠦ | ᠤᠬᠠᠭᠠᠨᠴᠢ ᠪᠠᠷ ᠬᠢᠵᠢᠭ ᠢ ᠰᠡᠷᠭᠡᠶᠢᠯᠡᠬᠦ ᠮᠡᠳᠡᠯᠭᠡ ᠶᠢ ᠣᠶᠢᠯᠠᠭᠠᠭᠤᠯᠵᠤ ᠂ ᠸᠠᠺᠼᠢᠨ ᠤ ᠲᠠᠷᠢᠯᠭ᠎ᠠ ᠶᠢᠨ | ᠰᠡᠵᠢᠭ ᠲᠤ ᠬᠠᠷᠢᠭᠤᠯᠲᠠ ᠥᠭᠴᠦ᠂ ᠣᠯᠠᠨ ᠲᠦᠮᠡᠨ ᠤ ᠸᠠᠺᠼᠢᠨ ᠤ ᠲᠤᠬᠠᠶ ᠣᠶᠢᠯᠠᠭᠠᠯᠲᠠ ᠶᠢᠨ ᠬᠡᠮᠵᠢᠶ᠎ᠡ | ᠶᠢ ᠨᠡᠮᠡᠭᠳᠡᠭᠦᠯᠦᠨ᠂ ᠳᠤᠷ᠎ᠠ ᠦᠭᠡᠶᠢᠴᠡᠬᠦ ᠰᠡᠳᠬᠢᠯᠭᠡ ᠶᠢ ᠨᠢ ᠪᠠᠭᠤᠷᠠᠭᠤᠯᠤᠭᠰᠠᠨ ᠪᠠᠶᠢᠨ᠎ᠠ᠃ ᠵᠠᠷᠢᠮ ᠠᠵᠢᠯᠲᠠᠨ | ᠠᠵᠢᠯᠴᠢᠨ ᠣᠯᠠᠨ ᠲᠦᠮᠡᠨ ᠤ ᠨᠠᠰᠤ ᠨᠢ ᠨᠡᠯᠢᠶᠡᠳ ᠶᠡᠭᠡ᠂ ᠶᠠᠪᠤᠵᠤ ᠰᠠᠭᠤᠬᠤ ᠳᠤ ᠳᠥᠭᠦᠮ ᠦᠭᠡᠢ ᠵᠡᠷᠭᠡ | ᠪᠣᠳᠠᠲᠠᠶ ᠬᠦᠴᠢᠷᠳᠡᠯ ᠳᠤ ᠴᠢᠭᠯᠡᠭᠦᠯᠦᠨ᠂ ᠡᠯ᠎ᠡ ᠣᠶ ᠰᠢᠭᠤᠶ ᠶᠢᠨ ᠲᠠᠯᠠᠪᠠᠶ ᠨᠤᠭᠤᠳ ︽ᠬᠠᠶᠢᠷ᠎ᠠ ᠬᠠᠯᠠᠮᠵᠢ | ᠬᠦᠷᠭᠡᠬᠦ ᠲᠤᠰᠬᠠᠶ ᠲᠡᠷᠭᠡ︾ ᠶᠢ ᠡᠯ᠎ᠡ ᠬᠡᠷ ᠤᠨ ᠡᠭᠦᠳᠡᠨ ᠳᠤ ᠬᠦᠷᠭᠡᠵᠦ᠂ ᠮᠡᠳᠡᠭᠡ ᠵᠠᠩᠭᠢ ᠲᠠᠭᠯᠠᠬᠤ᠂ ᠬᠦᠯᠢᠶᠡᠬᠦ᠂ | ᠲᠠᠷᠢᠯᠭ᠎ᠠ ᠳᠠᠷᠢᠬᠤ᠂ ᠦᠯᠡᠳᠡᠭᠡᠨ ᠠᠵᠢᠭᠯᠠᠬᠤ ᠵᠡᠷᠭᠡ ᠪᠥᠬᠦ ᠶᠠᠪᠤᠴᠠ ᠳᠤ ᠵᠢᠯᠣᠭᠤᠳᠣᠯᠭ᠎ᠠ ᠪᠠ ᠬᠠᠪᠰᠤᠷᠤᠯᠭ᠎ᠠ | ᠦᠵᠡᠭᠦᠯᠪᠡ᠃ ᠣᠲᠣ ᠪᠣᠯᠲᠠᠯ᠎ᠠ᠂ ᠡᠯ᠎ᠡ ᠣᠶ ᠰᠢᠭᠤᠶ ᠶᠢᠨ ᠲᠠᠯᠠᠪᠠᠶ ᠶᠢᠨ ᠬᠢᠨ ᠸᠠᠺᠼᠢᠨ ᠤ ᠲᠠᠷᠢᠯᠭ᠎ᠠ ᠶᠢᠨ | ᠲᠤᠰᠬᠠᠶ ᠲᠡᠷᠭᠡ ᠶᠢ 30 ᠭᠠᠷᠤᠶ ᠤᠳᠠᠭ᠎ᠠ ᠬᠥᠳᠡᠯᠭᠡᠵᠦ᠂ ᠣᠶ ᠰᠢᠭᠤᠶ ᠡᠪᠡᠰᠦ ᠪᠡᠯᠴᠢᠭᠡᠷ ᠤᠨ ᠰᠢᠰᠲ᠋ᠧᠮ ᠳᠤ | ᠸᠠᠺᠼᠢᠨ ᠤ ᠲᠠᠷᠢᠯᠭ᠎ᠠ ᠶᠢᠨ ᠬᠥᠮᠦᠨ ᠤ ᠲᠤᠭ᠎ᠠ ᠨᠡᠶᠢᠲᠡ 1501 ᠬᠦᠷᠴᠡᠶ᠃ | | ᠵᠠᠯᠭᠠᠭᠠᠳ᠂ ᠡᠯ᠎ᠡ ᠣᠶ ᠰᠢᠭᠤᠶ ᠶᠢᠨ ᠲᠠᠯᠠᠪᠠᠶ ᠶᠢᠨ ᠬᠢᠨ ᠦᠷᠭᠦᠯᠵᠢᠯᠡᠨ ᠬᠤᠲᠠ ᠶᠢᠨ ᠨᠠᠮ ᠤᠨ ᠬᠤᠷᠢᠶ᠎ᠠ᠂ | ᠵᠠᠰᠠᠭ ᠤᠨ ᠣᠷᠳᠣᠨ ᠵᠢᠴᠢ ᠣᠶ ᠰᠢᠭᠤᠶ ᠡᠪᠡᠰᠦ ᠪᠡᠯᠴᠢᠭᠡᠷ ᠤᠨ ᠲᠣᠪᠴᠢᠶ᠎ᠠ ᠶᠢᠨ ᠨᠠᠮ ᠤᠨ ᠤᠳᠤᠷᠢᠳᠬᠤ | ᠳᠤᠭᠤᠶᠢᠯᠠᠩ ᠤᠨ ᠤᠷᠢᠶᠠᠯᠠᠭ᠎ᠠ ᠶᠢ ᠢᠳᠡᠪᠬᠢᠲᠡᠶ ᠳᠠᠭᠠᠵᠤ᠂ ᠸᠠᠺᠼᠢᠨ ᠤ ᠤᠬᠠᠭᠤᠯᠭ᠎ᠠ ᠪᠠ ᠲᠠᠷᠢᠯᠭ᠎ᠠ ᠶᠢᠨ | ᠡᠷᠴᠢᠮ ᠢ ᠪᠥᠬᠦ ᠲᠠᠯ᠎ᠠ ᠪᠠᠷ ᠨᠡᠶᠢᠳᠡᠮ ᠴᠢᠩᠭᠠᠷᠠᠭᠤᠯᠵᠤ᠂ ᠤᠬᠠᠭᠤᠯᠭ᠎ᠠ ᠶᠢ ᠨᠢᠭᠡ ᠡᠷᠦᠬᠡ ᠣᠷᠬᠢᠭᠳᠠᠭᠤᠯᠬᠤ | ᠥᠬᠡᠶ᠂ ᠲᠠᠷᠢᠯᠭ᠎ᠠ ᠶᠢ ᠨᠢᠭᠡ ᠬᠥᠮᠦᠨ ᠣᠷᠬᠢᠭᠳᠠᠭᠤᠯᠬᠤ ᠥᠬᠡᠶ᠂ ᠭᠥᠯᠢᠶᠡᠨ ᠠᠪᠬᠤ ᠶᠣᠰᠣᠲᠠᠶ ᠶᠢ ᠨᠢ ᠴᠥᠮ | ᠭᠥᠯᠢᠶᠡᠨ ᠠᠪᠬᠤ ᠶᠢ ᠪᠠᠶᠡᠯᠡᠭᠦᠯᠬᠦ ᠬᠡᠷᠡᠭᠲᠡᠶ᠃ |