ᠵᠠᠯᠠᠨ ᠠᠶᠢᠯ ᠬᠤᠲᠠ ᠶᠢᠨ ᠰᠤᠷᠭᠠᠨ ᠬᠥᠮᠦᠵᠢᠯ ᠤᠨ ᠨᠠᠮ  ᠠᠵᠢᠯ ᠤᠨ ᠬᠤᠷᠢᠶ᠎ᠠ ᠰᠤᠷᠭᠠᠨ ᠬᠥᠮᠦᠵᠢᠯ ᠤᠨ ᠰᠢᠰᠲ᠋ᠧᠮ ᠤᠨ ᠨᠠᠮ ᠤᠨ ᠪᠠᠶᠢᠭᠤᠯᠤᠯᠲᠠ ᠶᠢᠨ ᠠᠵᠢᠯ ᠤᠨ ᠪᠣᠯᠪᠠᠰᠤᠷᠠᠭᠤᠯᠤᠯ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2021/8/25
     ᠶᠣᠰᠣ ᠰᠤᠷᠲᠠᠬᠤᠨ ᠲᠠᠢ ᠪᠣᠯᠭᠠᠵᠤ ᠬᠥᠮᠦᠨ ᠢ ᠬᠥᠮᠦᠵᠢᠭᠦᠯᠬᠦ ᠦᠨᠳᠦᠰᠦᠨ ᠡᠭᠦᠷᠭᠡ ᠶᠢ ᠨᠠᠶᠢᠳᠠᠪᠤᠷᠢᠵᠢᠭᠤᠯᠬᠤ ᠶᠢᠨ ᠲᠥᠯᠥᠭᠡ᠂ ᠤᠢᠢᠷ᠎ᠠ ᠶᠢᠨ ᠡᠳᠦᠷ᠂ ᠵᠠᠯᠠᠨ ᠠᠶᠢᠯ ᠬᠤᠳᠠ ᠶᠢᠨ ᠰᠤᠷᠭᠠᠨ ᠬᠥᠮᠦᠵᠢᠯ ᠤᠨ ᠨᠠᠮ ᠤᠨ ᠠᠵᠢᠯ ᠤᠨ ᠬᠤᠷᠢᠶ᠎ᠠ ᠰᠤᠷᠭᠠᠨ ᠬᠥᠮᠦᠵᠢᠯ ᠤᠨ ᠰᠢᠰᠲᠧᠮ ᠤᠨ ᠨᠠᠮ ᠤᠨ ᠪᠠᠶᠢᠭᠤᠯᠤᠯᠲᠠ ᠶᠢᠨ ᠠᠵᠢᠯ ᠤᠨ ᠪᠣᠯᠪᠠᠰᠤᠷᠠᠯ ᠤᠨ ᠬᠤᠷᠠᠯ ᠢ ᠵᠣᠬᠢᠶᠠᠨ ᠪᠠᠶᠢᠭᠤᠯᠵᠤ ᠬᠤᠷᠠᠯᠳᠤᠭᠤᠯᠪᠠ᠃        ᠬᠤᠷᠠᠯ ᠤᠨ ᠳᠤᠮᠳᠠ᠂ ᠯᠢ ᠪᠢᠩ ᠶᠣᠣ ᠵᠠᠯᠠᠨ ᠠᠶᠢᠯ ᠬᠤᠲᠠ ᠶᠢᠨ ᠰᠤᠷᠭᠠᠨ ᠬᠥᠮᠦᠵᠢᠯ ᠤᠨ ᠰᠢᠰᠲ᠋ᠧᠮ ᠤᠨ ᠪᠦᠬᠦ ᠬᠤᠲᠠ ᠶᠢᠨ ᠳᠤᠮᠳᠠᠳᠤ ᠪᠠᠭ᠎ᠠ ᠰᠤᠷᠭᠠᠭᠤᠯᠢ ᠶᠢᠨ ᠨᠠᠮ ᠤᠨ ᠪᠠᠶᠢᠭᠤᠯᠤᠯᠲᠠ ᠶᠢᠨ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠶ ᠠᠷᠪᠠᠨ ᠵᠦᠢᠯ ᠤᠨ ᠠᠷᠭ᠎ᠠ ᠬᠡᠮᠵᠢᠶ᠎ᠡ ︵ᠲᠤᠷᠰᠢᠨ ᠬᠡᠷᠡᠭᠵᠢᠭᠦᠯᠬᠦ︶ ᠶᠢᠨ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠨᠠᠷᠢᠨ ᠤᠯᠠᠮᠵᠢᠯᠠᠪᠠ᠃ ᠲᠡᠷᠡᠴᠢᠯᠡᠨ ᠰᠤᠷᠭᠠᠨ ᠬᠥᠮᠦᠵᠢᠯ ᠤᠨ ᠰᠢᠰᠲ᠋ᠧᠮ ᠤᠨ ᠠᠵᠢᠯ ᠤᠨ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠳᠠᠷᠠᠭᠠᠴᠢ ᠶᠢᠨ ᠠᠯᠬᠤᠮ ᠤᠨ ᠰᠤᠷᠭᠠᠨ ᠬᠥᠮᠦᠵᠢᠯ ᠤᠨ ᠰᠢᠰᠲ᠋ᠧᠮ ᠤᠨ ᠨᠠᠮ ᠤᠨ ᠪᠠᠶᠢᠭᠤᠯᠤᠯᠲᠠ ᠶᠢᠨ ᠠᠵᠢᠯ ᠳᠤ ᠪᠣᠳᠠᠲᠠᠶ ᠱᠠᠭᠠᠷᠳᠠᠯᠭ᠎ᠠ ᠳᠤᠷᠠᠳᠴᠤ᠂ ᠡᠯ᠎ᠡ ᠦᠨᠳᠦᠰᠦᠨ ᠱᠠᠲᠤᠨ ᠤ ᠨᠠᠮ ᠤᠨ ᠡᠭᠦᠷ ᠢ ᠨᠠᠮ ᠤᠨ ᠵᠣᠬᠢᠶᠠᠨ ᠪᠠᠶᠢᠭᠤᠯᠤᠯᠲᠠ ᠶᠢᠨ ᠤᠳᠤᠷᠢᠳᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠨᠠᠮ ᠤᠨ ᠠᠵᠢᠯ ᠤᠨ ᠠᠵᠢᠯᠲᠠᠨ᠂ ᠨᠠᠮ ᠤᠨ ᠭᠡᠰᠢᠭᠦᠨ ᠤ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠵᠤ᠂ ︽ᠬᠠᠮᠤᠭ ᠤᠨ ᠬᠦᠴᠦᠷᠬᠡᠭ ᠨᠠᠮ ᠤᠨ ᠡᠭᠦᠷ︾ ᠤᠨ ᠪᠠᠶᠢᠭᠤᠯᠤᠯᠲᠠ ᠪᠠᠷ ᠭᠠᠷᠳᠠᠴᠠ ᠪᠣᠯᠭᠠᠵᠤ᠂ ᠨᠠᠮ ᠤᠨ ᠵᠣᠬᠢᠶᠠᠨ ᠪᠠᠶᠢᠭᠤᠯᠤᠯᠲᠠ ᠶᠢᠨ ᠠᠮᠢᠳᠤᠷᠠᠯ ᠤᠨ ᠠᠷᠭ᠎ᠠ ᠬᠡᠯᠪᠡᠷᠢ ᠶᠢᠨ ᠰᠢᠨ᠎ᠡ ᠶᠢ ᠡᠭᠦᠳᠴᠦ᠂ ᠰᠤᠷᠭᠠᠭᠤᠯᠢ ᠶᠢᠨ ᠨᠠᠮ ᠤᠨ ᠪᠠᠶᠢᠭᠤᠯᠤᠯᠲᠠ ᠶᠢᠨ ᠠᠭᠤᠰᠤᠯᠴᠠᠨ ᠬᠥᠭᠵᠢᠬᠦ ᠶᠢ ᠠᠬᠢᠭᠤᠯᠵᠤ᠂ ︽ᠨᠠᠮ ᠤᠨ ᠲᠥᠯᠥᠭᠡ ᠬᠥᠮᠦᠨ ᠢ ᠬᠥᠮᠦᠵᠢᠭᠦᠯᠬᠦ᠂ ᠤᠯᠤᠰ ᠤᠨ ᠲᠥᠯᠥᠭᠡ ᠴᠢᠳᠠᠪᠤᠷᠢᠲᠠᠨ ᠢ ᠬᠥᠮᠦᠵᠢᠭᠦᠯᠬᠦ︾ ᠤᠬ ᠰᠠᠨᠠᠭ᠎ᠠ ᠶᠢᠨ ᠡᠭᠦᠷᠭᠡ ᠬᠠᠷᠢᠭᠤᠴᠠᠯᠭ᠎ᠠ ᠶᠢ ᠪᠠᠲᠤ ᠰᠠᠬᠢᠵᠤ᠂ ᠨᠡᠶᠢᠭᠡᠮ ᠵᠢᠷᠤᠮ ᠤᠨ ᠭᠤᠣᠯᠯᠠᠭᠴᠢ ᠦᠷᠳᠡᠭ ᠤᠨ ᠦᠵᠡᠯᠲᠡ ᠶᠢ ᠬᠥᠮᠦᠵᠢᠭᠦᠯᠬᠦ ᠪᠠ ᠦᠢᠯᠡᠳᠦᠯᠭᠡᠵᠢᠭᠦᠯᠬᠦ ᠶᠢ ᠦᠵᠡᠯ ᠰᠠᠨᠠᠭ᠎ᠠ ᠤᠯᠤᠰ ᠲᠦᠷᠦ ᠶᠢᠨ ᠠᠵᠢᠯ ᠪᠣᠯᠤᠨ ᠪᠠᠭᠰᠢ ᠶᠢᠨ ᠮᠣᠷᠠᠯ ᠪᠠᠭᠰᠢ ᠶᠢᠨ ᠰᠤᠷᠲᠠᠯ ᠤᠨ ᠪᠠᠶᠢᠭᠤᠯᠤᠯᠲᠠ ᠶᠢᠨ ᠪᠦᠬᠦ ᠶᠠᠪᠤᠴᠠ ᠳᠤ ᠠᠭᠤᠰᠤᠯᠴᠠᠭᠤᠯᠵᠤ᠂ ᠰᠠᠭᠤᠷᠢ ᠪᠠᠲᠤᠯᠠᠭ᠎ᠠ ᠶᠢᠨ ᠡᠷᠴᠢᠮ ᠢ ᠴᠢᠩᠭᠠᠷᠠᠭᠤᠯᠵᠤ᠂ ᠮᠥᠷᠳᠡᠨ ᠬᠢᠨᠠᠨ ᠵᠢᠯᠣᠭᠤᠳᠬᠤ ᠶᠢ ᠴᠢᠩᠭᠠᠳᠬᠠᠨ᠎ᠠ᠃     ᠲᠤᠰ ᠤᠳᠠᠭ᠎ᠠ ᠶᠢᠨ ᠬᠤᠷᠠᠯ ᠢ ᠬᠤᠷᠠᠯᠳᠤᠭᠤᠯᠤᠭᠰᠠᠨ ᠨᠢ ᠨᠠᠮ ᠤᠨ ᠪᠠᠶᠢᠭᠤᠯᠤᠯᠲᠠ ᠶᠢᠨ ᠠᠵᠢᠯ ᠤᠨ ᠰᠡᠳᠬᠢᠴᠡ ᠶᠢ ᠤᠯᠠᠮ ᠴᠢᠨᠠᠭᠰᠢᠳᠠ ᠲᠣᠳᠣᠷᠬᠠᠶᠢᠯᠠᠵᠤ᠂ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠠᠵᠢᠯ ᠤᠨ ᠤᠨᠤᠯ ᠤᠨ ᠮᠡᠳᠡᠯᠭᠡ ᠶᠢ ᠲᠡᠭᠦᠯᠳᠡᠷᠵᠢᠭᠦᠯᠪᠡ᠂ ᠳᠠᠷᠠᠭᠠᠴᠢ ᠶᠢᠨ ᠠᠯᠬᠤᠮ ᠳᠤ᠂ ᠡᠯ᠎ᠡ ᠦᠨᠳᠦᠰᠦᠨ ᠱᠠᠲᠤᠨ ᠤ ᠨᠠᠮ ᠤᠨ ᠡᠭᠦᠷ ᠤᠨ ᠬᠢᠨ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠦᠨᠡᠨᠬᠦ ᠴᠢᠩᠭᠠᠳᠬᠠᠵᠤ᠂ ᠤᠨᠢᠨ ᠳᠡᠭᠡᠷ᠎ᠡ ᠨᠢ ᠬᠦᠴᠦᠯᠡᠵᠦ᠂ ᠲᠡᠮᠤᠷ ᠢ ᠠᠳᠬᠤᠪᠠᠯ ᠤᠷᠤᠮ ᠲᠠᠢ᠂ ᠴᠢᠯᠠᠭᠤᠨ ᠳᠡᠭᠡᠷ᠎ᠡ ᠭᠢᠰᠬᠢᠪᠡᠯ ᠮᠥᠷ ᠲᠠᠢ ᠪᠠᠶᠢᠬᠤ ᠵᠣᠷᠢᠭ ᠰᠠᠨᠠᠭ᠎ᠠ ᠪᠠᠷ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠡᠯ᠎ᠡ ᠵᠦᠢᠯ ᠤᠨ ᠠᠵᠢᠯ ᠢ ᠰᠠᠶᠢᠲᠤᠷ ᠠᠳᠬᠤᠬᠤ ᠪᠣᠯᠤᠨ᠎ᠠ᠃    
 
ᠢᠷᠡᠯᠲᠡ᠄ ᠵᠠᠯᠠᠨ ᠠᠶᠢᠯ ᠬᠤᠲᠠ ᠶᠢᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号