ᠳᠤᠮᠳᠠᠳᠤ ᠤᠯᠤᠰ  ᠤᠨ ᠡᠪ ᠬᠠᠮᠲᠤ ᠨᠠᠮ  ᠤᠨ ᠵᠠᠯᠠᠨ ᠠᠶᠢᠯ ᠬᠤᠲᠠ ᠶᠢᠨ ᠶᠢᠰᠦᠳᠦᠭᠡᠷ ᠤᠳᠠᠭᠠᠨ ᠤ ᠲᠥᠯᠥᠭᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ  ᠪᠥᠬᠦᠳᠡ ᠬᠤᠷᠠᠯ  ᠬᠤᠷᠠᠯᠳᠤᠪᠠ
ᠨᠡᠶᠢᠲᠡᠯᠡᠭᠰᠡᠨ ᠴᠠᠭ᠄
2021/8/30
        8 ᠰᠠᠷ᠎ᠠ ᠶᠢᠨ 30      ᠤ ᠡᠳᠦᠷ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠵᠠᠯᠠᠨ ᠠᠶᠢᠯ ᠬᠤᠲᠠ ᠶᠢᠨ ᠶᠢᠰᠦᠳᠦᠭᠡᠷ ᠤᠳᠠᠭᠠᠨ ᠤ ᠲᠥᠯᠥᠭᠡᠯᠡᠭᠴᠢᠳ ᠤᠨ ᠶᠡᠭᠡ ᠬᠤᠷᠠᠯ ᠬᠤᠶᠠᠳᠤᠭᠠᠷ ᠪᠥᠬᠦᠳᠡ ᠬᠤᠷᠠᠯ ᠬᠤᠷᠠᠯᠳᠤᠪᠠ᠃ ᠬᠤᠲᠠ ᠶᠢᠨ ᠤᠳᠤᠷᠢᠳᠤᠯᠭ᠎ᠠ ᠶᠤᠸᠠᠢ ᠭᠦᠸᠧ ᠳ᠋ᠦᠩ᠂ ᠸᠠᠩ ᠪᠥᠸᠧ᠂ ᠯᠢ ᠱᠦ᠋ ᠶᠠᠨ᠂ ᠢᠦᠶ ᠫᠢᠩ᠂ ᠰᠦᠨ ᠰᠢᠤ ᠹᠸᠢ᠂ ᠵᠢᠶᠠᠩ  ᠬᠦ᠋᠂ ᠯᠢᠦ ᠬᠤᠩ ᡁᠢ᠂ ᠵᠠᠩ ᠸᠧᠶ ᠵᠢᠶᠦ᠋ᠨ᠂ ᠶᠠᠩ ᠵᠢᠶ ᠴᠦᠨ᠂ ᠦ᠋ ᠴᠧᠨ ᠳ᠋ᠦᠩ᠂ ᠯᠢᠦ ᠭᠦᠸᠧ ᠬᠤᠸᠠ᠂ ᠶᠠᠨ ᡁᠢ ᠭᠠᠩ᠂ ᠯᠢ ᠳ᠋ᠦᠩ ᠹᠠᠩ ᠵᠡᠷᠭᠡ ᠲᠡᠷᠢᠭᠦᠯᠡᠭᠴᠢᠳ  ᠤᠨ ᠪᠦᠯᠬᠦᠮ  ᠤᠨ ᠪᠦᠷᠢᠯᠳᠦᠬᠦᠨ ᠨᠡᠷ ᠲᠡᠷᠢᠭᠦᠯᠡᠭᠴᠢᠳ ᠤᠨ ᠲᠠᠶᠢᠰᠠᠨ ᠳᠤ ᠰᠠᠭᠠᠲᠠᠪᠠ᠃ ᠬᠦᠯᠦᠨ ᠪᠣᠶᠢᠷ ᠬᠤᠲᠠ ᠶᠢᠨ ᠳᠦᠷᠪᠡᠳᠦᠭᠡᠷ ᠬᠤᠭᠤᠴᠠᠭ᠎ᠠ ᠰᠣᠯᠢᠬᠤ ᠶᠢ ᠵᠢᠯᠤᠭᠤᠳᠬᠤ ᠳᠣᠭᠤᠶᠢᠯᠠᠩ  ᠤᠨ ᠣᠳᠣᠷᠢᠳᠣᠯᠭ᠎ᠠ ᠱᠧ ᠢᠦᠢ ᠬᠠᠢ ᠬᠤᠷᠠᠯ ᠳᠤ ᠣᠷᠣᠯᠴᠠᠨ ᠵᠢᠯᠣᠭᠤᠳᠴᠣ  ᠂  ᠬᠤᠷᠠᠯ ᠢ ᠬᠤᠲᠠ ᠶᠢᠨ ᠨᠠᠮ ᠤᠨ ᠬᠤᠷᠢᠶ᠎ᠠ ᠶᠢᠨ ᠱᠦᠵᠢ ᠶᠣᠸᠠᠢ ᠭᠦᠸᠧ ᠳ᠋ᠦᠩ ᠡᠷᠬᠢᠯᠡᠪᠡ᠃  ᠬᠤᠷᠠᠯ ᠳᠤ ᠣᠷᠣᠯᠴᠠᠬᠤ ᠶᠣᠰᠣᠲᠠᠢ ᠲᠦᠯᠦᠭᠡᠯᠡᠭᠴᠢᠳ 247  ᠬᠦᠮᠦᠨ ᠂  ᠬᠤᠷᠠᠯ ᠳᠤ ᠪᠣᠲᠠᠲᠠᠢ ᠣᠷᠣᠯᠴᠠᠭᠰᠠᠨ ᠨᠢ 235  ᠬᠦᠮᠦᠨ ᠪᠠᠶᠢᠵᠤ ᠂  ᠲᠣᠭᠲᠠᠭᠠᠭᠰᠠᠨ  ᠬᠦᠮᠦᠨ   ᠤ ᠲᠤᠭ᠎ᠠ ᠳᠤ ᠨᠡᠶᠢᠴᠡᠵᠡᠢ ᠃        ᠶᠡᠭᠡ ᠬᠤᠷᠠᠯ ᠠᠴᠠ ᠰᠣᠩᠭᠤᠭᠤᠯᠢ ᠶᠢᠨ ᠠᠷᠭ᠎ᠠ ︵ᠲᠥᠰᠦᠯ︶ ᠂ ᠶᠡᠷᠦᠩᠬᠡᠢ ᠪᠢᠯᠧᠲ ᠬᠢᠨᠠᠭᠴᠢ᠂ ᠪᠢᠯᠧᠲ ᠬᠢᠨᠠᠭᠴᠢ ᠶᠢᠨ ᠨᠡᠷᠡᠰ ︵ᠲᠥᠰᠦᠯ︶  ᠢ ᠵᠦᠪᠰᠢᠶᠡᠷᠡᠵᠦ᠂ ᠪᠢᠯᠧᠲ ᠪᠦᠷᠢᠳᠬᠡᠭᠴᠢ ᠶᠢᠨ ᠨᠡᠷᠡᠰ  ᠢ ᠨᠡᠶᠢᠲᠡᠯᠡᠵᠦ᠂ ᠳᠤᠮᠳᠠᠳᠤ ᠤᠯᠤᠰ  ᠤᠨ ᠡᠪ ᠬᠠᠮᠲᠤ ᠨᠠᠮ ᠤᠨ ᠵᠠᠯᠠᠨ ᠠᠶᠢᠯ ᠬᠤᠳᠠ ᠶᠢᠨ ᠶᠢᠰᠦᠳᠦᠭᠡᠷ ᠬᠤᠭᠤᠴᠠᠭᠠᠨ ᠤ  ᠬᠤᠷᠢᠶ᠎ᠠ ᠶᠢᠨ ᠭᠡᠰᠢᠭᠦᠨ᠂ ᠰᠠᠬᠢᠯᠭ᠎ᠠ ᠪᠠᠲᠤ  ᠪᠠᠶᠢᠴᠠᠭᠠᠬᠤ  ᠬᠤᠷᠢᠶ᠎ᠠ ᠶᠢᠨ  ᠭᠡᠰᠢᠭᠦᠨ  ᠪᠣᠯᠤᠨ ᠬᠥᠯᠥᠨ ᠪᠤᠶᠢᠷ ᠬᠤᠳᠠ ᠶᠢᠨ ᠲᠠᠪᠤᠳᠤᠭᠠᠷ ᠤᠳᠠᠭ᠎ᠠ ᠶᠢᠨ ᠨᠠᠮ ᠤᠨ ᠲᠥᠯᠥᠭᠡᠯᠡᠭᠴᠢᠳ  ᠤᠨ ᠶᠡᠭᠡ ᠬᠤᠷᠠᠯ  ᠳᠤ ᠣᠷᠣᠯᠴᠠᠬᠤ ᠲᠥᠯᠥᠭᠡᠯᠡᠭᠴᠢ ᠶᠢᠨ ᠪᠡᠯᠡᠳᠬᠡᠯ ᠰᠣᠩᠭᠤᠭᠤᠯᠢ ᠶᠢᠨ ᠵᠢᠱᠢᠭᠳᠡᠭᠴᠢ ᠶᠢᠨ ᠨᠡᠷᠡᠰ  ᠢ  ᠨᠡᠶᠢᠲᠡᠯᠡᠪᠡ᠃
 
ᠢᠷᠡᠯᠲᠡ᠄ ᠵᠠᠯᠠᠨ ᠠᠶᠢᠯ ᠬᠤᠲᠠ ᠶᠢᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号