ᠵᠠᠯᠠᠨ ᠠᠶᠢᠯ ᠬᠤᠲᠠ ᠬᠤᠭᠤᠴᠠᠭ᠎ᠠ ᠰᠣᠯᠢᠬᠤ ᠰᠠᠬᠢᠯᠭ᠎ᠠ ᠪᠠᠲᠤ ᠶᠢᠨ ᠰᠡᠷᠡᠮᠵᠢᠯᠡᠭᠦᠯᠬᠦ ᠬᠥᠮᠦᠵᠢᠯ  ᠤᠨ ᠶᠡᠭᠡ ᠬᠤᠷᠠᠯ ᠵᠢᠴᠢ ᠨᠠᠮ ᠤᠨ ᠲᠥᠯᠥᠭᠡᠯᠡᠭᠴᠢ ᠶᠢ  ᠪᠣᠯᠪᠠᠰᠤᠷᠠᠭᠤᠯᠬᠤ ᠬᠤᠷᠠᠯ ᠢ ᠬᠤᠷᠠᠯᠳᠤᠭᠤᠯᠪᠠ
ᠨᠡᠶᠢᠲᠡᠯᠡᠭᠰᠡᠨ ᠴᠠᠭ᠄
2021/8/30
 
      8 ᠰᠠᠷ᠎ᠠ ᠶᠢᠨ 28      ᠤ ᠡᠳᠦᠷ᠂ ᠵᠠᠯᠠᠨ ᠠᠶᠢᠯ ᠬᠤᠲᠠ ᠬᠤᠭᠤᠴᠠᠭ᠎ᠠ ᠰᠣᠯᠢᠬᠤ ᠰᠠᠬᠢᠯᠭ᠎ᠠ ᠪᠠᠲᠤ ᠶᠢᠨ ᠰᠡᠷᠡᠮᠵᠢᠯᠡᠭᠦᠯᠬᠦ ᠬᠥᠮᠦᠵᠢᠯ  ᠤᠨ ᠶᠡᠭᠡ ᠬᠤᠷᠠᠯ ᠵᠢᠴᠢ ᠨᠠᠮ ᠤᠨ ᠲᠥᠯᠥᠭᠡᠯᠡᠭᠴᠢ ᠶᠢ ᠪᠣᠯᠪᠠᠰᠤᠷᠠᠭᠤᠯᠬᠤ ᠬᠤᠷᠠᠯ  ᠢ ᠬᠤᠷᠠᠯᠳᠤᠭᠤᠯᠪᠠ᠃ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠸᠠᠩ ᠪᠥᠸᠧ ᠬᠤᠷᠠᠯ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠠᠶ᠃ ᠪᠦᠬᠦ ᠲᠥᠯᠥᠭᠡᠯᠡᠭᠴᠢᠳ ᠬᠤᠷᠠᠯ ᠳᠤ ᠣᠷᠣᠯᠴᠠᠪᠠ᠃     ᠬᠤᠷᠠᠯ ᠳᠡᠭᠡᠷ᠎ᠡ᠂ ᠸᠠᠩ ᠪᠥᠸᠧ ᠬᠤᠭᠤᠴᠠᠭ᠎ᠠ ᠰᠣᠯᠢᠬᠤ ᠰᠣᠩᠭᠤᠭᠤᠯᠢ ᠶᠢᠨ ᠠᠵᠢᠯ  ᠢ ᠴᠢᠨᠠᠷ ᠰᠠᠶᠢᠲᠠᠢ ᠠᠬᠢᠭᠤᠯᠬᠤ ᠲᠤᠬᠠᠢ ᠲᠣᠳᠣᠷᠬᠠᠢ ᠱᠠᠭᠠᠷᠳᠠᠯᠭ᠎ᠠ ᠳᠤᠷᠠᠳᠴᠠᠢ᠃ ᠨᠠᠮ ᠤᠨ ᠲᠥᠯᠥᠭᠡᠯᠡᠭᠴᠢ ᠪᠣᠯ ᠨᠢᠭᠡ ᠵᠦᠢᠯ  ᠤᠨ ᠢᠷᠠᠭᠤ ᠠᠯᠳᠠᠷ   ᠪᠠᠷ  ᠪᠠᠷᠠᠬᠤ ᠦᠭᠡᠢ᠂ ᠨᠡᠩ ᠴᠤ ᠨᠢᠭᠡ ᠵᠦᠢᠯ ᠤᠨ ᠡᠭᠦᠷᠭᠡ ᠬᠠᠷᠢᠭᠤᠴᠠᠯᠭ᠎ᠠ ᠮᠥᠨ ᠭᠡᠵᠦ ᠴᠢᠬᠤᠯᠠᠴᠢᠯᠠᠪᠠ᠂ ᠲᠥᠯᠥᠭᠡᠯᠡᠭᠴᠢᠳ ᠪᠣᠯᠤᠨ ᠬᠤᠷᠠᠯ  ᠳᠤ ᠣᠷᠣᠯᠴᠠᠭᠰᠠᠨ ᠨᠥᠬᠦᠳ ᠨᠠᠷ ᠮᠡᠳᠡᠭᠳᠡᠯ  ᠪᠠ ᠰᠡᠷᠡᠮᠵᠢᠯᠡᠭᠦᠯᠬᠦ ᠬᠥᠮᠦᠵᠢᠯ ᠤᠨ ᠹᠢᠯᠢᠮ ᠳᠠᠬᠢ ᠨᠡᠶᠢᠲᠡᠯᠢᠭ ᠬᠡᠷᠡᠭ ᠤᠨ  ᠵᠢᠱᠢᠶ᠎ᠡ ᠪᠠᠷ ᠲᠤᠯᠢ ᠪᠣᠯᠭᠠᠵᠤ᠂ ᠬᠤᠭᠤᠴᠠᠭ᠎ᠠ ᠰᠣᠯᠢᠬᠤ ᠠᠵᠢᠯ  ᠤᠨ ᠰᠠᠬᠢᠯᠭ᠎ᠠ ᠪᠠᠲᠤ  ᠶᠢ ᠵᠥᠷᠢᠴᠡᠵᠦ ᠬᠠᠤᠯᠢ ᠶᠢ ᠵᠥᠷᠢᠴᠡᠭᠰᠡᠨ ᠨᠡᠶᠢᠲᠡᠯᠢᠭ ᠬᠡᠷᠡᠭ ᠤᠨ  ᠵᠢᠱᠢᠶ᠎ᠡ ᠠᠴᠠ ᠭᠦᠨᠵᠡᠭᠡᠢ ᠰᠤᠷᠭᠠᠮᠵᠢ ᠠᠪᠴᠤ᠂ ᠬᠡᠷᠡᠭ ᠢᠶᠠᠷ ᠰᠠᠬᠢᠯᠭ᠎ᠠ ᠪᠠᠲᠤ  ᠶᠢ ᠲᠣᠳᠣᠷᠬᠠᠶᠢᠯᠠᠵᠤ᠂ ᠰᠡᠷᠡᠮᠵᠢ ᠶᠢᠨ ᠬᠤᠩᠬᠤ  ᠶᠢ ᠪᠠᠶᠢᠩᠭᠤ ᠳᠤᠤᠭᠠᠷᠭᠠᠵᠤ᠂ ᠰᠠᠬᠢᠯᠭ᠎ᠠ ᠪᠠᠲᠤ  ᠶᠢᠨ ᠬᠤᠷᠢᠭ᠎ᠠ ᠱᠤᠭᠤᠮ ᠢ ᠰᠠᠶᠢᠲᠤᠷ ᠰᠠᠬᠢᠵᠤ᠂ ᠬᠤᠭᠤᠴᠠᠭ᠎ᠠ ᠰᠣᠯᠢᠬᠤ ᠰᠠᠶᠢᠨ ᠰᠠᠶᠢᠬᠠᠨ ᠬᠡᠪ ᠰᠤᠷᠲᠠᠯ ᠢ ᠢᠳᠡᠪᠬᠢᠲᠡᠢ ᠪᠤᠢ ᠪᠣᠯᠭᠠᠬᠤ  ᠶᠢ ᠬᠦᠰᠡᠵᠦ ᠪᠠᠶᠢᠨ᠎ᠠ ᠭᠡᠵᠡᠢ᠃ ᠡᠭᠦᠨ ᠤ ᠬᠠᠮᠲᠤ᠂ ᠲᠥᠯᠥᠭᠡᠯᠡᠭᠴᠢᠳ ᠠᠴᠠ ᠲᠥᠯᠥᠭᠡᠯᠡᠭᠴᠢᠳ  ᠤᠨ ᠡᠭᠦᠷᠭᠡ ᠲᠤᠰᠢᠶᠠᠯ ᠢᠶᠠᠨ ᠭᠦᠢᠴᠡᠳᠬᠡᠬᠦ ᠬᠤᠯᠪᠣᠭᠳᠠᠯ ᠪᠦᠬᠦᠢ ᠲᠣᠭᠲᠠᠭᠠᠯ ᠪᠣᠯᠤᠨ ᠱᠠᠭᠠᠷᠳᠠᠯᠭ᠎ᠠ ᠶᠢ ᠨᠠᠷᠢᠨ ᠬᠢᠨᠠᠮᠠᠭᠠᠢ ᠰᠤᠷᠤᠯᠴᠠᠵᠤ᠂ ᠨᠠᠮ   ᠤᠨ ᠲᠥᠯᠥᠭᠡᠯᠡᠭᠴᠢᠳ ᠤᠨ ᠶᠡᠭᠡ ᠬᠤᠷᠠᠯ  ᠤᠨ ᠬᠤᠭᠤᠴᠠᠭᠠᠨ ᠳᠤ ᠪᠠ ᠬᠤᠷᠠᠯ ᠲᠡᠭᠦᠰᠦᠭᠰᠡᠨ  ᠤ ᠳᠠᠷᠠᠭ᠎ᠠ ᠵᠥᠪ ᠣᠨᠣᠪᠴᠢᠲᠠᠢ  ᠲᠥᠯᠥᠭᠡᠯᠡᠭᠴᠢ ᠶᠢᠨ ᠡᠷᠬᠡ ᠪᠠᠨ ᠰᠠᠶᠢᠲᠤᠷ ᠬᠡᠷᠡᠭᠵᠢᠭᠦᠯᠵᠦ᠂ ᠲᠦᠷᠦ ᠶᠢᠨ ᠶᠠᠪᠤᠳᠠᠯ ᠳᠤ ᠣᠷᠣᠯᠴᠠᠨ ᠲᠦᠷᠦ  ᠶᠢᠨ ᠶᠠᠪᠤᠳᠠᠯ  ᠢ ᠵᠥᠪᠯᠡᠬᠦ ᠪᠠ ᠵᠢᠱᠢᠶᠡᠴᠢ ᠳᠠᠭᠠᠭᠤᠯᠬᠤ ᠦᠢᠯᠡᠳᠦᠯ  ᠢᠶᠠᠨ ᠭᠦᠢᠴᠡᠳ ᠪᠠᠳᠠᠷᠠᠭᠤᠯᠵᠤ᠂ ᠨᠡᠷ᠎ᠡ ᠨᠢᠳᠡᠷ ᠲᠡᠭᠡᠨ  ᠲᠡᠩᠴᠡᠭᠰᠡᠨ ᠬᠥᠯᠥᠨ ᠪᠤᠶᠢᠷ ᠤᠨ  ᠳᠡᠳ᠋ ᠭᠤᠣᠯ ᠬᠤᠳᠠ ᠶᠢ ᠪᠦᠳᠦᠭᠡᠨ ᠪᠠᠶᠢᠭᠤᠯᠵᠤ᠂ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠬᠠᠭᠤᠳᠠᠰᠤ  ᠶᠢ ᠴᠢᠷᠮᠠᠶᠢᠨ ᠪᠢᠴᠢᠭᠯᠡᠬᠦ  ᠳᠤ ᠬᠦᠴᠦᠨ ᠴᠢᠳᠠᠯ ᠢᠶᠠᠨ ᠡᠷᠭᠦᠬᠦ  ᠬᠡᠷᠡᠭᠲᠡᠢ  ᠭᠡᠵᠦ  ᠴᠢᠬᠤᠯᠠᠴᠢᠯᠠᠪᠠ᠃       ᠬᠤᠷᠠᠯ ᠠᠴᠠ ︽ᠥᠪᠡᠷᠲᠡᠭᠡᠨ ᠵᠠᠰᠠᠬᠤ ᠣᠷᠣᠨ ᠤ ᠨᠠᠮ ᠤᠨ  ᠬᠤᠷᠢᠶ᠎ᠠ ᠶᠢᠨ ᠵᠣᠬᠢᠶᠠᠨ ᠪᠠᠶᠢᠭᠤᠯᠬᠤ ᠬᠡᠯᠲᠡᠰ  ᠠᠴᠠ ᠬᠥᠮᠦᠨ ᠰᠣᠩᠭᠤᠵᠤ ᠬᠥᠮᠦᠨ ᠬᠡᠷᠡᠭᠯᠡᠬᠦ ᠳᠤ ᠬᠤᠯᠪᠣᠭᠳᠠᠭᠰᠠᠨ ᠳᠣᠯᠤᠭᠠᠨ ᠨᠡᠶᠢᠲᠡᠯᠢᠭ ᠬᠡᠷᠡᠭ  ᠤᠨ  ᠵᠢᠱᠢᠶ᠎ᠡ  ᠶᠢ ᠵᠠᠷᠯᠠᠨ ᠮᠡᠳᠡᠭᠳᠡᠵᠦ ᠬᠤᠭᠤᠴᠠᠭ᠎ᠠ ᠰᠣᠯᠢᠬᠤ ᠠᠷᠢᠭᠤᠨ ᠴᠢᠬᠡᠴᠢ ᠣᠷᠴᠢᠨ ᠲᠣᠭᠤᠷᠢᠨ ᠢ ᠪᠦᠬᠦ ᠬᠦᠴᠦᠨ ᠢᠶᠠᠷ ᠢᠶᠠᠨ ᠪᠤᠢ ᠪᠣᠯᠭᠠᠬᠤ ᠲᠤᠬᠠᠢ ᠮᠡᠳᠡᠭᠳᠡᠯ︾ ᠤᠨ ᠵᠣᠷᠢᠭ ᠰᠠᠨᠠᠭ᠎ᠠ ᠶᠢ ᠤᠯᠠᠮᠵᠢᠯᠠᠪᠠ᠃ ᠮᠡᠳᠡᠭᠳᠡᠯ   ᠳᠤ ᠨᠠᠮ  ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠰᠤᠷᠲᠠᠯ ᠰᠠᠬᠢᠯᠭ᠎ᠠ ᠪᠠᠲᠤ ᠶᠢᠨ ᠲᠤᠬᠠᠢ ᠪᠣᠳᠠᠲᠠᠢ ᠱᠠᠭᠠᠷᠳᠠᠯᠭ᠎ᠠ ᠳᠤᠷᠠᠳᠬᠤ ᠶᠢᠨ ᠬᠠᠮᠲᠤ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠦᠷᠢᠮ᠂ ᠨᠠᠮ ᠤᠨ ᠲᠥᠯᠥᠭᠡᠯᠡᠭᠴᠢ ᠶᠢᠨ ᠲᠤᠰᠢᠶᠠᠯ ᠬᠠᠷᠢᠭᠤᠴᠠᠯᠭ᠎ᠠ ᠡᠷᠬᠡ ᠵᠢᠴᠢ ᠬᠤᠳᠠ  ᠶᠢᠨ ᠶᠢᠰᠦᠳᠦᠭᠡᠷ ᠤᠳᠠᠭ᠎ᠠ  ᠶᠢᠨ ᠨᠠᠮ  ᠤᠨ ᠲᠥᠯᠥᠭᠡᠯᠡᠭᠴᠢᠳ  ᠤᠨ ᠶᠡᠭᠡ ᠬᠤᠷᠠᠯ  ᠳᠤ ᠣᠷᠣᠯᠴᠠᠬᠤ ᠲᠥᠯᠥᠭᠡᠯᠡᠭᠴᠢ ᠶᠢᠨ ᠡᠭᠦᠷᠭᠡ ᠵᠡᠷᠭᠡ ᠠᠭᠤᠯᠭ᠎ᠠ ᠶᠢ ᠬᠠᠪᠰᠤᠷᠤᠨ ᠵᠢᠯᠣᠭᠤᠳᠴᠤ ᠪᠣᠯᠪᠠᠰᠤᠷᠠᠭᠤᠯᠪᠠ᠃ ᠡᠭᠦᠨ ᠤ ᠵᠡᠷᠭᠡ ᠳᠤ ᠬᠤᠭᠤᠴᠠᠭ᠎ᠠ ᠰᠣᠯᠢᠬᠤ ᠬᠡᠪ ᠰᠤᠷᠲᠠᠯ ᠢ ᠴᠢᠩᠳᠠᠯᠠᠬᠤ ᠲᠤᠬᠠᠶ ᠳᠠᠬᠢᠨ ᠰᠠᠨᠠᠭᠤᠯᠵᠤ᠂ ᠬᠤᠷᠠᠯ ᠳᠤ ᠣᠷᠣᠯᠴᠠᠭᠰᠠᠨ ᠲᠥᠯᠥᠭᠡᠯᠡᠭᠴᠢᠳ ᠢ ᠵᠣᠬᠢᠶᠠᠨ ᠪᠠᠶᠢᠭᠤᠯᠵᠤ ᠰᠡᠷᠡᠮᠵᠢᠯᠡᠭᠦᠯᠬᠦ ᠬᠥᠮᠦᠵᠢᠯ ᠤᠨ ᠹᠢᠯᠢᠮ ︽ᠰᠡᠷᠡᠮᠵᠢ ᠶᠢᠨ ᠬᠤᠩᠬᠤ ᠶᠢ ᠪᠠᠶᠢᠩᠭᠤ ᠳᠤᠤᠭᠠᠷᠭᠠᠨ᠎ᠠ︾ ᠶᠢ ᠬᠠᠮᠲᠤ ᠪᠠᠷ ᠰᠣᠨᠢᠷᠬᠠᠭᠤᠯᠪᠠ᠃
 
ᠢᠷᠡᠯᠲᠡ᠄ ᠵᠠᠯᠠᠨ ᠠᠶᠢᠯ ᠬᠤᠲᠠ ᠶᠢᠨ ᠵᠠᠰᠠᠭ ᠤᠨ ᠤᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号