ᠬᠠᠳᠤ ᠭᠤᠣᠯ ᠪᠠᠯᠭᠠᠰᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠩᠭᠤ ᠶᠢᠨ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠠᠳᠬᠤᠨ᠎ᠠ
ᠨᠡᠶᠢᠲᠡᠯᠡᠭᠰᠡᠨ ᠴᠠᠭ᠄
2021/8/6
       8 ᠰᠠᠷ᠎ᠠ ᠶᠢᠨ 2      ᠤᠨ ᠡᠳᠦᠷ ᠤᠨ ᠦᠳᠡ ᠶᠢᠨ ᠬᠤᠶᠢᠨ᠎ᠠ᠂ ᠪᠥᠬᠦ ᠬᠤᠲᠠ ᠶᠢᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠤᠨ ᠳᠥᠴᠢᠨ ᠨᠢᠭᠡᠳᠦᠭᠡᠷ ᠤᠳᠠᠭᠠᠨ ᠤ ᠳᠣᠭᠢᠷᠠᠭᠤᠯᠬᠤ ᠬᠤᠷᠠᠯ ᠵᠢᠴᠢ ᠪᠥᠬᠦ ᠬᠤᠲᠠ ᠶᠢᠨ ᠰᠢᠨ᠎ᠡ  ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠳᠣᠭᠢᠷᠠᠭᠤᠯᠤᠨ ᠠᠬᠢᠭᠤᠯᠬᠤ ᠬᠤᠷᠠᠯ ᠤᠨ ᠳᠠᠷᠠᠭ᠎ᠠ᠂  ᠬᠠᠳᠣ ᠭᠤᠤᠯ ᠪᠠᠯᠭᠠᠰᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠱᠠᠭᠠᠷᠳᠠᠯᠭ᠎ᠠ ᠶᠢ ᠦᠳᠲᠡᠷ ᠲᠦᠷᠭᠡᠨ ᠨᠠᠶᠢᠳᠠᠪᠤᠷᠢᠵᠢᠭᠤᠯᠵᠤ᠂ ᠪᠥᠬᠦ ᠪᠠᠯᠭᠠᠰᠤᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠬᠤᠷᠠᠯ ᠢ ᠬᠤᠷᠠᠯᠳᠤᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠳᠠᠬᠢᠨ ᠳᠣᠭᠢᠷᠠᠭᠤᠯᠤᠨ ᠳᠠᠬᠢᠨ ᠪᠠᠶᠢᠷᠢᠯᠠᠭᠤᠯᠵᠤ ᠳᠠᠬᠢᠨ ᠨᠠᠶᠢᠳᠠᠪᠤᠷᠢᠵᠢᠭᠤᠯᠪᠠ᠃      ᠬᠤᠷᠠᠯ ᠳᠡᠭᠡᠷ᠎ᠡ᠂ ᠪᠠᠯᠭᠠᠰᠤᠨ ᠤ ᠨᠠᠮ ᠤᠨ ᠬᠤᠷᠢᠶᠠᠨ ᠤ ᠳᠡᠳ᠋ ᠱᠦᠵᠢ᠂ ᠪᠠᠯᠭᠠᠰᠤᠨ ᠤ ᠳᠠᠷᠤᠭ᠎ᠠ ᠶᠢᠨ ᠨᠡᠷ᠎ᠡ ᠳᠤᠷᠠᠳᠤᠭᠳᠠᠭᠰᠠᠨ ᠵᠢᠱᠢᠭᠳᠡᠭᠴᠢ ᠵᠣᠣ ᠶᠤᠸᠠᠢ ᠴᠢᠬᠤᠯᠠᠴᠢᠯᠠᠬᠤ ᠳᠠᠭᠠᠨ᠂ ︽ᠬᠠᠷᠢᠶ᠎ᠠ ᠣᠷᠣᠨ ᠤ ᠬᠠᠮᠢᠶᠠᠷᠤᠯᠲᠠ︾ ᠶᠢ ᠪᠠᠷᠢᠮᠲᠠᠯᠠᠨ᠂ ︽ᠳᠥᠷᠪᠡᠨ  ᠡᠷᠲᠡ︾ ᠶᠢᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠵᠤ᠂ ᠳᠤᠮᠳᠠ  ᠶᠡᠭᠡ ᠠᠶᠤᠯ  ᠲᠦᠭᠰᠢᠭᠦᠷᠢᠲᠡᠢ ᠭᠠᠵᠠᠷ ᠣᠷᠣᠨ ᠤ ᠪᠤᠴᠠᠵᠤ ᠢᠷᠡᠭᠰᠡᠨ ᠬᠥᠮᠦᠰ ᠲᠤ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠵᠤ᠂ ᠭᠠᠳᠠᠨ᠎ᠠ ᠠᠴᠠ ᠢᠷᠡᠭᠰᠡᠨ ᠬᠥᠮᠦᠰ ᠤᠨ ᠳᠡᠩᠰᠡᠯᠡᠨ ᠲᠡᠮᠳᠡᠭᠯᠡᠬᠦ ᠪᠠ ᠮᠡᠳᠡᠭᠦᠯᠦᠨ ᠳᠠᠩᠰᠠᠯᠠᠭᠤᠯᠬᠤ ᠠᠵᠢᠯ ᠢ ᠴᠢᠩᠭ᠎ᠠ ᠰᠠᠶᠢᠲᠤᠷ ᠬᠢᠬᠦ ᠬᠡᠷᠡᠭᠲᠡᠶ ᠭᠡᠵᠡᠶ᠃ ᠡᠯ᠎ᠡ ᠰᠠᠯᠠᠭ᠎ᠠ ᠮᠥᠴᠢᠷ ᠤᠳ ᠭᠤᠤᠯᠳᠠᠯᠭ᠎ᠠ ᠲᠠᠢ ᠲᠠᠯᠠᠪᠤᠷ ᠭᠠᠵᠠᠷ ᠢ ᠬᠠᠮᠢᠶᠠᠷᠤᠨ ᠡᠵᠡᠮᠳᠡᠬᠦ ᠡᠷᠴᠢᠮ ᠢᠶᠠᠨ ᠴᠢᠩᠭᠠᠷᠠᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠩᠭᠤ ᠶᠢᠨ ᠠᠷᠭ᠎ᠠ ᠬᠡᠮᠵᠢᠶ᠎ᠡ ᠶᠢ ᠰᠠᠶᠢᠲᠤᠷ ᠨᠠᠶᠢᠳᠠᠪᠤᠷᠢᠵᠢᠭᠤᠯᠬᠤ ᠬᠡᠷᠡᠭᠲᠡᠶ᠃ ᠡᠭᠦᠨ ᠤ ᠬᠠᠮᠲᠤ᠂ ᠸᠠᠺᠼᠢᠨ ᠤ ᠲᠠᠷᠢᠯᠭ᠎ᠠ ᠶᠢᠨ ᠠᠵᠢᠯ ᠢ ᠡᠷᠡᠰ ᠰᠠᠶᠢᠲᠤᠷ ᠬᠢᠵᠦ᠂ ᠸᠠᠺᠼᠢᠨ ᠤ ᠲᠠᠷᠢᠯᠭ᠎ᠠ ᠶᠢᠨ ᠰᠢᠨ᠎ᠡ ᠡᠭᠦᠷᠭᠡ ᠶᠢ ᠪᠡᠶᠡᠯᠡᠭᠦᠯᠬᠦ ᠶᠢ ᠦᠨᠡᠨ ᠬᠦ ᠪᠠᠲᠤᠯᠠᠬᠤ ᠬᠡᠷᠡᠭᠲᠡᠶ᠃     ᠬᠤᠷᠠᠯ ᠤᠨ ᠳᠠᠷᠠᠭ᠎ᠠ᠂  ᠬᠠᠳᠤ ᠪᠠᠯᠭᠠᠰᠤᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠲᠡᠷᠡ ᠳᠠᠷᠤᠶ ᠳᠤᠨᠢ ᠪᠠᠯᠭᠠᠰᠤᠨ ᠤ ᠡᠷᠡᠭᠦᠯ ᠬᠠᠮᠠᠭᠠᠯᠠᠯ ᠤᠨ ᠬᠤᠷᠢᠶ᠎ᠠ᠂ ᠲᠣᠮᠢᠯᠠᠭᠰᠠᠨ ᠰᠠᠯᠪᠤᠷᠢ ᠪᠣᠯᠤᠨ  ᠠᠮᠣᠷ ᠲᠠᠶᠢᠪᠣᠩ ᠤᠨ ᠪᠦᠲᠦᠭᠡᠨ ᠪᠠᠶᠢᠭᠤᠯᠤᠯᠲᠠ ᠶᠢᠨ ᠠᠯᠪᠠᠨ ᠭᠡᠷ ᠵᠡᠷᠭᠡ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠢ ᠵᠣᠬᠢᠶᠠᠨ ᠪᠠᠶᠢᠭᠤᠯᠵᠤ ᠪᠠᠯᠭᠠᠰᠤᠨ ᠤ ᠬᠡᠳᠦ ᠳᠡᠯᠭᠡᠭᠦᠷ᠂ ᠵᠣᠴᠢᠳ ᠤᠨ ᠪᠠᠭᠤᠳᠠᠯ᠂ ᠡᠮ ᠤᠨ ᠳᠡᠯᠭᠡᠭᠦᠷ᠂ ᠵᠣᠴᠢᠳ ᠤᠨ ᠪᠠᠭᠤᠳᠠᠯ ᠵᠡᠷᠭᠡ ᠭᠠᠵᠠᠷ ᠲᠤ ᠭᠦᠨᠵᠡᠭᠡᠶᠢᠷᠡᠭᠦᠯᠦᠨ᠂ ᠪᠠᠶᠢᠩᠭᠤᠵᠢᠭᠰᠠᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠳᠤ ᠪᠠᠶᠢᠴᠠᠭᠠᠯᠲᠠ ᠬᠢᠵᠦ᠂ ᠺᠣᠳ᠋ ᠰᠢᠷᠪᠢᠵᠦ ᠳᠠᠩᠰᠠᠯᠠᠬᠤ᠂ ᠪᠡᠶ᠎ᠡ ᠶᠢᠨ ᠳᠤᠯᠠᠭᠠᠨ ᠢ ᠪᠠᠶᠢᠴᠠᠭᠠᠨ ᠰᠢᠯᠭᠠᠬᠤ᠂ ᠣᠷᠴᠢᠨ ᠲᠣᠭᠤᠷᠢᠨ ᠢ  ᠠᠷᠢᠭᠤᠳᠬᠠᠬᠤ ᠵᠡᠷᠭᠡ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ ᠬᠡᠷᠡᠭᠲᠡᠶ ᠭᠡᠵᠦ ᠱᠠᠭᠠᠷᠳᠠᠪᠠ᠂ ᠪᠠᠶᠢᠴᠠᠭᠠᠬᠤ ᠳᠤᠭᠤᠶᠢᠯᠠᠩ ᠤᠨ ᠬᠢᠨ ᠪᠠᠰᠠ ᠣᠷᠣᠰᠢᠵᠤ ᠪᠠᠶᠢᠭ᠎ᠠ ᠠᠰᠠᠭᠤᠳᠠᠯ ᠳᠤ ᠵᠢᠯᠣᠭᠤᠳᠣᠯᠭ᠎ᠠ ᠬᠢᠬᠦ ᠶᠢᠨ ᠬᠠᠮᠲᠤ ᠲᠡᠭᠦᠨ ᠢ ᠰᠢᠪᠠᠳᠠᠵᠤ ᠪᠠᠶᠢᠭᠠᠳ ᠳᠠᠷᠤᠶ ᠲᠦᠷᠭᠡᠨ ᠴᠡᠭᠴᠡᠯᠡᠨ ᠰᠠᠶᠢᠵᠢᠷᠠᠭᠤᠯᠤᠨ᠎ᠠ᠃
 
ᠢᠷᠡᠯᠲᠡ᠄ ᠵᠠᠯᠠᠨ ᠠᠶᠢᠯ ᠬᠤᠲᠠ ᠶᠢᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号