ᠰᠢᠶᠠᠩ ᠶᠠᠩ ᠵᠡᠭᠡᠯᠢ ᠭᠤᠳᠤᠮᠵᠢ ᠳᠤ ︽ᠬᠡᠦᠬᠡᠳ ᠢ ᠬᠠᠯᠠᠮᠵᠢᠯᠠᠨ ᠬᠠᠶᠢᠷᠠᠯᠠᠵᠤ ᠭᠠᠷ ᠬᠤᠯᠪᠣᠯᠴᠠᠨ ᠦᠰᠦᠨ ᠪᠤᠶᠢᠵᠢᠬᠤ︾ ᠵᠤᠨ ᠤ ᠠᠮᠠᠷᠠᠯᠲᠠ ᠶᠢᠨ ᠪᠤᠷᠴᠠᠭ ᠤᠨ ᠵᠢᠷᠤᠭ᠂ ᠤᠷᠠᠨ ᠪᠢᠴᠢᠯᠭᠡ ᠶᠢᠨ ᠳᠤᠷ᠎ᠠ ᠰᠣᠨᠢᠷᠬᠠᠯ ᠤᠨ ᠪᠣᠯᠪᠠᠰᠤᠷᠠᠯ ᠤᠨ ᠠᠩᠭᠢ ᠡᠷᠬᠢᠯᠡᠪᠡ
ᠨᠡᠶᠢᠲᠡᠯᠡᠭᠰᠡᠨ ᠴᠠᠭ᠄
2021/8/6
     ᠬᠡᠦᠬᠡᠳ ᠤᠳ ᠤᠨ ᠤᠷᠠᠨ ᠪᠢᠴᠢᠯᠭᠡ ᠪᠠ ᠪᠤᠷᠴᠠᠭ ᠤᠨ ᠵᠢᠷᠤᠭ ᠤᠨ ᠲᠤᠬᠠᠶ ᠳᠤᠷ᠎ᠠ ᠰᠣᠨᠢᠷᠬᠠᠯ ᠪᠠ ᠲᠠᠨᠢᠯᠲᠠ  ᠶᠢ ᠳᠡᠭᠡᠭᠰᠢᠯᠡᠭᠦᠯᠵᠦ᠂ ᠳᠤᠮᠳᠠᠳᠤ  ᠶᠢᠨ ᠰᠣᠶᠣᠯ ᠤᠨ ᠤᠯᠠᠮᠵᠢᠯᠠᠯ ᠪᠠ ᠬᠥᠮᠦᠵᠢᠯ ᠢ ᠴᠢᠩᠭᠠᠳᠬᠠᠵᠤ᠂ ᠨᠡᠶᠢᠭᠡᠮ ᠲᠣᠭᠤᠷᠢᠭ ᠤᠨ ᠬᠡᠦᠬᠡᠳ ᠤᠨ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠵᠤ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠠᠷᠠᠳ ᠤᠨ ᠲᠥᠯᠥᠭᠡ ᠪᠣᠳᠠᠲᠠᠶ ᠠᠵᠢᠯ ᠬᠢᠬᠦ ᠠᠵᠢᠯ ᠢ ᠰᠠᠶᠢᠲᠤᠷ ᠬᠢᠬᠦ ᠶᠢᠨ ᠲᠥᠯᠥᠭᠡ᠂  ᠰᠢᠶᠠᠩ ᠶᠠᠩ ᠵᠡᠭᠡᠯᠢ ᠭᠤᠳᠤᠮᠵᠢ ᠶᠢᠨ ᠳ᠋ᠦᠩ ᠹᠠᠩ ᠬᠤᠩ ᠨᠡᠶᠢᠭᠡᠮ ᠲᠣᠭᠤᠷᠢᠭ ᠤᠨ ᠬᠢᠨ ᠨᠠᠮ ᠪᠣᠯᠤᠨ ᠤᠯᠠᠨ ᠲᠦᠮᠡᠨ ᠤ ᠦᠢᠯᠡᠴᠢᠯᠡᠭᠡᠨ ᠤ ᠲᠥᠪ ᠲᠤ ᠲᠦᠰᠢᠭᠯᠡᠨ ᠨᠡᠶᠢᠭᠡᠮ ᠲᠣᠭᠤᠷᠢᠭ ᠤᠨ ᠬᠡᠦᠬᠡᠳ ᠲᠤ ᠬᠠᠨᠳᠤᠭᠤᠯᠤᠨ ︽ᠬᠡᠦᠬᠡᠳ ᠢ ᠬᠠᠯᠠᠮᠵᠢᠯᠠᠨ ᠬᠠᠶᠢᠷᠠᠯᠠᠵᠤ ᠭᠠᠷ ᠬᠤᠯᠪᠣᠯᠴᠠᠨ ᠦᠰᠦᠨ ᠪᠤᠶᠢᠵᠢᠬᠤ︾ ᠵᠤᠨ ᠤ ᠠᠮᠠᠷᠠᠯᠲᠠ ᠶᠢᠨ ᠬᠤᠭᠤᠴᠠᠭᠠᠨ ᠤ ᠪᠤᠷᠴᠠᠭ ᠤᠨ ᠵᠢᠷᠤᠭ᠂ ᠤᠷᠠᠨ ᠪᠢᠴᠢᠯᠭᠡ ᠶᠢᠨ ᠳᠤᠷ᠎ᠠ ᠰᠣᠨᠢᠷᠬᠠᠯ ᠤᠨ ᠪᠣᠯᠪᠠᠰᠤᠷᠠᠯ ᠤᠨ ᠠᠩᠬᠢ ᠡᠷᠬᠢᠯᠡᠪᠡ᠃     ᠪᠤᠷᠴᠠᠭ ᠤᠨ ᠵᠢᠷᠤᠭ ᠤᠨ ᠳᠤᠷ᠎ᠠ ᠰᠣᠨᠢᠷᠬᠠᠯ ᠤᠨ ᠠᠩᠭᠢ ᠶᠢᠨ ᠪᠠᠭᠰᠢ ᠠᠴᠠ ᠬᠡᠤᠬᠡᠳ ᠤᠳ ᠲᠤ ᠪᠤᠷᠴᠠᠭ ᠤᠨ ᠵᠢᠷᠤᠭ ᠵᠣᠬᠢᠶᠠᠬᠤ ᠠᠷᠭ᠎ᠠ ᠶᠢ ᠲᠠᠨᠢᠯᠴᠠᠭᠤᠯᠵᠤ᠂ ᠬᠡᠤᠬᠡᠳ ᠤᠳ ᠢ ᠡᠯᠳᠡᠪ ᠥᠩᠭᠡ ᠶᠢᠨ ᠪᠤᠷᠴᠠᠭ ᠢᠶᠠᠷ ᠬᠥᠭᠡᠷᠦᠬᠦᠨ ᠠᠷᠪᠠᠨ ᠬᠤᠶᠠᠷ ᠵᠢᠯ ᠵᠢᠴᠢ ᠺᠠᠷᠲ᠋ᠣᠨ ᠪᠤᠷᠴᠠᠭ ᠤᠨ ᠵᠢᠷᠤᠭ ᠵᠡᠷᠭᠡ ᠶᠢ ᠵᠣᠬᠢᠶᠠᠨ ᠪᠦᠲᠦᠭᠡᠬᠦ ᠶᠢ ᠬᠥᠲᠥᠯᠥᠨ ᠵᠢᠯᠣᠭᠤᠳᠪᠠ᠃  ᠬᠢᠬᠦ ᠶᠠᠪᠤᠴᠠ ᠳᠤ ᠬᠡᠦᠬᠡᠳ ᠤᠨ ᠲᠠᠷᠢᠬᠢ ᠲᠣᠯᠣᠭᠠᠶ ᠶᠢ ᠨᠡᠭᠡᠭᠡᠭᠳᠡᠭᠦᠯᠦᠨ᠂ ᠠᠳᠠᠯᠢ ᠪᠤᠰᠤ ᠥᠩᠭᠡ ᠶᠢᠨ ᠪᠤᠷᠴᠠᠭ ᠢ ᠨᠢᠭᠡᠨ ᠬᠡᠪ ᠤᠨ ᠴᠠᠭᠠᠰᠤᠨ ᠳᠡᠭᠡᠷ᠎ᠡ ᠨᠠᠭᠠᠵᠤ᠂ ᠬᠡᠦᠬᠡᠳ ᠤᠳ ᠤᠷᠠᠨ ᠰᠡᠳᠬᠢᠮᠵᠢ ᠪᠠᠷ ᠬᠡᠦᠬᠡᠳ ᠤᠨ ᠰᠣᠨᠢᠷᠬᠠᠯ ᠤᠨ ᠥᠩᠭᠡ ᠪᠤᠳᠤᠭ ᠢᠶᠠᠷ ᠪᠢᠯᠬᠠᠮ᠎ᠠ ᠪᠤᠷᠴᠠᠭ ᠤᠨ ᠵᠢᠷᠤᠭ ᠤᠳ ᠢ ᠪᠦᠲᠦᠭᠡᠪᠡ᠃      ᠳ᠋ᠦᠩ ᠹᠠᠩ ᠬᠤᠩ ᠨᠡᠶᠢᠭᠡᠮ ᠲᠣᠭᠤᠷᠢᠭ ᠤᠨ ᠬᠢᠨ ︽ᠬᠡᠦᠬᠡᠳ ᠢ ᠬᠠᠯᠠᠮᠵᠢᠯᠠᠨ ᠬᠠᠶᠢᠷᠠᠯᠠᠵᠤ ᠭᠠᠷ ᠬᠤᠯᠪᠣᠯᠴᠠᠨ ᠦᠰᠦᠨ ᠪᠤᠶᠢᠵᠢᠬᠤ︾ ᠵᠤᠨ ᠤ ᠠᠮᠠᠷᠠᠯᠲᠠ ᠶᠢᠨ ᠬᠤᠭᠤᠴᠠᠭᠠᠨ ᠤ ᠪᠤᠷᠴᠠᠭ ᠤᠨ ᠵᠢᠷᠤᠭ᠂ ᠤᠷᠠᠨ ᠪᠢᠴᠢᠯᠭᠡ ᠶᠢᠨ ᠳᠤᠷ᠎ᠠ ᠰᠣᠨᠢᠷᠬᠠᠯ ᠤᠨ ᠪᠣᠯᠪᠠᠰᠤᠷᠠᠯ ᠤᠨ ᠠᠩᠬᠢ ᠶᠢ ᠡᠷᠬᠢᠯᠡᠵᠦ᠂ ᠨᠡᠶᠢᠭᠡᠮ ᠲᠣᠭᠤᠷᠢᠭ ᠤᠨ ᠬᠢᠨ ᠬᠤᠶᠢᠴᠢ ᠦᠶ᠎ᠡ ᠶᠢᠨ ᠬᠢᠨ ᠢ ᠬᠠᠯᠠᠮᠵᠢᠯᠠᠬᠤ ᠠᠵᠢᠯ ᠢᠶᠠᠷ ᠭᠠᠷᠳᠠᠴᠠ ᠪᠣᠯᠭᠠᠵᠤ᠂ ᠤᠯᠠᠨ ᠵᠦᠢᠯ ᠤᠨ ᠬᠡᠯᠪᠡᠷᠢ ᠶᠢᠨ ᠠᠵᠢᠯᠯᠠᠭ᠎ᠠ ᠪᠠᠷ ᠳᠠᠮᠵᠢᠭᠤᠯᠤᠨ ᠬᠡᠦᠬᠡᠳ ᠤᠨ ᠠᠮᠢᠳᠤᠷᠠᠯ ᠳᠤ ᠠᠭᠤᠰᠤᠯᠴᠠᠭᠤᠯᠵᠤ᠂ ᠬᠤᠶᠢᠴᠢ ᠦᠶ᠎ᠡ ᠶᠢᠨ ᠬᠢᠨ ᠢ ᠬᠠᠯᠠᠮᠵᠢᠯᠠᠬᠤ ᠠᠵᠢᠯ ᠢ ᠢᠳᠡᠪᠬᠢᠲᠡᠢ ᠰᠠᠶᠢᠲᠤᠷ ᠬᠢᠬᠦ ᠪᠠᠷ ᠵᠣᠷᠢᠯᠭ᠎ᠠ ᠪᠠᠨ ᠪᠣᠯᠭᠠᠵᠠᠢ᠃ ᠵᠣᠨ ᠤ ᠠᠮᠠᠷᠠᠯᠲᠠ ᠶᠢᠨ ᠳᠤᠷ᠎ᠠ ᠰᠣᠨᠢᠷᠬᠠᠯ ᠤᠨ ᠠᠩᠭᠢ ᠳᠤ ᠲᠦᠰᠢᠭᠯᠡᠨ ᠣᠯᠠᠨ ᠶᠠᠩᠵᠤ ᠶᠢᠨ ᠠᠵᠢᠯᠯᠠᠭ᠎ᠠ ᠥᠷᠨᠢᠭᠦᠯᠵᠦ᠂ ᠡᠭᠦᠨ ᠢᠶᠠᠷ ᠬᠡᠤᠬᠡᠳ ᠤᠨ ᠵᠣᠨ ᠤ ᠠᠮᠠᠷᠠᠯᠲᠠ ᠶᠢᠨ ᠠᠵᠢᠯ ᠤᠨ ᠴᠢᠯᠥᠭᠡᠨ ᠤ ᠠᠮᠢᠳᠤᠷᠠᠯ ᠢ ᠪᠠᠶᠠᠯᠢᠭᠵᠢᠭᠤᠯᠤᠨ᠂ ᠬᠡᠤᠬᠡᠳ ᠤᠨ ᠦᠵᠡᠯ ᠰᠡᠳᠬᠢᠯᠭᠡ ᠶᠢ ᠪᠣᠯᠪᠠᠰᠤᠷᠠᠭᠤᠯᠵᠤ᠂ ᠬᠡᠤᠬᠡᠳ ᠤᠨ ᠳᠤᠷ᠎ᠠ ᠰᠣᠨᠢᠷᠬᠠᠯ ᠢ ᠬᠥᠭᠵᠢᠭᠡᠨ᠂ ᠬᠡᠤᠬᠡᠳ ᠤᠨ ᠶᠣᠰᠣ ᠮᠣᠷᠠᠯ᠂ ᠣᠶᠤᠨ ᠤᠬᠠᠭᠠᠨ᠂ ᠪᠡᠶ᠎ᠡ ᠮᠠᠬᠠᠪᠣᠳ᠂ ᠭᠤᠸ᠎ᠠ ᠰᠠᠶᠢᠬᠠᠨ᠂ ᠬᠥᠳᠡᠯᠮᠦᠷᠢ ᠶᠢᠨ ᠪᠥᠬᠦ ᠲᠠᠯ᠎ᠠ ᠶᠢᠨ ᠬᠥᠭᠵᠢᠯᠲᠡ ᠶᠢ  ᠠᠬᠢᠭᠤᠯᠣᠨ᠎ᠠ᠃
 
ᠢᠷᠡᠯᠲᠡ᠄ ᠵᠠᠯᠠᠨ ᠠᠶᠢᠯ ᠬᠤᠲᠠ ᠶᠢᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号