ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠬᠥᠳᠡᠭᠡ ᠲᠣᠰᠬᠤᠨ ᠤ ᠵᠣᠷᠯᠣᠩ ᠢ ᠥᠭᠡᠷᠡᠴᠢᠯᠡᠬᠦ ᠵᠢᠴᠢ ᠶᠠᠳᠠᠭᠤ ᠶᠢ ᠲᠡᠳᠬᠦᠬᠦ ᠪᠠᠯᠠ ᠮᠥᠩᠭᠦ ᠶᠢ ᠬᠡᠷᠡᠭᠯᠡᠬᠦ ᠠᠵᠢᠯ ᠤᠨ ᠲᠤᠬᠠᠶ ᠲᠤᠬᠠᠶ ᠶᠢᠨ  ᠭᠠᠵᠠᠷ ᠲᠤ ᠬᠦᠷᠴᠦ ᠪᠠᠶᠢᠴᠠᠭᠠᠨ  ᠰᠣᠳᠣᠯᠪᠠ
ᠨᠡᠶᠢᠲᠡᠯᠡᠭᠰᠡᠨ ᠴᠠᠭ᠄
2021/8/6
       ᠣᠶᠢᠷ᠎ᠠ ᠳᠤ᠂ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠶᠢᠨ ᠳᠠᠷᠤᠭ᠎ᠠ ᠸᠠᠩ ᠪᠠᠶ ᠺᠦᠶ᠂ ᠰᠠᠬᠢᠯᠭ᠎ᠠ ᠪᠠᠲᠤ ᠪᠠᠶᠢᠴᠠᠭᠠᠬᠤ ᠳᠤᠭᠤᠶᠢᠯᠠᠩ ᠤᠨ ᠳᠠᠷᠤᠭ᠎ᠠ ᠯᠢ ᠵᠢᠩ᠂ ᠳᠡᠳ᠋ ᠳᠠᠷᠤᠭ᠎ᠠ ᠶᠠᠩ ᠬᠤᠩ ᠶᠤᠸᠠᠨ ᠲᠠᠷᠢᠶᠠᠯᠠᠩ ᠮᠠᠯ ᠠᠵᠤ ᠠᠬᠤᠶ ᠶᠢᠨ ᠠᠵᠢᠯ ᠤᠨ ᠠᠯᠪᠠᠨ ᠬᠡᠷ ᠤᠨ ᠠᠵᠢᠯᠲᠠᠳ ᠢᠶᠠᠨ ᠳᠠᠭᠠᠭᠤᠯᠤᠨ  ᠸᠧ ᠨᠢᠤ ᠾᠧ ᠪᠠᠯᠭᠠᠰᠤᠨ ᠳᠤ  ᠬᠦᠷᠴᠦ ᠲᠤᠬᠠᠶ ᠶᠢᠨ ᠭᠠᠵᠠᠷ ᠲᠤᠨᠢ ᠪᠠᠶᠢᠴᠠᠭᠠᠨ ᠰᠤᠳᠤᠯᠤᠯᠲᠠ᠂ ᠪᠠᠶᠢᠴᠠᠭᠠᠯᠲᠠ ᠪᠠ ᠬᠢᠨᠠᠨ ᠵᠢᠯᠣᠭᠤᠳᠣᠯᠭ᠎ᠠ ᠥᠷᠨᠢᠭᠦᠯᠪᠡ᠃        ᠲᠣᠰ ᠤᠳᠠᠭᠠᠨ ᠤ ᠲᠤᠬᠠᠶ ᠶᠢᠨ ᠭᠠᠵᠠᠷ ᠲᠤᠨᠢ ᠪᠠᠶᠢᠴᠠᠭᠠᠨ ᠰᠤᠳᠤᠯᠤᠯᠲᠠ ᠬᠢᠬᠦ ᠳᠡᠭᠡᠨ ᠭᠤᠤᠯᠳᠠᠭᠤ ᠠᠮᠤ ᠪᠤᠳᠠᠭ᠎ᠠ ᠳᠠᠷᠢᠵᠤ ᠪᠠᠶᠢᠭ᠎ᠠ ᠲᠠᠷᠢᠶᠠᠴᠢᠳ ᠤᠨ ᠨᠢᠭᠡ ᠤᠳᠠᠭ᠎ᠠ ᠶᠢᠨ ᠴᠢᠨᠠᠷᠲᠠᠶ ᠨᠥᠬᠦᠪᠥᠷᠢ ᠶᠢ ᠭᠤᠶᠤᠴᠢᠯᠠᠨ ᠮᠡᠳᠡᠭᠦᠯᠦᠭᠰᠡᠨ᠂ ᠬᠠᠷᠭᠤᠭᠤᠯᠤᠨ ᠪᠠᠶᠢᠴᠠᠭᠠᠭᠰᠠᠨ᠂ ᠵᠠᠷᠯᠠᠨ ᠨᠡᠶᠢᠲᠡᠯᠡᠭᠰᠡᠨ ᠪᠠᠶᠢᠳᠠᠯ᠂ ᠡᠷᠦᠬᠡ ᠶᠢᠨ ᠵᠣᠷᠯᠣᠩ ᠢ ᠴᠡᠭᠴᠡᠯᠡᠨ ᠰᠠᠶᠢᠵᠢᠷᠠᠭᠤᠯᠬᠤ ᠠᠵᠢᠯ ᠤᠨ ᠭᠤᠤᠯᠳᠠᠯᠭ᠎ᠠ᠂ ᠬᠦᠴᠢᠷ ᠠᠰᠠᠭᠤᠳᠠᠯ᠂ ᠠᠵᠢᠯ ᠤᠨ ᠠᠬᠢᠴᠠ ᠶᠢᠨ ᠪᠠᠶᠢᠳᠠᠯ ᠂ ᠶᠠᠳᠠᠭᠤ ᠶᠢ ᠲᠡᠳᠬᠦᠬᠦ ᠪᠠᠯᠠ ᠮᠥᠩᠭᠦ ᠶᠢ ᠬᠡᠷᠡᠭᠯᠡᠭᠰᠡᠨ ᠪᠠᠶᠢᠳᠠᠯ ᠵᠡᠷᠭᠡ ᠠᠵᠢᠯ ᠤᠨ ᠲᠣᠭᠤᠷᠢᠨ ᠳᠤ᠂ ᠰᠢᠶᠠᠩ ᠪᠠᠯᠭᠠᠰᠤᠨ ᠤ ᠤᠳᠤᠷᠢᠳᠤᠯᠭ᠎ᠠ᠂ ᠡᠯ᠎ᠡ ᠥᠷᠲᠡᠭᠡ ᠭᠠᠵᠠᠷ ᠤᠨ ᠠᠵᠢᠯᠲᠠᠳ ᠲᠠᠢ ᠶᠠᠷᠢᠯᠴᠠᠬᠤ ᠪᠠ ᠴᠠᠩ ᠹᠠ ᠲᠣᠰᠬᠤᠨ ᠳᠤ ᠭᠦᠨᠵᠡᠭᠡᠶᠢᠷᠡᠨ ᠲᠤᠬᠠᠶ ᠶᠢᠨ ᠭᠠᠵᠠᠷ ᠲᠤᠨᠢ ᠪᠠᠶᠢᠴᠠᠭᠠᠨ ᠦᠵᠡᠬᠦ ᠠᠷᠭ᠎ᠠ ᠮᠠᠶ᠋ᠢᠭ ᠢᠶᠠᠷ ᠳᠠᠮᠵᠢᠭᠤᠯᠤᠨ  ᠠᠵᠢᠯ ᠢᠶᠠᠨ ᠶᠠᠪᠤᠭᠳᠠᠭᠤᠯᠵᠠᠶ᠃       ᠪᠠᠶᠢᠴᠠᠭᠠᠨ ᠰᠤᠳᠤᠯᠤᠯᠲᠠ ᠬᠢᠬᠦ ᠪᠠᠷ ᠳᠡᠮᠵᠢᠨ᠂ ᠠᠮᠤ ᠪᠤᠳᠠᠭ᠎ᠠ ᠳᠠᠷᠢᠵᠤ ᠪᠠᠶᠢᠭ᠎ᠠ  ᠲᠠᠷᠢᠶᠠᠴᠢᠳ ᠲᠤ ᠨᠢᠭᠡ ᠯᠡ ᠤᠳᠠᠭ᠎ᠠ ᠶᠢᠨ ᠴᠢᠨᠠᠷᠲᠠᠶ ᠨᠥᠬᠦᠪᠥᠷᠢ ᠥᠭᠬᠦ᠂ ᠡᠷᠦᠬᠡ ᠶᠢᠨ ᠵᠣᠷᠯᠣᠩ ᠢ ᠴᠡᠭᠴᠡᠯᠡᠨ ᠰᠠᠶᠢᠵᠢᠷᠠᠭᠤᠯᠬᠤ᠂ ᠶᠠᠳᠠᠭᠤ ᠶᠢ ᠲᠡᠳᠬᠦᠬᠦ ᠪᠡᠯᠡ ᠮᠥᠩᠭᠦ ᠶᠢ ᠬᠡᠷᠡᠭᠯᠡᠬᠦ ᠵᠡᠷᠭᠡ ᠠᠵᠢᠯ ᠤᠨ  ᠪᠣᠲᠠᠲᠣ ᠪᠠᠶᠢᠳᠠᠯ ᠢ ᠣᠶᠢᠯᠠᠭᠠᠵᠤ᠂ ᠲᠠᠷᠠᠭᠠᠴᠢ ᠶᠢᠨ ᠠᠯᠬᠤᠮ ᠳᠤ ᠵᠣᠯᠭᠠᠭᠤᠯᠬᠤ ᠪᠠᠯᠠ ᠮᠥᠩᠭᠦ ᠶᠢ ᠵᠢᠷᠤᠮᠵᠢᠭᠤᠯᠤᠨ ᠬᠠᠮᠢᠶᠠᠷᠬᠤ ᠶᠢ ᠭᠦᠨᠵᠡᠭᠡᠶ ᠰᠤᠳᠤᠯᠵᠤ᠂ ᠲᠥᠷᠥᠯ  ᠵᠦᠢᠯ ᠤᠨ ᠨᠢᠭᠡᠴᠡ ᠶᠢ ᠰᠢᠪᠠᠳᠠᠨ ᠪᠠᠶᠢᠴᠠᠭᠠᠵᠤ ᠬᠡᠷᠡᠭᠵᠢᠭᠦᠯᠬᠦ ᠠᠬᠢᠴᠠ ᠶᠢ ᠲᠦᠷᠭᠡᠳᠬᠡᠨ᠂ ᠵᠣᠯᠭᠠᠭᠤᠯᠬᠤ ᠪᠠᠯᠠ ᠮᠥᠩᠭᠦ ᠶᠢ ᠴᠠᠭ ᠲᠤᠬᠠᠶ ᠳᠤᠨᠢ ᠰᠠᠯᠭᠠᠨ ᠥᠭᠴᠦ᠂ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠦᠷ᠎ᠡ ᠪᠦᠲᠦᠭᠡᠯ ᠢ ᠪᠠᠬᠢᠵᠢᠭᠦᠯᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠢ ᠪᠦᠲᠦᠮᠵᠢᠲᠡᠶ ᠵᠣᠯᠭᠠᠭᠤᠯᠬᠤ ᠶᠢ ᠳᠥᠯᠭᠢᠨ ᠠᠬᠢᠭᠤᠯᠵᠤ᠂ ᠬᠥᠳᠡᠭᠡ ᠲᠣᠰᠬᠤᠨ ᠤ ᠵᠣᠷᠯᠣᠩ ᠢ ᠥᠭᠡᠷᠡᠴᠢᠯᠡᠬᠦ ᠠᠵᠢᠯ ᠳᠤ ᠴᠠᠭ ᠲᠤᠬᠠᠶ ᠳᠤᠨᠢ ᠬᠠᠮᠵᠢᠯᠴᠠᠨ ᠴᠡᠭᠴᠡᠯᠡᠨ ᠰᠠᠶᠢᠵᠢᠷᠠᠭᠤᠯᠬᠤ ᠠᠵᠢᠯ ᠢ  ᠪᠡᠶᠡᠯᠡᠭᠦᠯᠦᠨ᠎ᠡ᠃    
 
ᠢᠷᠡᠯᠲᠡ᠄ ᠵᠠᠯᠠᠨ ᠠᠶᠢᠯ ᠬᠤᠲᠠ ᠶᠢᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号