ᠬᠤᠲᠠ ᠶᠢᠨ ᠰᠣᠶᠣᠯ ᠪᠡᠶ᠎ᠡ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ ᠰᠣᠶᠣᠯ ᠵᠢᠭᠤᠯᠴᠢᠯᠠᠯ ᠤᠨ ᠡᠵᠡᠩᠨᠡᠯᠲᠡ ᠶᠢᠨ ᠲᠠᠯᠠᠪᠤᠷ ᠭᠠᠵᠠᠷ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠰᠥᠨᠢ ᠶᠢᠨ ᠪᠠᠶᠢᠴᠠᠭᠠᠯᠲᠠ ᠥᠷᠨᠢᠭᠦᠯᠪᠡ
ᠨᠡᠶᠢᠲᠡᠯᠡᠭᠰᠡᠨ ᠴᠠᠭ᠄
2021/8/6
       ᠬᠥᠯᠥᠨ ᠪᠤᠶᠢᠷ ᠬᠤᠲᠠ ᠶᠢᠨ ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠤᠨ ᠬᠠᠯᠳᠠᠪᠤᠷᠢᠯᠠᠯ ᠤᠨ ᠠᠭᠤᠰᠬᠢᠨ ᠦᠷᠪᠢᠰᠦᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠤᠨ 24 ᠳ᠋ᠦ᠋ᠭᠡᠷ ᠲᠣᠭᠠᠲᠤ ᠠᠯᠪᠠᠨ ᠵᠠᠷ᠂ ᠵᠠᠯᠠᠨ ᠠᠶᠢᠯ ᠬᠤᠲᠠ ᠶᠢᠨ ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠤᠨ ᠬᠠᠯᠳᠠᠪᠤᠷᠢᠯᠠᠯ ᠤᠨ ᠠᠭᠤᠰᠬᠢᠨ ᠦᠷᠪᠢᠰᠦᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠤᠨ 130 ᠳ᠋ᠤᠭᠠᠷ ᠲᠣᠭᠠᠲᠤ ᠵᠠᠷᠯᠠᠯ ᠤᠨ ᠱᠠᠭᠠᠷᠳᠠᠯᠭ᠎ᠠ ᠶᠢ ᠲᠤᠤᠱᠯᠠᠭᠤᠯᠬᠤ ᠶᠢᠨ ᠲᠥᠯᠥᠭᠡ᠂ 8 ᠰᠠᠷ᠎ᠠ ᠶᠢᠨ 6     ᠤ ᠣᠷᠣᠶ ᠶᠢᠨ 22 ᠴᠠᠭ ᠲᠤ᠂ ᠬᠤᠲᠠ ᠶᠢᠨ ᠰᠣᠶᠣᠯ ᠪᠡᠶ᠎ᠡ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ ᠨᠢ ᠬᠤᠲᠠ ᠶᠢᠨ ᠰᠣᠶᠣᠯ ᠤᠨ ᠵᠠᠬ᠎ᠠ ᠳᠡᠯᠭᠡᠭᠦᠷ ᠤᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ ᠶᠢ ᠵᠣᠬᠢᠶᠠᠨ ᠪᠠᠶᠢᠭᠤᠯᠵᠤ᠂ ︽ ᠳᠦᠷᠪᠡ ᠦᠭᠡᠢ ᠬᠤᠶᠠᠷ ᠰᠢᠯᠣᠭᠤᠨ︾ ᠠᠷᠭ᠎ᠠ ᠮᠠᠶ᠋ᠢᠭ ᠢ ᠠᠪᠴᠤ᠂ ᠵᠠᠯᠠᠨ ᠠᠶᠢᠯ ᠬᠤᠲᠠ ᠶᠢᠨ ᠰᠣᠶᠣᠯ ᠵᠢᠭᠤᠯᠴᠢᠯᠠᠯ ᠤᠨ ᠡᠵᠡᠩᠨᠡᠯᠲᠡ ᠶᠢᠨ ᠲᠠᠯᠠᠪᠤᠷ ᠭᠠᠵᠠᠷ ᠤᠨ ᠬᠠᠭᠠᠵᠤ ᠵᠣᠭᠰᠣᠭᠠᠭᠰᠠᠨ ᠪᠠᠶᠢᠳᠠᠯ ᠬᠢᠭᠡᠳ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠳᠤ ᠰᠥᠨᠢ ᠶᠢᠨ ᠪᠠᠶᠢᠴᠠᠭᠠᠯᠲᠠ ᠬᠢᠵᠦ᠂ ᠰᠣᠶᠣᠯ ᠵᠢᠭᠤᠯᠴᠢᠯᠠᠯ ᠤᠨ ᠡᠵᠡᠩᠨᠡᠯᠲᠡ ᠶᠢᠨ ᠲᠠᠯᠠᠪᠤᠷ ᠭᠠᠵᠠᠷ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠭᠤᠤᠯ ᠴᠣᠭᠴᠠ ᠶᠢᠨ ᠬᠠᠷᠢᠭᠤᠴᠠᠯᠭ᠎ᠠ ᠪᠠᠨ ᠦᠨᠡᠨᠬᠦ  ᠭᠦᠢᠴᠡᠳᠭᠡᠬᠦ ᠶᠢ ᠰᠢᠮᠳᠠᠭᠤᠯᠤᠨ ᠵᠢᠯᠣᠭᠤᠳᠴᠤ᠂ ᠡᠯ᠎ᠡ  ᠵᠦᠢᠯ ᠤᠨ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠨ᠎ᠠ᠃     ᠪᠠᠶᠢᠴᠠᠭᠠᠬᠤ ᠳᠤᠭᠤᠶᠢᠯᠠᠩ ᠤᠨ ᠬᠢᠨ ᠳᠠᠭᠤᠤ ᠪᠥᠵᠢᠭ ᠵᠤᠭ᠎ᠠ ᠴᠡᠩᠭᠡᠯ ᠤᠨ ᠲᠠᠯᠠᠪᠤᠷ ᠭᠠᠵᠠᠷ᠂ ᠢᠨᠲ᠋ᠧᠷ ᠰᠦᠯᠵᠢᠶᠡᠨ ᠤ ᠰᠦᠯᠵᠢᠶᠡᠨ ᠳᠤ  ᠭᠠᠷᠬᠤ  ᠦᠢᠯᠡᠴᠢᠯᠡᠭᠡᠨ ᠤ ᠡᠵᠡᠩᠨᠡᠯᠲᠡ ᠶᠢᠨ ᠲᠠᠯᠠᠪᠤᠷ ᠭᠠᠵᠠᠷ ᠢ 40 ᠭᠠᠷᠤᠶ ᠳᠠᠷᠠᠭᠠᠯᠠᠨ ᠪᠠᠶᠢᠴᠠᠭᠠᠵᠤ᠂ ᠳᠡᠭᠡᠷᠡᠬᠢ ᠲᠠᠯᠠᠪᠤᠷ ᠭᠠᠵᠠᠷ ᠢ ᠬᠠᠭᠠᠵᠤ ᠵᠣᠭᠰᠣᠭᠠᠭᠰᠠᠨ ᠪᠠᠶᠢᠳᠠᠯ ᠨᠢ ᠨᠡᠯᠢᠶᠡᠳ ᠰᠠᠶᠢᠨ ᠪᠠᠶᠢᠵᠤ᠂ ᠲᠣᠭᠲᠠᠭᠠᠯ ᠠᠴᠠ ᠵᠥᠷᠢᠴᠡᠨ ᠡᠵᠡᠩᠨᠡᠭᠰᠡᠨ  ᠲᠠᠯᠠᠪᠣᠷ ᠥᠬᠡᠶ᠃    ᠣᠳᠣᠨ ᠲᠠᠰ ᠤᠨ ᠵᠣᠴᠢᠳ ᠤᠨ ᠪᠠᠭᠤᠳᠠᠯ ᠳᠤ᠂ ᠪᠠᠶᠢᠴᠠᠭᠠᠬᠤ ᠳᠤᠭᠤᠶᠢᠯᠠᠩ ᠤᠨ ᠬᠢᠨ ᠡᠬᠡ ᠲᠠᠩᠰᠠ ᠶᠢᠨ ᠮᠠᠲ᠋ᠧᠷᠢᠶᠠᠯ ᠢ ᠪᠠᠶᠢᠴᠠᠭᠠᠨ ᠦᠵᠡᠵᠦ᠂ ᠺᠣᠳ᠋  ᠰᠢᠷᠪᠢᠨ ᠳᠤᠯᠠᠭᠠᠨ  ᠢ ᠬᠡᠮᠵᠢᠬᠦ᠂  ᠰᠠᠶᠢᠳᠣᠷ ᠠᠷᠢᠭᠤᠳᠬᠠᠨ ᠰᠠᠯᠬᠢ ᠨᠡᠪᠲᠡᠷᠡᠭᠦᠯᠬᠦ᠂ ᠠᠷᠢᠭᠤᠨ ᠴᠡᠪᠡᠷ ᠢ ᠡᠷᠬᠢᠮᠯᠡᠬᠦ᠂ ᠸᠠᠺᠼᠢᠨ ᠤ ᠲᠠᠷᠢᠯᠭ᠎ᠠ ᠬᠢᠬᠦ᠂ ᠠᠵᠢᠯᠲᠠᠨ ᠠᠵᠢᠯᠴᠢᠨ ᠤ ᠡᠷᠡᠭᠦᠯ ᠮᠡᠨᠳᠦ ᠶᠢᠨ ᠬᠠᠮᠢᠶᠠᠷᠤᠯᠲᠠ᠂ ᠭᠠᠳᠠᠭᠰᠢ ᠭᠠᠷᠴᠤ ᠢᠷᠡᠵᠦ ᠪᠤᠴᠠᠬᠤ ᠶᠢ ᠮᠡᠳᠡᠭᠦᠯᠦᠨ ᠳᠠᠩᠰᠠᠯᠠᠭᠤᠯᠬᠤ᠂ ᠭᠠᠳᠠᠨ᠎ᠠ ᠠᠴᠠ ᠢᠷᠡᠭᠰᠡᠨ ᠬᠥᠮᠦᠰ ᠤᠨ ᠺᠣᠳ᠋  ᠰᠢᠷᠪᠢᠨ ᠪᠠᠶᠢᠴᠠᠭᠠᠬᠤ᠂ ᠰᠡᠷᠭᠡᠶᠢᠯᠡᠨ ᠡᠵᠡᠮᠳᠡᠬᠦ ᠡᠳ᠋ ᠪᠣᠳᠠᠰ ᠤᠨ ᠨᠥᠭᠡᠴᠡ᠂ ᠲᠤᠰᠠᠭᠠᠷᠯᠠᠬᠤ ᠥᠷᠥᠭᠡ᠂ ᠨᠢᠭᠡ ᠮᠧᠲᠷ ᠤᠨ ᠱᠤᠭᠤᠮ ᠪᠠᠶᠢᠷᠢᠯᠠᠭᠤᠯᠬᠤ ᠵᠡᠷᠭᠡ ᠪᠠᠶᠢᠳᠠᠯ ᠢ ᠪᠠᠶᠢᠴᠠᠭᠠᠨ ᠦᠵᠡᠬᠦ ᠶᠢᠨ ᠬᠠᠮᠲᠤ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠨᠢᠭᠡᠪᠦᠷᠢ ᠳᠤ ᠲᠣᠳᠣᠷᠬᠠᠶ ᠱᠠᠭᠠᠷᠳᠠᠯᠭ᠎ᠠ ᠳᠤᠷᠠᠳᠤᠭᠰᠠᠨ ᠪᠠᠶᠢᠨ᠎ᠠ᠃       ᠪᠠᠶᠢᠴᠠᠭᠠᠬᠤ ᠳᠤᠭᠤᠶᠢᠯᠠᠩ ᠠᠴᠠ ᠣᠳᠣᠨ ᠲᠠᠰ ᠤᠨ ᠵᠣᠴᠢᠳ ᠤᠨ ᠪᠠᠭᠤᠳᠠᠯ ᠳᠤ ᠬᠡᠲᠦ ᠤᠯᠠᠭᠠᠨ ᠰᠠᠴᠤᠷᠠᠭ ᠤᠨ ᠪᠡᠶ᠎ᠡ ᠶᠢᠨ ᠳᠤᠯᠠᠭᠠᠨ ᠤ ᠬᠡᠮᠵᠢᠭᠦᠷ ᠳᠣᠭᠢᠷᠠᠭᠤᠯᠵᠤ᠂ ᠵᠢᠵᠢᠭᠦᠷᠯᠡᠨ ᠰᠠᠬᠢᠬᠤ ᠬᠥᠮᠦᠰ ᠲᠤ AB ᠠᠵᠢᠯ ᠤᠨ ᠪᠠᠶᠢᠷᠢ ᠭᠠᠷᠭᠠᠵᠤ᠂ 24 ᠴᠠᠭ ᠢᠶᠠᠷ ᠵᠢᠵᠢᠭᠦᠷᠯᠡᠨ ᠰᠠᠬᠢᠬᠤ ᠶᠢ ᠦᠨᠡᠨ ᠬᠦ ᠪᠠᠲᠤᠯᠠᠵᠤ᠂ ᠲᠠᠯᠠᠪᠤᠷ ᠲᠤ ᠣᠷᠣᠬᠤ ᠬᠥᠮᠦᠰ ᠤᠨ ᠳᠡᠩᠰᠡᠯᠡᠯᠲᠡ ᠪᠠ ᠲᠠᠯᠠᠪᠤᠷ ᠤᠨ ᠳᠣᠲᠣᠷᠠᠬᠢ ᠬᠥᠮᠦᠰ ᠤᠨ ᠬᠠᠮᠢᠶᠠᠷᠤᠯᠲᠠ ᠶᠢ ᠴᠢᠩᠭ᠎ᠠ ᠰᠠᠶᠢᠲᠤᠷ ᠬᠢᠬᠦ ᠬᠡᠷᠡᠭᠲᠡᠶ ᠭᠡᠵᠦ ᠰᠠᠨᠠᠭᠤᠯᠪᠠ᠃ ᠡᠵᠡᠩᠨᠡᠭᠴᠢᠳ ᠢ ᠡᠷᠬᠡᠪᠰᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠴᠢᠩᠭ᠎ᠠ ᠰᠡᠷᠭᠡᠶᠢᠯᠡᠨ ᠰᠠᠬᠢᠵᠤ᠂ ᠪᠡᠶᠡᠴᠢ ᠴᠣᠭᠴᠠ ᠶᠢᠨ ᠬᠠᠷᠢᠭᠤᠴᠠᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠤᠨ᠂ ᠣᠳᠣ ᠶᠢᠨ ᠣᠷᠣᠰᠢᠵᠤ ᠪᠠᠶᠢᠭ᠎ᠠ ᠠᠰᠠᠭᠤᠳᠠᠯ ᠢ ᠲᠡᠷᠡ ᠳᠠᠷᠤᠶ ᠳᠤᠨᠢ ᠰᠢᠢᠳᠪᠦᠷᠢᠯᠡᠵᠦ ᠲᠡᠷᠡ ᠳᠠᠷᠤᠶ ᠳᠤᠨᠢ ᠥᠭᠡᠷᠡᠴᠢᠯᠡᠵᠦ᠂ ᠬᠠᠷᠢᠭᠤᠴᠠᠯᠭ᠎ᠠ ᠶᠢᠨ ᠤᠬᠠᠮᠰᠠᠷ ᠢᠶᠠᠨ ᠴᠢᠩᠭᠠᠳᠬᠠᠨ᠂ ᠠᠵᠢᠯ ᠤᠨ ᠦᠷ᠎ᠡ ᠪᠦᠲᠦᠮᠵᠢ ᠪᠠᠨ ᠳᠣᠪᠤᠶᠢᠯᠭᠠᠬᠤ ᠬᠡᠷᠡᠭᠲᠡᠶ ᠭᠡᠵᠦ ᠱᠠᠭᠠᠷᠳᠠᠵᠠᠶ᠃       ᠡᠨᠡ ᠤᠳᠠᠭᠠᠨ ᠤ ᠰᠥᠨᠢ ᠶᠢᠨ ᠪᠠᠶᠢᠴᠠᠭᠠᠯᠲᠠ ᠪᠠᠷ ᠳᠠᠮᠵᠢᠭᠠᠳ ᠵᠠᠯᠠᠨ ᠠᠶᠢᠯ ᠬᠤᠲᠠ ᠶᠢᠨ ᠰᠣᠶᠣᠯ ᠪᠡᠶ᠎ᠡ ᠲᠠᠮᠢᠷ ᠵᠤᠭᠠᠴᠠᠯ ᠷᠠᠳᠢᠣ᠋ ᠲᠧᠯᠸᠢᠰ ᠤᠨ ᠲᠣᠪᠴᠢᠶ᠎ᠠ ᠶᠢᠨ  ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠠᠵᠢᠯ ᠤᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠬᠤ ᠢᠲᠡᠭᠡᠯ ᠵᠣᠷᠢᠭ  ᠢᠶᠠᠨ ᠢᠯᠡᠷᠡᠭᠦᠯᠵᠦ᠂ ᠲᠠᠷᠠᠭᠠᠴᠢ ᠶᠢᠨ ᠠᠯᠬᠤᠮ ᠳᠤ᠂ ᠬᠤᠲᠠ ᠶᠢᠨ ᠰᠣᠶᠣᠯ ᠪᠡᠶ᠎ᠡ  ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ ᠶᠢᠨ ᠬᠢᠨ ᠠᠵᠢᠯ ᠲᠥᠷᠥᠯ ᠤᠨ ᠡᠷᠭᠢᠯᠡᠨ ᠬᠠᠮᠢᠶᠠᠷᠬᠤ ᠰᠠᠯᠠᠭ᠎ᠠ ᠮᠥᠴᠢᠷ ᠤᠨ ᠬᠠᠷᠢᠭᠤᠴᠠᠯᠭ᠎ᠠ ᠶᠢ ᠤᠯᠠᠮ ᠨᠢᠭᠡ ᠠᠯᠬᠤᠮ ᠬᠡᠷᠡᠭᠵᠢᠭᠦᠯᠦᠨ᠂ ᠬᠢᠨᠠᠯᠲᠠ ᠲᠠᠯᠪᠢᠵᠤ ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠵᠤ᠂ ᠡᠵᠡᠩᠨᠡᠭᠴᠢᠳ ᠢ ᠰᠢᠪᠠᠳᠠᠨ ᠭᠠᠳᠠᠨ᠎ᠠ ᠠᠴᠠ ᠢᠷᠡᠭᠰᠡᠨ ᠬᠥᠮᠦᠰ ᠲᠤ ᠠᠩᠬᠠᠷᠤᠯ ᠢᠶᠠᠨ ᠬᠠᠨᠳᠤᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠩᠭᠤ ᠶᠢᠨ ᠠᠵᠢᠯ ᠢ ᠴᠢᠩᠭ᠎ᠠ ᠨᠠᠶᠢᠳᠠᠪᠤᠷᠢᠵᠢᠭᠤᠯᠤᠨ᠂ ᠰᠡᠷᠭᠡᠶᠢᠯᠡᠬᠦ ᠤᠬᠠᠮᠰᠠᠷ ᠢᠶᠠᠨ ᠤᠯᠠᠮ ᠨᠢᠭᠡ ᠠᠯᠬᠤᠮ ᠴᠢᠩᠭᠠᠷᠠᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠴᠢᠳᠠᠪᠤᠷᠢ ᠶᠢᠨ ᠬᠢᠷᠢ ᠲᠦᠪᠰᠢᠨ ᠢᠶᠠᠨ ᠳᠡᠭᠡᠭᠰᠢᠯᠡᠭᠦᠯᠵᠦ᠂ ᠰᠣᠶᠣᠯ ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠮᠤᠷ ᠲᠦᠪᠰᠢᠨ ᠤ ᠪᠠᠶᠢᠳᠠᠯ ᠤᠨ ᠦᠷᠭᠦᠯᠵᠢᠯᠡᠨ ᠲᠣᠭᠲᠠᠭᠤᠨ ᠪᠠᠶᠢᠬᠤ ᠶᠢ ᠦᠨᠡᠨ ᠬᠦ ᠪᠠᠲᠤᠯᠠᠨ᠎ᠠ᠃
 
ᠢᠷᠡᠯᠲᠡ᠄ ᠵᠠᠯᠠᠨ ᠠᠶᠢᠯ ᠬᠤᠲᠠ ᠶᠢᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号