ᠬᠤᠲᠠ ᠶᠢᠨ ᠨᠠᠮ ᠤᠨ ᠬᠤᠷᠢᠶᠠᠨ ᠤ ᠱᠦᠵᠢ ᠵᠢᠶᠤᠤ ᠭᠠᠩ ᠸᠧᠶ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠠᠵᠢᠯ ᠢ ᠪᠠᠶᠢᠴᠠᠭᠠᠵᠤ ᠰᠢᠪᠠᠳᠠᠨ ᠵᠢᠯᠣᠭᠤᠳᠪᠠ
ᠨᠡᠶᠢᠲᠡᠯᠡᠭᠰᠡᠨ ᠴᠠᠭ᠄
2021/8/9
 
        8 ᠰᠠᠷ᠎ᠠ ᠶᠢᠨ 5      ᠤ ᠡᠳᠦᠷ᠂ ᠵᠠᠯᠠᠨ ᠠᠶᠢᠯ ᠬᠤᠲᠠ ᠶᠢᠨ ᠨᠠᠮ ᠤᠨ ᠬᠤᠷᠢᠶᠠᠨ ᠤ ᠱᠦᠵᠢ ᠵᠢᠶᠤᠤ ᠭᠠᠩ ᠸᠧᠶ ᠤᠷᠢᠳ ᠬᠤᠵᠢᠳ ᠵᠠᠯᠠᠨ ᠠᠶᠢᠯ  ᠤᠨ ᠴᠢᠩᠭᠢᠰ  ᠨᠢᠰᠬᠡᠯ ᠤᠨ ᠪᠠᠭᠤᠳᠠᠯ᠂ ᠬᠤᠲᠠ ᠶᠢᠨ ᠠᠷᠠᠳ ᠤᠨ ᠡᠮᠨᠡᠯᠭᠡ ᠶᠢᠨ ᠬᠤᠷᠢᠶ᠎ᠠ᠂ ᠠᠶᠠᠨᠴᠢᠳ ᠤᠨ ᠲᠡᠭᠡᠭᠡᠪᠦᠷᠢ ᠶᠢᠨ ᠥᠷᠲᠡᠭᠡ᠂ ᠭᠠᠯᠲᠤ ᠲᠡᠷᠭᠡᠨ ᠥᠷᠲᠡᠭᠡ᠂ ᠬᠤᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ ᠤᠨ ᠠᠯᠪᠠᠨ ᠬᠡᠷ ᠵᠡᠷᠭᠡ ᠭᠠᠵᠠᠷ ᠲᠤ ᠬᠦᠷᠴᠦ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠪᠠᠶᠢᠴᠠᠭᠠᠨ ᠵᠢᠯᠣᠭᠤᠳᠴᠤ᠂ ᠣᠳᠣᠬᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠦᠨᠳᠦ ᠨᠣᠴᠢᠲᠠᠶ ᠪᠠᠶᠢᠳᠠᠯ ᠢ ᠭᠦᠨᠵᠡᠭᠡᠶ ᠲᠠᠨᠢᠵᠤ᠂ ᠠᠷᠠᠳ ᠲᠦᠮᠡᠨ ᠢ ᠳᠡᠭᠡᠳᠦᠯᠡᠬᠦ᠂ ᠠᠮᠢ ᠨᠠᠰᠤ ᠶᠢ ᠳᠡᠭᠡᠳᠦᠯᠡᠬᠦ ᠶᠢ ᠪᠠᠷᠢᠮᠲᠠᠯᠠᠬᠤ ᠬᠡᠷᠡᠭᠲᠡᠶ ᠭᠡᠵᠦ ᠴᠢᠬᠤᠯᠠᠴᠢᠯᠠᠵᠤ᠂  ︽ᠬᠥᠮᠦᠨ᠂ ᠪᠣᠳᠠᠰ᠂ ᠣᠷᠴᠢᠨ ᠲᠣᠭᠤᠷᠢᠨ︾ ᠢ ᠬᠠᠮᠲᠤ ᠳᠤᠨᠢ ᠰᠡᠷᠭᠡᠶᠢᠯᠡᠬᠦ ᠶᠢ ᠪᠠᠷᠢᠮᠲᠠᠯᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠯ᠎ᠡ ᠵᠦᠢᠯ ᠤᠨ ᠠᠵᠢᠯ ᠢ ᠨᠠᠷᠢᠨ  ᠠᠴᠠ ᠨᠠᠷᠢᠨ᠂ ᠴᠢᠩᠭ᠎ᠠ  ᠠᠴᠠ ᠴᠢᠩᠭ᠎ᠠ᠂ ᠦᠨᠡᠨ ᠪᠣᠳᠠᠲᠠᠶ᠂ ᠴᠢᠩᠭ᠎ᠠ ᠠᠴᠠ ᠴᠢᠩᠭ᠎ᠠ ᠠᠳᠬᠤᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠯ᠎ᠡ  ᠵᠦᠢᠯ ᠤᠨ ᠠᠵᠢᠯ ᠢ ᠰᠠᠶᠢᠲᠤᠷ ᠠᠳᠬᠤᠵᠤ᠂ ᠥᠴᠦᠬᠡᠨ ᠴᠦ ᠠᠯᠳᠠᠰᠢ ᠭᠠᠷᠭᠠᠬᠤ ᠥᠬᠡᠶ ᠪᠠᠶᠢᠬᠤ ᠶᠢ ᠦᠨᠡᠨᠬᠦ ᠪᠠᠲᠤᠯᠠᠬᠤ ᠬᠡᠷᠡᠭᠲᠡᠶ᠃ ᠬᠤᠲᠠ ᠶᠢᠨ ᠤᠳᠤᠷᠢᠳᠤᠯᠭ᠎ᠠ ᠸᠠᠩ ᠪᠥᠸᠧ᠂ ᠯᠢᠦ ᠭᠦᠸᠧ ᠬᠤᠸᠠ᠂ ᠯᠢ ᠶᠠᠨ ᠯᠢᠩ᠂  ᠮᠧᠩ ᠭᠠᠩ ᠨᠠᠷ ᠣᠷᠣᠯᠴᠠᠵᠠᠶ᠃      ᠵᠠᠯᠠᠨ ᠠᠶᠢᠯ ᠤᠨ ᠴᠢᠩᠭᠢᠰ  ᠨᠢᠰᠬᠡᠯ ᠤᠨ ᠪᠠᠭᠤᠳᠠᠯ ᠳᠤ᠂ ᠵᠢᠶᠤᠤ ᠭᠠᠩ ᠸᠧᠢ ᠨᠢᠰᠬᠡᠯ ᠤᠨ ᠪᠠᠭᠤᠳᠠᠯ ᠤᠨ ᠠᠰᠠᠷ ᠤᠨ ᠭᠠᠷᠬᠤ ᠡᠭᠦᠳᠡ᠂ ᠨᠢᠰᠬᠡᠯ ᠬᠦᠯᠢᠶᠡᠬᠦ ᠶᠡᠭᠡ ᠲᠢᠩᠬᠢᠮ ᠵᠡᠷᠭᠡ ᠵᠠᠩᠭᠢᠯᠠᠭ᠎ᠠ ᠶᠢᠨ  ᠭᠠᠵᠠᠷ ᠨᠣᠮᠧᠷ ᠰᠢᠷᠪᠢᠬᠦ᠂ ᠳᠤᠯᠠᠭᠠᠨ ᠢ ᠬᠡᠮᠵᠢᠬᠦ᠂ ᠠᠴᠢᠶ᠎ᠠ ᠶᠢ ᠠᠷᠢᠭᠤᠳᠬᠠᠬᠤ ᠵᠡᠷᠭᠡ ᠵᠠᠩᠭᠢᠯᠠᠭ᠎ᠠ ᠶᠢᠨ ᠭᠤᠭᠴᠤᠭ᠎ᠠ ᠶᠢᠨ ᠬᠢᠵᠢᠭ ᠢ ᠰᠡᠷᠭᠡᠶᠢᠯᠡᠵᠦ ᠪᠠᠶᠢᠭ᠎ᠠ ᠪᠠᠶᠢᠳᠠᠯ ᠢ ᠨᠠᠷᠢᠨ ᠬᠢᠨᠠᠮᠠᠭᠠᠢ ᠪᠠᠶᠢᠴᠠᠭᠠᠨ ᠦᠵᠡᠵᠦ᠂ ᠨᠢᠰᠬᠡᠯ ᠤᠨ ᠪᠠᠭᠤᠳᠠᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠵᠦ ᠪᠠᠶᠢᠭ᠎ᠠ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠨᠠᠷᠢᠨ ᠬᠢᠨᠠᠮᠠᠭᠠᠢ ᠰᠣᠨᠣᠰᠴᠠᠢ ᠃ ᠵᠢᠶᠤᠤ ᠭᠠᠩ ᠸᠧᠶ ᠴᠢᠬᠤᠯᠠᠴᠢᠯᠠᠬᠤ ᠳᠠᠭᠠᠨ᠂ ᠣᠳᠣᠬᠠᠨ ᠳᠤ ᠬᠢᠵᠢᠭ  ᠢ ᠰᠡᠷᠭᠡᠶᠢᠯᠡᠨ ᠬᠢᠵᠠᠭᠠᠷᠯᠠᠬᠤ ᠪᠠᠶᠢᠳᠠᠯ ᠬᠦᠨᠳᠦ ᠬᠡᠴᠡᠭᠦᠦ ᠨᠠᠷᠢᠨ ᠪᠤᠳᠤᠯᠢᠶᠠᠨᠲᠠᠶ ᠪᠠᠶᠢᠵᠤ᠂ ᠨᠢᠰᠬᠡᠯ ᠤᠨ ᠪᠠᠭᠤᠳᠠᠯ ᠨᠢ ᠭᠠᠳᠠᠭᠠᠳᠤ ᠰᠡᠷᠭᠡᠶᠢᠯᠡᠯᠲᠡ ᠶᠢᠨ ᠣᠷᠣᠭᠤᠯᠤᠯᠲᠠ ᠶᠢᠨ ᠨᠢᠭᠡᠳᠦᠭᠡᠷ ᠪᠣᠭᠤᠮᠲᠠ ᠪᠣᠯᠤᠭᠰᠠᠨ ᠤ ᠬᠤᠪᠢ ᠳᠤ᠂  ᠡᠭᠦᠷᠭᠡ ᠬᠠᠷᠢᠭᠤᠴᠠᠯᠭ᠎ᠠ ᠲᠠᠶᠢᠱᠠᠨ ᠠᠭᠤᠯᠠᠨ ᠠᠴᠠ ᠬᠦᠨᠳᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠨᠡ ᠬᠦ ᠬᠥᠪᠴᠢ ᠪᠠᠨ ᠴᠠᠭ ᠢᠮᠠᠭᠲᠠ ᠴᠢᠩᠭᠠᠷᠠᠭᠤᠯᠵᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ᠂ ᠬᠠᠷᠢᠭᠤᠴᠠᠯᠭ᠎ᠠ ᠪᠠᠷ ᠤᠳᠤᠷᠢᠳᠤᠮᠵᠢ ᠪᠣᠯᠭᠠᠬᠤ᠂ ᠬᠠᠷᠠᠯᠲᠠ ᠪᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠨ᠂ ᠰᠤᠷᠭᠠᠮᠵᠢ ᠠᠪᠴᠤ᠂ ᠨᠢᠭᠡ ᠠᠴᠠ ᠵᠦᠢᠴᠢᠯᠡᠵᠦ ᠨᠥᠬᠦᠭᠡ ᠶᠢ ᠮᠡᠳᠡᠵᠦ᠂ ᠳᠤᠲᠠᠭᠳᠠᠯ ᠢ ᠪᠠᠶᠢᠴᠠᠭᠠᠨ᠂ ᠳᠤᠲᠠᠭᠤᠳᠠᠯ ᠢ ᠨᠥᠬᠦᠪᠥᠷᠢᠯᠡᠵᠦ᠂ ᠪᠠᠭᠤᠷᠠᠶ ᠲᠠᠯ᠎ᠠ ᠶᠢ ᠪᠠᠭᠤᠷᠠᠭᠤᠯᠤᠨ᠂ ᠪᠠᠶᠢᠳᠠᠯ ᠤᠨ ᠬᠤᠪᠢᠷᠠᠯᠲᠠ ᠶᠢ ᠦᠨᠳᠦᠰᠦᠯᠡᠨ ᠪᠠᠶᠢᠩᠭᠤᠵᠢᠭᠰᠠᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠷᠭ᠎ᠠ ᠪᠣᠳᠣᠯᠭ᠎ᠠ ᠶᠢ ᠴᠠᠭ ᠲᠤᠬᠠᠶ ᠳᠤᠨᠢ ᠳᠣᠭᠢᠷᠠᠭᠤᠯᠤᠨ ᠲᠡᠭᠦᠯᠳᠡᠷᠵᠢᠭᠦᠯᠵᠦ᠂ ᠡᠷᠡᠭᠦᠯ ᠮᠡᠨᠳᠦ ᠶᠢᠨ ᠰᠢᠭᠰᠢᠨ ᠪᠠᠶᠢᠴᠠᠭᠠᠯᠲᠠ᠂ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ᠂ ᠠᠷᠢᠭᠤᠳᠬᠠᠨ ᠲᠤᠰᠠᠭᠠᠷᠯᠠᠬᠤ ᠵᠡᠷᠭᠡ ᠡᠯ᠎ᠡ ᠵᠠᠩᠭᠢᠯᠠᠭ᠎ᠠ ᠶᠢᠨ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠵᠦ᠂ ᠵᠠᠪᠰᠠᠷ ᠥᠬᠡᠶ ᠵᠣᠯᠭᠠᠭᠤᠯᠬᠤ᠂ ᠪᠢᠲᠡᠭᠦᠦ ᠴᠠᠭᠠᠷᠢᠭ ᠢᠶᠠᠷ ᠬᠠᠮᠢᠶᠠᠷᠬᠤ ᠶᠢ ᠦᠨᠡᠨᠬᠦ ᠪᠠᠲᠤᠯᠠᠵᠤ᠂ ᠨᠢᠰᠬᠡᠯ ᠤᠨ ᠪᠠᠭᠤᠳᠠᠯ ᠭᠡᠬᠦ ᠡᠨᠡ ᠬᠦ ᠴᠢᠬᠤᠯᠠ ︽ᠪᠣᠭᠤᠮᠲᠠ︾ ᠶᠢ ᠡᠷᠡᠰ ᠪᠠᠲᠤ ᠰᠠᠬᠢᠬᠤ ᠬᠡᠷᠡᠭᠲᠡᠶ᠃      ᠬᠤᠳᠠ ᠶᠢᠨ ᠠᠷᠠᠳ ᠤᠨ ᠡᠮᠨᠡᠯᠭᠡ ᠶᠢᠨ  ᠬᠤᠷᠢᠶ᠎ᠠ ᠳᠤ᠂ ᠵᠢᠶᠤᠤ ᠭᠠᠩ ᠸᠧᠢ ᠤᠷᠢᠳᠴᠢᠯᠠᠨ ᠪᠠᠶᠢᠴᠠᠭᠠᠵᠤ ᠬᠤᠪᠢᠶᠠᠨ ᠣᠨᠣᠰᠢᠯᠠᠬᠤ᠂ ᠬᠠᠯᠠᠭᠤᠷᠠᠯ ᠤᠨ ᠡᠭᠦᠳᠡᠨ ᠡᠮᠨᠡᠯᠭᠡ ᠵᠡᠷᠭᠡ ᠭᠠᠵᠠᠷ ᠢ ᠲᠤᠬᠠᠢ ᠶᠢᠨ ᠭᠠᠵᠠᠷ ᠲᠤᠨᠢ ᠪᠠᠶᠢᠴᠠᠭᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠪᠥᠭᠡᠮ ᠬᠦᠴᠢᠯ ᠢ ᠪᠠᠶᠢᠴᠠᠭᠠᠨ ᠬᠡᠮᠵᠢᠬᠦ ᠵᠡᠷᠭᠡ ᠠᠵᠢᠯ ᠤᠨ ᠪᠠᠶᠢᠳᠠᠯ ᠢ ᠨᠠᠷᠢᠨ ᠣᠶᠢᠯᠠᠭᠠᠪᠠ᠃ ᠲᠡᠷᠡ ᠡᠮᠨᠡᠯᠭᠡ ᠶᠢᠨ ᠬᠤᠷᠢᠶ᠎ᠠ ᠡᠷᠬᠡᠪᠰᠢ ᠬᠤᠷᠢᠭ᠎ᠠ ᠱᠤᠭᠤᠮ ᠤᠨ ᠰᠡᠳᠬᠢᠬᠦᠢ ᠶᠢ ᠪᠠᠲᠤᠳᠬᠠᠵᠤ᠂ ᠰᠠᠨᠠᠭᠠᠰᠢᠷᠠᠨ ᠵᠣᠪᠠᠨᠢᠬᠤ ᠤᠬᠠᠮᠰᠠᠷ ᠢᠶᠠᠨ ᠴᠢᠩᠭᠠᠳᠬᠠᠵᠤ᠂ ᠭᠤᠣᠯᠳᠠᠯᠭ᠎ᠠ ᠲᠠᠢ ᠰᠠᠯᠠᠭ᠎ᠠ ᠮᠥᠴᠢᠷ ᠪᠣᠯᠤᠨ ᠡᠪᠡᠳᠴᠢᠲᠡᠨ ᠵᠢᠴᠢ ᠰᠤᠪᠢᠯᠠᠭᠴᠢ ᠶᠢᠨ ᠬᠠᠮᠢᠶᠠᠷᠤᠯᠲᠠ ᠶᠢ ᠴᠢᠩᠭᠠᠳᠬᠠᠵᠤ᠂ ᠠᠷᠢᠭᠤᠳᠬᠠᠨ ᠲᠤᠰᠠᠭᠠᠷᠯᠠᠬᠤ᠂ ᠡᠮᠴᠢ ᠰᠤᠪᠢᠯᠠᠭᠴᠢ ᠶᠢᠨ ᠲᠤᠰ ᠪᠡᠶ᠎ᠡ ᠶᠢᠨ ᠬᠠᠮᠠᠭᠠᠯᠠᠯᠲᠠ᠂ ᠡᠮᠴᠢᠯᠡᠭᠦᠯᠦᠭᠴᠢ ᠶᠢ ᠵᠠᠯᠠᠵᠤ ᠵᠢᠯᠣᠭᠤᠳᠬᠤ ᠵᠡᠷᠭᠡ ᠠᠵᠢᠯ ᠢ ᠪᠦᠬᠦ ᠲᠠᠯ᠎ᠠ ᠪᠠᠷ ᠰᠠᠶᠢᠲᠤᠷ ᠬᠢᠵᠦ᠂ ᠡᠮᠨᠡᠯᠭᠡ ᠶᠢᠨ ᠬᠤᠷᠢᠶᠠᠨ ᠳᠤ ᠬᠠᠯᠳᠠᠪᠤᠷᠢᠯᠠᠬᠤ ᠶᠢ ᠴᠢᠩᠭ᠎ᠠ ᠰᠡᠷᠭᠡᠶᠢᠯᠡᠬᠦ ᠬᠡᠷᠡᠭᠲᠡᠢ ᠭᠡᠵᠦ ᠵᠠᠬᠢᠪᠠ᠃ ᠲᠡᠷᠡ ᠴᠢᠬᠤᠯᠠᠴᠢᠯᠠᠭᠰᠠᠨ ᠨᠢ᠂ ᠡᠮᠴᠢᠯᠡᠭᠡᠨ ᠤ ᠪᠠᠶᠢᠭᠤᠯᠤᠮᠵᠢ ᠶᠢᠨ ᠠᠩᠬᠠᠨ ᠤ ᠣᠨᠣᠰᠢᠯᠠᠭ᠎ᠠ ᠶᠢᠨ ᠬᠠᠷᠢᠭᠤᠴᠠᠯᠭ᠎ᠠ ᠶᠢᠨ ᠳᠦᠷᠢᠮ ᠪᠣᠯᠤᠨ ᠤᠷᠢᠳᠴᠢᠯᠠᠨ ᠪᠠᠶᠢᠴᠠᠭᠠᠵᠤ ᠰᠠᠯᠭᠠᠨ ᠣᠨᠣᠰᠢᠯᠠᠬᠤ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠤᠷᠢᠳᠴᠢᠯᠠᠨ ᠪᠣᠯᠵᠣᠵᠤ ᠰᠠᠯᠭᠠᠨ ᠣᠨᠣᠰᠢᠯᠠᠬᠤ ᠡᠷᠴᠢᠮ ᠢ ᠴᠢᠩᠭᠠᠷᠠᠭᠤᠯᠤᠨ᠂ ᠠᠵᠢᠯᠯᠠᠬᠤ ᠶᠠᠪᠤᠴᠠ ᠶᠢ ᠴᠢᠩᠭ᠎ᠠ ᠵᠢᠷᠤᠮᠵᠢᠭᠤᠯᠵᠤ᠂ ᠠᠷᠠᠳ ᠣᠯᠠᠨ ᠤ ᠠᠮᠢ ᠨᠠᠰᠤᠨ ᠤ ᠠᠮᠤᠷ ᠲᠦᠪᠰᠢᠨ ᠪᠣᠯᠤᠨ ᠪᠡᠶ᠎ᠡ ᠮᠠᠬᠠᠪᠣᠳ ᠤᠨ ᠡᠷᠡᠭᠦᠯ ᠮᠡᠨᠳᠦ ᠶᠢ ᠪᠦᠬᠦ ᠬᠦᠴᠦ ᠪᠠᠷ ᠢᠶᠠᠨ ᠰᠠᠶᠢᠲᠤᠷ ᠬᠠᠮᠠᠭᠠᠯᠠᠬᠤ ᠬᠡᠷᠡᠭᠲᠡᠶ ᠭᠡᠵᠡᠶ᠃     ᠵᠢᠶᠤᠤ ᠭᠠᠩ ᠸᠧᠶ ᠨᠡᠷ ᠪᠠᠰᠠ ᠠᠶᠠᠨᠴᠢᠳ ᠤᠨ ᠲᠡᠭᠡᠭᠡᠪᠦᠷᠢ ᠶᠢᠨ ᠥᠷᠲᠡᠭᠡ᠂ ᠭᠠᠯᠲᠤ ᠲᠡᠷᠭᠡᠨ ᠤ ᠥᠷᠲᠡᠭᠡ ᠵᠡᠷᠭᠡ ᠭᠠᠵᠠᠷ ᠢᠶᠠᠷ ᠭᠦᠨᠵᠡᠭᠡᠶᠢᠷᠡᠨ᠂ ᠨᠢᠭᠡᠳᠦᠭᠡᠷ ᠹᠷᠣᠨᠲ ᠤᠨ ᠬᠢᠵᠢᠭ ᠢ ᠰᠡᠷᠭᠡᠶᠢᠯᠡᠬᠦ ᠬᠥᠮᠦᠰ ᠢ ᠡᠷᠬᠢᠨ ᠦᠵᠡᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠬᠠᠷᠢᠭᠤ ᠮᠡᠳᠡᠭᠦᠯᠦᠯᠲᠡ ᠶᠢ ᠬᠢᠨᠠᠮᠠᠭᠠᠶ ᠰᠣᠨᠣᠰᠴᠤ᠂ ᠠᠶᠠᠨᠴᠢᠳ ᠤᠨ ᠪᠠᠶᠢᠴᠠᠭᠠᠨ ᠰᠢᠯᠭᠠᠬᠤ ᠶᠠᠪᠤᠴᠠ ᠵᠢᠴᠢ ᠣᠷᠴᠢᠨ ᠠᠬᠤᠶ ᠶᠢᠨ ᠠᠷᠢᠭᠤᠳᠬᠠᠯ ᠤᠨ ᠪᠠᠶᠢᠴᠠᠭᠠᠨ ᠬᠡᠮᠵᠢᠯᠲᠡ ᠵᠡᠷᠭᠡ ᠪᠠᠶᠢᠳᠠᠯ ᠢ ᠨᠠᠷᠢᠨ ᠣᠶᠢᠯᠠᠭᠠᠪᠠ᠃ ᠲᠡᠷᠡ᠂ ᠮᠢᠨᠴᠦᠭᠦᠷᠡᠨ ᠲᠠᠶᠢᠪᠤᠰᠢᠷᠠᠬᠤ ᠦᠵᠡᠯ ᠰᠠᠨᠠᠭ᠎ᠠ᠂ ᠠᠵᠠ ᠵᠠᠪᠰᠢᠶᠠᠨ ᠢᠶᠠᠷ ᠭᠤᠷᠢᠳᠠᠬᠤ ᠰᠡᠳᠬᠢᠯᠭᠡ ᠶᠢ ᠡᠷᠡᠰ ᠲᠡᠪᠴᠢᠵᠦ᠂ ᠭᠤᠤᠯᠳᠠᠯᠭ᠎ᠠ ᠲᠠᠢ ᠭᠤᠭᠴᠤᠭ᠎ᠠ᠂ ᠭᠤᠤᠯᠳᠠᠯᠭ᠎ᠠ ᠲᠠᠢ ᠭᠠᠵᠠᠷ ᠣᠷᠣᠨ᠂ ᠭᠤᠤᠯᠳᠠᠯᠭ᠎ᠠ ᠲᠠᠢ ᠬᠥᠮᠦᠰ ᠢ ᠴᠢᠩᠭ᠎ᠠ ᠠᠩᠬᠠᠷᠴᠤ᠂ ᠰᠠᠯᠠᠭ᠎ᠠ ᠮᠥᠴᠢᠷ ᠤᠨ ᠬᠤᠯᠪᠣᠭᠠᠯᠠᠨ ᠬᠥᠳᠡᠯᠦᠯᠴᠡᠬᠦ ᠲᠣᠭᠲᠠᠴᠠ ᠶᠢ ᠪᠦᠷᠢᠨᠰᠢᠬᠦᠯᠵᠦ᠂ ᠨᠡᠶᠢᠭᠡᠮ ᠤᠨ ᠬᠠᠮᠢᠶᠠᠷᠤᠨ ᠡᠵᠡᠮᠳᠡᠬᠦ ᠪᠠ ᠡᠮᠴᠢᠯᠡᠭᠡᠨ ᠤ ᠰᠡᠷᠭᠡᠶᠢᠯᠡᠨ ᠡᠵᠡᠮᠳᠡᠬᠦ ᠶᠢ ᠵᠠᠪᠰᠠᠷ ᠥᠬᠡᠶ ᠵᠣᠯᠭᠠᠭᠤᠯᠬᠤ ᠶᠢ ᠨᠢᠭᠡᠳᠦᠯᠲᠡᠶ ᠲᠥᠯᠥᠪᠯᠡᠨ᠂ ᠠᠵᠢᠯ ᠤᠨ ᠲᠠᠰ ᠳᠠᠷᠠᠭᠠᠯᠠᠯ ᠢ ᠲᠣᠳᠣᠷᠬᠠᠶᠢᠯᠠᠵᠤ᠂ ᠠᠵᠢᠯ ᠤᠨ ᠵᠢᠯᠣᠭᠤᠳᠣᠯᠭ᠎ᠠ ᠶᠢ ᠲᠡᠭᠦᠯᠳᠡᠷᠵᠢᠭᠦᠯᠦᠨ᠂ ᠲᠤᠰᠠᠭᠠᠷᠯᠠᠭᠰᠠᠨ ᠬᠥᠮᠦᠰ ᠤᠨ ᠡᠷᠡᠭᠦᠯ ᠮᠡᠨᠳᠦ ᠶᠢ ᠬᠢᠨᠠᠨ ᠬᠡᠮᠵᠢᠬᠦ᠂ ᠬᠤᠭ ᠨᠣᠪᠰᠢ ᠶᠢ  ᠬᠠᠶᠠᠬᠤ᠂ ᠣᠷᠴᠢᠨ ᠲᠣᠭᠤᠷᠢᠨ ᠢ ᠠᠷᠢᠭᠤᠳᠬᠠᠬᠤ᠂ ᠡᠳ᠋ ᠪᠣᠳᠠᠰ ᠢ ᠳᠠᠮᠵᠢᠭᠤᠯᠬᠤ ᠵᠡᠷᠭᠡ ᠡᠯ᠎ᠡ ᠵᠠᠩᠭᠢᠯᠠᠭ᠎ᠠ ᠶᠢᠨ ᠠᠵᠢᠯ ᠢ ᠦᠨᠡᠨᠬᠦ ᠰᠠᠶᠢᠲᠤᠷ ᠬᠢᠵᠦ᠂ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠪᠣᠳᠠᠲᠠᠶᠢᠵᠢᠭᠤᠯᠬᠤ ᠶᠢ ᠦᠨᠡᠨᠬᠦ ᠪᠠᠲᠤᠯᠠᠬᠤ ᠬᠡᠷᠡᠭᠲᠡᠶ᠃ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠮᠦᠨ᠎ᠡ ᠹᠷᠣᠨᠲ ᠤᠨ ᠠᠵᠢᠯᠲᠠᠳ ᠢ ᠬᠠᠯᠠᠮᠵᠢᠯᠠᠨ ᠬᠠᠶᠢᠷᠠᠯᠠᠵᠤ᠂ ᠪᠣᠳᠠᠲᠠᠢ ᠬᠦᠴᠢᠷᠳᠡᠯ ᠢ ᠴᠠᠭ ᠲᠤᠬᠠᠢ ᠳᠤᠨᠢ ᠵᠣᠬᠢᠴᠠᠭᠤᠯᠤᠨ ᠰᠢᠢᠳᠪᠦᠷᠢᠯᠡᠵᠦ᠂ ᠦᠢᠯᠡᠴᠢᠯᠡᠭᠡ ᠪᠠᠲᠤᠯᠠᠭ᠎ᠠ ᠶᠢᠨ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠬᠦ ᠬᠡᠷᠡᠭᠲᠡᠢ᠃     ᠬᠤᠳᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ ᠤᠨ ᠠᠯᠪᠠᠨ ᠭᠡᠷ ᠲᠤ᠂ ᠵᠢᠶᠤᠤ ᠭᠠᠩ ᠸᠧᠢ ᠮᠠᠨ ᠤ ᠬᠤᠳᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠶᠡᠷᠦᠩᠬᠡᠢ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠨᠠᠷᠢᠨ ᠬᠢᠨᠠᠮᠠᠭᠠᠢ ᠰᠣᠨᠣᠰᠴᠤ᠂ ︽ᠨᠢᠭᠡ ᠠᠯᠪᠠᠨ ᠭᠡᠷ ᠵᠢᠷᠭᠤᠭᠠᠨ ᠳᠤᠭᠤᠶᠢᠯᠠᠩ︾ ᠤᠨ ᠠᠵᠢᠯᠯᠠᠭᠠᠨ ᠤ ᠪᠠᠶᠢᠳᠠᠯ ᠢ ᠨᠠᠷᠢᠨ ᠯᠠᠪᠯᠠᠨ ᠠᠰᠠᠭᠤᠪᠠ᠃ ᠵᠢᠶᠤᠤ ᠭᠠᠩ ᠸᠧᠶ ᠴᠢᠬᠤᠯᠠᠴᠢᠯᠠᠬᠤ ᠳᠠᠭᠠᠨ᠂ ᠵᠠᠯᠠᠨ ᠠᠶᠢᠯ ᠪᠣᠯ ᠬᠥᠯᠥᠨ ᠪᠤᠶᠢᠷ ᠤᠨ ᠳᠠᠪᠠᠭᠠᠨ ᠤ ᠵᠡᠭᠦᠨ ᠬᠡᠰᠡᠭ ᠤᠨ ᠭᠠᠵᠠᠷ ᠣᠷᠣᠨ ᠤ ᠵᠠᠮ ᠬᠠᠷᠢᠯᠴᠠᠭᠠᠨ ᠤ ᠬᠦᠢᠰᠦ ᠪᠣᠯᠬᠤ ᠪᠠᠷ ᠪᠠᠷᠠᠬᠤ ᠦᠭᠡᠶ᠂ ᠮᠥᠨ ᠴᠦ ᠴᠢᠬᠤᠯᠠ ᠪᠦᠬᠦᠢ ᠠᠷᠠᠯᠵᠢᠶ᠎ᠠ ᠬᠤᠳᠠᠯᠳᠤᠭᠠᠨ ᠤ ᠪᠠᠷᠠᠭᠠᠨ ᠤ ᠭᠦᠢᠯᠭᠡᠭᠡ ᠶᠢᠨ ᠲᠥᠪᠯᠡᠷᠡᠭᠦᠯᠦᠨ ᠲᠠᠷᠬᠠᠭᠠᠬᠤ ᠭᠠᠵᠠᠷ ᠪᠣᠯᠤᠨ᠎ᠠ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠳᠠᠯ ᠲᠦᠢᠯ ᠤᠨ ᠬᠦᠨᠳᠦ ᠬᠡᠴᠡᠭᠦᠦ ᠪᠠᠶᠢᠨ᠎ᠠ᠂ ᠪᠦᠬᠦ ᠬᠤᠳᠠ ᠪᠠᠷ ᠢᠶᠠᠨ ᠰᠢ ᠶᠢᠨ ᠫᠢᠩ ᠶᠡᠷᠦᠩᠬᠡᠢ ᠱᠦᠵᠢ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠲᠤᠬᠠᠢ ᠴᠢᠬᠤᠯᠠ ᠶᠠᠷᠢᠶᠠᠨ ᠤ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠣᠯᠤᠨ ᠬᠥᠯᠥᠨ ᠪᠤᠶᠢᠷ ᠬᠤᠳᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠠᠵᠢᠯ ᠤᠨ ᠱᠠᠭᠠᠷᠳᠠᠯᠭ᠎ᠠ ᠶᠢ ᠭᠦᠨᠵᠡᠭᠡᠢ ᠨᠠᠶᠢᠳᠠᠪᠤᠷᠢᠵᠢᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠯ᠎ᠡ ᠵᠦᠢᠯ ᠤᠨ ᠠᠵᠢᠯ ᠢ ᠨᠠᠷᠢᠨ ᠨᠢᠮᠪᠠᠢ   ᠴᠢᠩᠭ᠎ᠠ ᠠᠳᠬᠤᠬᠤ ᠬᠡᠷᠡᠭᠲᠡᠢ᠃ ᠵᠢᠶᠤᠤ ᠭᠠᠩ ᠸᠧᠶ ᠱᠠᠭᠠᠷᠳᠠᠭᠰᠠᠨ ᠨᠢ᠂ ᠬᠤᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ ᠵᠢᠴᠢ ᠠᠯᠪᠠᠨ ᠭᠡᠷ ᠢ ᠰᠢᠨᠵᠢᠯᠡᠬᠦ ᠤᠬᠠᠭᠠᠨᠴᠢ ᠪᠠᠷ ᠲᠣᠬᠢᠷᠠᠭᠤᠯᠵᠤ᠂ ᠥᠨᠳᠥᠷ ᠪᠦᠲᠦᠮᠵᠢᠲᠡᠶ ᠠᠵᠢᠯᠯᠠᠭᠤᠯᠵᠤ ᠂ ᠲᠥᠪ  ᠤᠨ ᠪᠣᠯᠤᠨ ᠵᠥᠪᠯᠡᠭᠴᠢ ᠬᠠᠪᠰᠤᠷᠤᠭᠴᠢ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠠᠵᠢᠯ ᠤᠨ ᠡᠭᠦᠷᠭᠡ ᠪᠠ ᠪᠠᠷᠢᠮᠵᠢᠶ᠎ᠠ ᠶᠢ ᠤᠯᠠᠮ ᠨᠢᠭᠡ ᠠᠯᠬᠤᠮ ᠲᠣᠳᠣᠷᠬᠠᠶᠢᠯᠠᠵᠤ᠂ ︽ᠳᠥᠷᠪᠡᠨ ᠲᠠᠯ᠎ᠠ︾ ᠶᠢᠨ ᠬᠠᠷᠢᠭᠤᠴᠠᠯᠭ᠎ᠠ ᠶᠢ ᠴᠢᠩᠭ᠎ᠠ ᠪᠣᠳᠠᠲᠠᠶᠢᠵᠢᠭᠤᠯᠵᠤ᠂ ︽ᠳᠥᠷᠪᠡᠨ ᠡᠷᠲᠡ︾ ᠶᠢᠨ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠤᠨ᠂ ︽ᠵᠢᠷᠭᠤᠭ᠎ᠠ ᠶᠢ ᠪᠣᠳᠠᠲᠠᠶᠢᠵᠢᠭᠤᠯᠬᠤ︾ ᠶᠢ ᠦᠨᠡᠨᠬᠦ ᠰᠠᠶᠢᠲᠤᠷ ᠬᠢᠵᠦ᠂ ᠠᠯᠳᠠᠰᠢ ᠭᠠᠷᠬᠤ ᠶᠢ ᠰᠡᠷᠭᠡᠶᠢᠯᠡᠨ ᠡᠵᠡᠮᠳᠡᠬᠦ ᠠᠵᠢᠯ ᠢ ᠪᠥᠬᠦ ᠲᠠᠯ᠎ᠠ ᠪᠠᠷ ᠰᠢᠰᠲ᠋ᠧᠮ ᠲᠠᠢ ᠬᠢᠨᠠᠨ ᠪᠠᠶᠢᠴᠠᠭᠠᠵᠤ ᠡᠮᠬᠢᠯᠡᠨ ᠳᠢᠭᠯᠡᠵᠦ᠂ ᠲᠤᠬᠠᠶ ᠶᠢᠨ ᠭᠠᠵᠠᠷ ᠣᠷᠣᠨ ᠤ ᠪᠠᠶᠢᠳᠠᠯ ᠳᠤᠨᠢ ᠳᠣᠭᠢᠷᠠᠭᠤᠯᠤᠨ᠂ ᠲᠤᠬᠠᠶ ᠶᠢᠨ ᠴᠠᠭ ᠤᠨ ᠪᠠᠶᠢᠳᠠᠯ ᠳᠤᠨᠢ ᠳᠣᠭᠢᠷᠠᠭᠤᠯᠤᠨ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠨᠠᠷᠢᠯᠢᠬᠵᠢᠭᠤᠯᠵᠤ᠂ ᠪᠠᠴᠢᠮ ᠪᠠᠶᠢᠳᠠᠯ ᠢ ᠠᠷᠭᠠᠴᠠᠬᠤ ᠰᠣᠷᠢᠯᠲᠠ ᠶᠢ ᠴᠢᠩᠭᠠᠷᠠᠭᠤᠯᠤᠨ᠂ ᠬᠢᠨᠠᠨ ᠵᠢᠯᠣᠭᠤᠳᠴᠤ ᠵᠢᠯᠣᠭᠤᠳᠬᠤ ᠶᠢ ᠴᠢᠩᠭᠠᠷᠠᠭᠤᠯᠤᠨ᠂ ᠬᠢᠨᠠᠯᠲᠠ ᠲᠠᠯᠪᠢᠵᠤ ᠰᠠᠬᠢᠯᠭ᠎ᠠ ᠪᠠᠲᠤ ᠶᠢ ᠬᠡᠷᠡᠭᠵᠢᠭᠦᠯᠦᠨ ᠬᠠᠷᠢᠭᠤᠴᠠᠯᠭ᠎ᠠ ᠨᠡᠬᠡᠮᠵᠢᠯᠡᠬᠦ ᠶᠢ ᠴᠢᠩᠭᠠᠳᠬᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ︽ᠠᠷᠪᠠ ᠶᠢ ᠴᠢᠩᠭ᠎ᠠ ᠴᠠᠭᠠᠵᠠᠯᠠᠬᠤ ︾ ᠰᠠᠬᠢᠯᠭ᠎ᠠ ᠪᠠᠲᠤ ᠶᠢᠨ ᠱᠠᠭᠠᠷᠳᠠᠯᠭ᠎ᠠ ᠶᠢ ᠴᠢᠩᠭ᠎ᠠ ᠲᠣᠳᠣᠷᠬᠠᠶᠢᠯᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠦᠨᠡᠨ ᠰᠡᠳᠬᠢᠯ ᠠᠴᠠ ᠪᠠᠨ ᠰᠠᠶᠢᠳᠣᠷ ᠬᠢᠬᠦ ᠬᠡᠷᠡᠭᠲᠡᠢ᠃ ᠵᠢᠶᠤᠤ ᠭᠠᠩ ᠸᠧᠢ᠂ ᠢᠮᠠᠭᠲᠠ ᠠᠷᠠᠳ ᠲᠦᠮᠡᠨ ᠢ ᠳᠡᠭᠡᠳᠦᠯᠡᠬᠦ᠂ ᠠᠮᠢ ᠨᠠᠰᠤ ᠶᠢ ᠳᠡᠭᠡᠳᠦᠯᠡᠬᠦ ᠶᠢ ᠪᠠᠷᠢᠮᠲᠠᠯᠠᠵᠤ᠂ ᠨᠠᠮ ᠤᠨ ᠪᠠᠶᠢᠭᠤᠯᠤᠯᠲᠠ ᠶᠢ ᠠᠳᠬᠤᠬᠤ ᠪᠣᠯᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠨᠢᠭᠲᠠ ᠤᠶᠠᠯᠳᠤᠭᠤᠯᠵᠤ᠂ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠲᠠᠶᠢᠴᠢᠨ ᠪᠠᠬᠢᠯᠡᠯᠲᠡ ᠶᠢᠨ ᠦᠢᠯᠡᠳᠦᠯ ᠪᠣᠯᠤᠨ ᠥᠷᠭᠡᠨ ᠤᠯᠠᠨ ᠨᠠᠮ ᠤᠨ ᠭᠡᠰᠢᠭᠦᠨ ᠺᠠᠳ᠋ᠷ ᠤᠨ ᠬᠤᠰᠢᠭᠤᠴᠢ ᠵᠢᠱᠢᠶᠡᠴᠢ ᠦᠢᠯᠡᠳᠦᠯ ᠢ ᠭᠦᠢᠴᠡᠳ ᠪᠠᠳᠠᠷᠠᠭᠤᠯᠵᠤ᠂ ᠺᠠᠳ᠋ᠷ ᠤᠨ ᠰᠢᠷᠭᠠᠭᠤ ᠬᠠᠲᠠᠭᠤᠵᠢᠯᠲᠠᠢ ᠵᠢᠭᠠᠯᠲᠠ ᠲᠤᠭ᠎ᠠ ᠪᠠᠷ ᠠᠷᠠᠳ ᠤᠯᠠᠨ ᠤ ᠠᠮᠤᠷ ᠲᠦᠪᠰᠢᠨ ᠪᠣᠯᠤᠨ ᠵᠣᠯ ᠵᠢᠷᠭᠠᠯ ᠤᠨ ᠵᠢᠭᠠᠯᠲᠠ ᠲᠤᠭ᠎ᠠ ᠶᠢ ᠰᠣᠯᠢᠬᠤ ᠬᠡᠷᠡᠭᠲᠡᠢ ᠭᠡᠵᠦ ᠱᠠᠭᠠᠷᠳᠠᠪᠠ᠃
 
ᠢᠷᠡᠯᠲᠡ᠄ ᠵᠠᠯᠠᠨ ᠠᠶᠢᠯ ᠬᠤᠳᠠ ᠶᠢᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号