ᠨᠢᠭᠡᠳᠦᠭᠡᠷ ᠪᠦᠯᠦᠭ ᠶᠡᠷᠦᠩᠬᠡᠶ ᠳᠦᠷᠢᠮ | ᠨᠢᠭᠡᠳᠦᠭᠡᠷ ᠵᠦᠢᠯ ᠮᠠᠨ ᠤ ᠬᠤᠲᠠ ᠶᠢᠨ ᠮᠠᠯᠵᠢᠬᠤ ᠲᠠᠷᠢᠶᠠᠯᠠᠬᠤ ᠣᠷᠣᠨ ᠤ ᠬᠠᠮᠲᠤ ᠶᠢᠨ ᠴᠤᠭᠯᠠᠷᠠᠨ | ᠬᠤᠭᠤᠯᠠᠯᠠᠬᠤ ᠶᠢᠨ ᠠᠵᠢᠯᠯᠠᠭ᠎ᠠ ᠶᠢᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ | ᠢᠳᠡᠭᠡᠨ ᠳᠤ ᠬᠤᠣᠷᠳᠠᠭᠳᠠᠬᠤ ᠪᠠ ᠢᠳᠡᠭᠡᠨ ᠠᠴᠠ ᠰᠢᠯᠲᠠᠭᠠᠯᠠᠭᠰᠠᠨ ᠪᠤᠰᠤᠳ ᠡᠪᠡᠳᠴᠢᠨ ᠡᠮᠭᠡᠭ ᠡᠭᠦᠰᠬᠦ ᠶᠢ | ᠪᠦᠲᠦᠮᠵᠢᠲᠡᠶ ᠰᠡᠷᠬᠡᠶᠢᠯᠡᠵᠦ᠂ ᠮᠠᠯᠵᠢᠬᠤ ᠲᠠᠷᠢᠶᠠᠯᠠᠬᠤ ᠣᠷᠣᠨ ᠤ ᠥᠷᠭᠡᠨ ᠣᠯᠠᠨ ᠲᠦᠮᠡᠨ ᠤ ᠪᠡᠶ᠎ᠡ ᠮᠠᠬᠠᠪᠣᠳ ᠤᠨ | ᠡᠷᠡᠭᠦᠯ ᠮᠡᠨᠳᠦ ᠪᠣᠯᠤᠨ ᠠᠮᠢ ᠨᠠᠰᠤᠨ ᠤ ᠠᠮᠤᠷ ᠲᠦᠪᠰᠢᠨ ᠢ ᠦᠨᠡᠨ ᠬᠦ ᠪᠠᠲᠤᠯᠠᠬᠤ ᠶᠢᠨ ᠲᠤᠰᠠᠳᠠ᠂ ︽ᠪᠦᠭᠦᠳᠡ | ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠢᠳᠡᠭᠡᠨ ᠤ ᠠᠮᠤᠷ ᠲᠦᠪᠰᠢᠨ ᠤ ᠬᠠᠤᠯᠢ︾ ︽ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠢᠳᠡᠭᠡᠨ ᠦᠢᠯᠡᠳᠪᠦᠷᠢᠯᠡᠵᠦ ᠡᠳ᠋ᠰᠢᠬᠦᠯᠬᠦ ᠦᠢᠯᠡᠳᠬᠡᠯ ᠪᠠ ᠢᠳᠡᠭᠡᠨ ᠤ | ᠳᠡᠯᠭᠡᠭᠦᠷᠴᠢᠨ ᠤ ᠬᠠᠮᠢᠶᠠᠷᠤᠯᠲᠠ ᠶᠢᠨ ᠳᠦᠷᠢᠮ︾ ︽ᠬᠥᠳᠡᠭᠡ ᠲᠣᠰᠬᠤᠨ ᠤ ᠬᠠᠮᠲᠤ ᠶᠢᠨ ᠴᠤᠭᠯᠠᠷᠠᠨ ᠬᠤᠭᠤᠯᠠᠯᠠᠬᠤ | ᠢᠳᠡᠭᠡᠨ ᠤ ᠠᠮᠤᠷ ᠲᠦᠪᠰᠢᠨ ᠤ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠶᠢ ᠠᠯᠬᠤᠮ ᠴᠢᠨᠠᠭᠰᠢᠳᠠ ᠴᠢᠩᠭᠠᠳᠬᠠᠬᠤ | ᠲᠤᠬᠠᠶ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠢᠳᠡᠭᠡᠨ ᠤ ᠠᠮᠤᠷ ᠲᠦᠪᠰᠢᠨ ᠤ ᠠᠯᠪᠠᠨ ᠭᠡᠷ ᠤᠨ ᠵᠢᠯᠣᠭᠤᠳᠬᠤ | ᠰᠠᠨᠠᠯ︾ ︵ᠢᠳᠡᠭᠡᠨ ᠠᠮᠤᠷ ᠠᠯᠪᠠᠨ ﹇2015﹈ 22 ᠳ᠋ᠤᠭᠠᠷ ᠲᠣᠭᠠᠲᠤ︶ ᠂ ︽ᠰᠤᠷᠭᠠᠭᠤᠯᠢ ᠶᠢᠨ ᠬᠤᠭᠤᠯᠠᠨ | ᠬᠡᠷ ᠵᠡᠷᠭᠡ ᠢᠳᠡᠭᠡᠨ ᠤᠮᠳᠠᠭᠠᠨ ᠤ ᠦᠢᠯᠡᠴᠢᠯᠡᠬᠡᠨ ᠤ ᠡᠵᠡᠩᠨᠡᠯᠲᠡ ᠶᠢᠨ ᠪᠠᠶᠢᠳᠠᠯ ᠤᠨ ᠢᠳᠡᠭᠡᠨ ᠤ ᠠᠮᠤᠷ | ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠠᠵᠢᠯ ᠢ ᠴᠢᠩᠭᠠᠳᠬᠠᠬᠤ ᠲᠤᠬᠠᠶ ᠥᠪᠥᠷ ᠮᠣᠩᠭᠤᠯ ᠤᠨ ᠥᠪᠡᠷᠲᠡᠭᠡᠨ | ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠰᠠᠨᠠᠯ︾ ︵ᠥᠪᠥᠷ ᠵᠠᠰᠠᠭ ᠠᠯᠪᠠᠨ | ᠲᠠᠷᠬᠠᠭᠠᠭᠰᠠᠨ ﹇2016﹈ 47 ᠳ᠋ᠤᠭᠠᠷ ᠲᠣᠭᠠᠲᠤ︶ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ᠂ ᠪᠢᠴᠢᠭ | ᠮᠠᠲ᠋ᠧᠷᠢᠶᠠᠯ ᠤᠨ ᠲᠣᠭᠲᠠᠭᠠᠯ ᠪᠠ ᠱᠠᠭᠠᠷᠳᠠᠯᠭ᠎ᠠ ᠶᠢ ᠦᠨᠳᠦᠰᠦᠯᠡᠨ᠂ ᠮᠠᠨ ᠤ ᠬᠤᠲᠠ ᠶᠢᠨ ᠪᠣᠳᠠᠲᠤ ᠪᠠᠶᠢᠳᠠᠯ ᠲᠠᠢ | ᠤᠶᠠᠯᠳᠤᠭᠤᠯᠤᠨ᠂ ᠲᠤᠰ ᠠᠷᠭ᠎ᠠ ᠶᠢ ᠲᠣᠭᠲᠠᠭᠠᠪᠠ᠃ | ᠬᠤᠶᠠᠳᠤᠭᠠᠷ ᠵᠦᠢᠯ ᠲᠤᠰ ᠬᠤᠲᠠ ᠶᠢᠨ ᠵᠠᠰᠠᠭ ᠵᠠᠬᠢᠷᠭᠠᠨ ᠤ ᠬᠠᠷᠢᠶ᠎ᠠ ᠣᠷᠣᠨ ᠤ ᠳᠣᠲᠣᠷᠠᠬᠢ ᠮᠠᠯᠵᠢᠬᠤ | ᠲᠠᠷᠢᠶᠠᠯᠠᠬᠤ ᠣᠷᠣᠨ ᠤ ᠬᠠᠮᠲᠤ ᠶᠢᠨ ᠴᠤᠭᠯᠠᠷᠠᠨ ᠬᠤᠭᠤᠯᠠᠯᠠᠬᠤ ᠵᠢᠴᠢ ᠢᠳᠡᠭᠡᠨ ᠤ ᠠᠮᠤᠷ ᠲᠦᠪᠰᠢᠨ ᠤ ᠬᠢᠨᠠᠯᠲᠠ | ᠬᠠᠮᠢᠶᠠᠷᠤᠯᠲᠠ ᠳᠤ ᠲᠤᠰ ᠠᠷᠭ᠎ᠠ ᠶᠢ ᠵᠢᠷᠤᠮᠯᠠᠨ᠎ᠠ᠃ ᠲᠤᠰ ᠠᠷᠭ᠎ᠠ ᠳᠤ ᠬᠡᠯᠡᠵᠦ ᠪᠠᠶᠢᠭ᠎ᠠ ᠮᠠᠯᠵᠢᠬᠤ ᠲᠠᠷᠢᠶᠠᠯᠠᠬᠤ | ᠣᠷᠣᠨ ᠤ ᠬᠠᠮᠲᠤ ᠶᠢᠨ ᠴᠤᠭᠯᠠᠷᠠᠨ ᠬᠤᠭᠤᠯᠠᠯᠠᠬᠤ ᠭᠡᠳᠡᠭ ᠨᠢ ᠮᠠᠯᠵᠢᠬᠤ ᠲᠠᠷᠢᠶᠠᠯᠠᠬᠤ ᠣᠷᠣᠨ ᠪᠣᠯᠤᠨ ᠬᠤᠲᠠ | ᠬᠥᠳᠡᠭᠡ ᠶᠢᠨ ᠨᠡᠶᠢᠯᠡᠮᠡᠯ ᠭᠠᠵᠠᠷ ︵ᠳᠣᠷᠣᠭᠰᠢ ᠮᠠᠯᠵᠢᠬᠤ ᠲᠠᠷᠢᠶᠠᠯᠠᠬᠤ ᠣᠷᠣᠨ ᠭᠡᠵᠦ ᠨᠡᠷᠡᠶᠢᠳᠦᠨ᠎ᠡ︶ ᠤᠨ ᠣᠯᠠᠨ | ᠲᠦᠮᠡᠨ ᠬᠤᠷᠢᠮ ᠪᠡᠯᠪᠡᠰᠦᠷᠡᠯ ᠵᠡᠷᠭᠡ ᠤᠴᠢᠷ ᠶᠠᠪᠤᠳᠠᠯ ᠠᠴᠠ ᠪᠣᠯᠵᠤ ᠰᠠᠶᠢᠨ ᠳᠤᠷ᠎ᠠ ᠠᠴᠠ ᠪᠠᠨ ᠵᠣᠬᠢᠶᠠᠨ | ᠪᠠᠶᠢᠭᠤᠯᠤᠭᠰᠠᠨ᠂ ᠢᠳᠡᠭᠡᠨ ᠤᠮᠳᠠᠭᠠᠨ ᠤ ᠦᠢᠯᠡᠴᠢᠯᠡᠭᠡᠨ ᠤ ᠨᠢᠭᠡᠴᠢ ᠠᠴᠠ ᠪᠤᠰᠤᠳ ᠲᠠᠯᠠᠪᠤᠷ ᠲᠤ ᠡᠷᠬᠢᠯᠡᠭᠰᠡᠨ᠂ | ᠭᠤᠣᠯᠳᠠᠭᠤ ᠡᠷᠬᠢᠯᠡᠨ ᠭᠦᠢᠴᠡᠳᠬᠡᠭᠴᠢ ᠪᠤᠶᠤ ᠳᠠᠭᠠᠭᠠᠴᠢᠯᠠᠨ ᠭᠦᠢᠴᠡᠳᠬᠡᠭᠴᠢ ᠠᠴᠠ ᠥᠪᠡᠷ ᠢᠶᠠᠨ ᠵᠣᠬᠢᠶᠠᠨ | ᠪᠠᠶᠢᠭᠤᠯᠵᠤ ᠬᠤᠭᠤᠯᠠ ᠪᠠᠵᠠᠭᠠᠵᠤ ᠬᠢᠭᠰᠡᠨ᠂ ᠬᠤᠭᠤᠯᠠᠯᠠᠬᠤ ᠬᠥᠮᠦᠨ ᠤ ᠲᠤᠭ᠎ᠠ ᠨᠢ 50 ᠬᠥᠮᠦᠨ ᠠᠴᠠ ᠳᠡᠭᠡᠭᠰᠢ | ᠡᠯ᠎ᠡ ᠲᠥᠷᠥᠯ ᠤᠨ ᠪᠦᠯᠦᠭᠵᠢᠯ ᠤᠨ ᠴᠢᠨᠠᠷᠲᠠᠶ ᠴᠤᠭᠯᠠᠷᠠᠨ ᠬᠤᠭᠤᠯᠠᠯᠠᠬᠤ ᠠᠵᠢᠯᠯᠠᠭ᠎ᠠ ︵ᠳᠣᠷᠣᠭᠰᠢ ᠮᠠᠯᠵᠢᠬᠤ | ᠲᠠᠷᠢᠶᠠᠯᠠᠬᠤ ᠣᠷᠣᠨ ᠤ ᠬᠠᠮᠲᠤ ᠶᠢᠨ ᠴᠤᠭᠯᠠᠷᠠᠨ ᠬᠤᠭᠤᠯᠠᠯᠠᠬᠤ ᠭᠡᠵᠦ ᠨᠡᠷᠡᠶᠢᠳᠦᠨ᠎ᠡ︶ ᠶᠢ ᠵᠢᠭᠠᠨ᠎ᠠ᠃ ᠲᠤᠰ | ᠠᠷᠭ᠎ᠠ ᠳᠤ ᠬᠡᠯᠡᠵᠦ ᠪᠠᠶᠢᠭ᠎ᠠ ᠡᠷᠬᠢᠯᠡᠨ ᠭᠦᠢᠴᠡᠳᠬᠡᠭᠴᠢ ᠭᠡᠳᠡᠭ ᠨᠢ ᠬᠤᠷᠢᠮ ᠪᠡᠯᠪᠡᠰᠦᠷᠡᠯ ᠵᠡᠷᠭᠡ ᠤᠴᠢᠷ | ᠶᠠᠪᠤᠳᠠᠯ ᠳᠤ ᠮᠠᠯᠵᠢᠬᠤ ᠲᠠᠷᠢᠶᠠᠯᠠᠬᠤ ᠣᠷᠣᠨ ᠤ ᠬᠠᠮᠲᠤ ᠶᠢᠨ ᠴᠤᠭᠯᠠᠷᠠᠨ ᠬᠤᠭᠤᠯᠠᠯᠠᠬᠤ ᠠᠵᠢᠯᠯᠠᠭ᠎ᠠ ᠶᠢ | ᠥᠪᠡᠷ ᠲᠡᠭᠡᠨ ᠵᠣᠬᠢᠶᠠᠨ ᠪᠠᠶᠢᠭᠤᠯᠬᠤ ᠪᠤᠶᠤ ᠪᠤᠰᠤᠳ ᠲᠤ ᠨᠠᠶᠢᠳᠠᠵᠤ ᠳᠠᠭᠠᠭᠠᠴᠢᠯᠠᠨ ᠭᠦᠢᠴᠡᠳᠬᠡᠯᠬᠡᠵᠦ ᠪᠠᠶᠢᠭ᠎ᠠ | ᠬᠥᠮᠦᠰ ᠢ ᠵᠢᠭᠠᠵᠤ ᠪᠤᠶ᠃ ᠲᠤᠰ ᠠᠷᠭ᠎ᠠ ᠳᠤ ᠬᠡᠯᠡᠵᠦ ᠪᠠᠶᠢᠭ᠎ᠠ ᠳᠠᠭᠠᠭᠠᠴᠢᠯᠠᠨ ᠭᠦᠢᠴᠡᠳᠬᠡᠭᠴᠢ ᠭᠡᠳᠡᠭ ᠨᠢ ᠡᠷᠬᠢᠯᠡᠨ | ᠭᠦᠢᠴᠡᠳᠬᠡᠭᠴᠢ ᠶᠢᠨ ᠨᠠᠶᠢᠳᠠᠯᠭ᠎ᠠ ᠶᠢ ᠬᠦᠯᠢᠶᠡᠵᠦ᠂ ᠨᠡᠭᠦᠳᠡᠯ ᠲᠣᠭᠤᠭᠠᠴᠢ ᠵᠡᠷᠭᠡ ᠠᠵᠢᠯ ᠡᠷᠬᠢᠯᠡᠭᠰᠡᠳ ᠢ | ᠥᠪᠡᠰᠦᠪᠡᠨ ᠵᠣᠬᠢᠶᠠᠨ ᠪᠠᠶᠢᠭᠤᠯᠬᠤ ᠪᠤᠶᠤ ᠤᠷᠢᠵᠤ ᠬᠡᠷᠡᠭᠯᠡᠨ ᠮᠠᠯᠵᠢᠬᠤ ᠲᠠᠷᠢᠶᠠᠯᠠᠬᠤ ᠣᠷᠣᠨ ᠤ ᠬᠠᠮᠲᠤ ᠶᠢᠨ | ᠴᠤᠭᠯᠠᠷᠠᠨ ᠬᠤᠭᠤᠯᠠᠯᠠᠬᠤ ᠠᠵᠢᠯᠯᠠᠭ᠎ᠠ ᠶᠢ ᠳᠠᠭᠠᠭᠠᠴᠢᠯᠠᠨ ᠠᠪᠬᠤ ᠬᠥᠮᠦᠰ ᠢ ᠵᠢᠭᠠᠵᠤ ᠪᠤᠶ᠃ ᠲᠤᠰ ᠠᠷᠭ᠎ᠠ ᠲᠤ | ᠬᠡᠯᠡᠵᠦ ᠪᠠᠶᠢᠭ᠎ᠠ ᠨᠡᠭᠦᠳᠡᠯ ᠲᠣᠭᠤᠭᠠᠴᠢ ᠭᠡᠳᠡᠭ ᠨᠢ ᠬᠤᠭᠤᠯᠠᠨ ᠬᠡᠷᠡᠭᠰᠡᠯ ︵ᠪᠤᠶᠤ ᠬᠤᠭᠤᠯᠠᠨ ᠬᠡᠷᠡᠭᠰᠡᠯ | ᠲᠦᠷᠢᠶᠡᠰᠦᠯᠡᠨ ᠬᠡᠷᠡᠭᠯᠡᠬᠦ︶ ᠲᠠᠢ᠂ ᠲᠣᠭᠲᠠᠮᠠᠯ ᠡᠳ᠋ᠰᠢᠭᠦᠯᠬᠦ ᠲᠠᠯᠠᠪᠤᠷ ᠪᠣᠯᠤᠨ ᠦᠢᠯᠡᠴᠢᠯᠡᠬᠦ ᠡᠲᠡᠭᠡᠳ ᠥᠭᠡᠢ᠂ | ᠡᠰᠡᠬᠦᠯ᠎ᠡ ᠤᠷᠳᠤ ᠬᠤᠭᠤᠴᠠᠭ᠎ᠠ ᠪᠠᠷ ᠢᠳᠡᠭᠡᠨ ᠤᠮᠳᠠᠭᠠᠨ ᠤ ᠬᠥᠳᠡᠯᠮᠦᠷᠢ ᠦᠢᠯᠡᠴᠢᠯᠡᠭᠡ ᠶᠢ ᠳᠠᠭᠠᠭᠠᠴᠢᠯᠠᠵᠦ᠂ | ᠪᠤᠰᠤᠳ ᠲᠤ ᠡᠯ᠎ᠡ ᠲᠥᠷᠥᠯ ᠤᠨ ᠳᠠᠶᠢᠯᠠᠯᠭ᠎ᠠ ᠶᠢᠨ ᠬᠤᠭᠤᠯᠠ ᠬᠢᠵᠦ ᠥᠭᠬᠦ ᠲᠣᠭᠤᠭᠠᠴᠢ ᠪᠠ ᠬᠠᠮᠲᠤ ᠶᠠᠪᠤᠭ᠎ᠠ | ᠲᠤᠭᠤᠭᠠᠨ ᠭᠡᠷ ᠲᠤ ᠬᠠᠪᠰᠤᠷᠬᠤ ᠬᠦᠮᠦᠰ ᠢ ᠵᠢᠭᠠᠵᠤ ᠪᠤᠢ᠃ |