ᠬᠥᠯᠥᠨ ᠪᠤᠶᠢᠷ ᠬᠤᠲᠠ ᠶᠢᠨ ᠮᠠᠯᠵᠢᠬᠤ ᠲᠠᠷᠢᠶᠠᠯᠠᠬᠤ ᠣᠷᠣᠨ ᠤ ᠬᠠᠮᠲᠤ ᠶᠢᠨ ᠴᠤᠭᠯᠠᠷᠠᠨ ᠬᠤᠭᠤᠯᠠᠯᠠᠬᠤ ᠢᠳᠡᠭᠡᠨ ᠤ ᠠᠮᠤᠷ ᠲᠦᠪᠰᠢᠨ ᠤ ᠬᠠᠮᠢᠶᠠᠷᠤᠯᠲᠠ ᠶᠢᠨ ᠠᠷᠭ᠎ᠠ ︵ᠭᠤᠷᠪᠠ︶
ᠨᠡᠶᠢᠲᠡᠯᠡᠭᠰᠡᠨ ᠴᠠᠭ᠄
2021/9/10
      ᠲᠠᠪᠤᠳᠤᠭᠠᠷ ᠵᠦᠢᠯ       ᠬᠤᠰᠢᠭᠤ ᠬᠤᠲᠠ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠨᠢ ᠮᠠᠯᠵᠢᠬᠤ ᠲᠠᠷᠢᠶᠠᠯᠠᠬᠤ ᠣᠷᠣᠨ ᠤ ᠬᠠᠮᠲᠤ ᠶᠢᠨ ᠴᠤᠭᠯᠠᠷᠠᠨ ᠬᠤᠭᠤᠯᠠᠯᠠᠬᠤ ᠠᠵᠢᠯᠯᠠᠭ᠎ᠠ ᠶᠢᠨ ᠳᠠᠭᠠᠭᠠᠴᠢᠯᠠᠨ ᠭᠦᠢᠴᠡᠳᠬᠡᠭᠴᠢ ᠶᠢ ᠵᠠᠷᠯᠠᠨ ᠨᠡᠶᠢᠲᠡᠯᠡᠬᠦ ᠲᠦᠷᠢᠮ ᠢ ᠪᠠᠶᠢᠭᠤᠯᠤᠨ ᠬᠡᠷᠡᠭᠵᠢᠭᠦᠯᠵᠦ᠂ ᠮᠠᠯᠵᠢᠬᠤ ᠲᠠᠷᠢᠶᠠᠯᠠᠬᠤ ᠣᠷᠣᠨ ᠤ ᠣᠯᠠᠨ ᠲᠦᠮᠡᠨ ᠳᠤ ᠳᠠᠭᠠᠭᠠᠴᠢᠯᠠᠨ ᠭᠦᠢᠴᠡᠳᠬᠡᠭᠴᠢ ᠶᠢᠨ ᠳᠡᠩᠰᠡᠯᠡᠨ ᠲᠡᠮᠳᠡᠭᠯᠡᠬᠦ᠂ ᠡᠳ᠋ᠰᠢᠭᠦᠯᠵᠦ ᠦᠢᠯᠡᠳᠬᠦ ᠬᠥᠮᠦᠰ ᠤᠨ ᠪᠡᠶ᠎ᠡ ᠶᠢᠨ ᠪᠠᠶᠢᠴᠠᠭᠠᠯᠲᠠ ᠪᠣᠯᠪᠠᠰᠤᠷᠠᠭᠤᠯᠤᠯ᠂ ᠬᠠᠤᠯᠢ ᠲᠣᠭᠲᠠᠭᠠᠯ ᠶᠣᠰᠣᠭᠠᠷ ᠡᠵᠡᠩᠨᠡᠬᠦ ᠵᠡᠷᠭᠡ ᠪᠠᠶᠢᠳᠠᠯ ᠢ ᠲᠣᠭᠲᠠᠮᠠᠯ ᠬᠤᠭᠤᠴᠠᠭ᠎ᠠ ᠲᠠᠢ ᠪᠤᠶᠤ ᠲᠣᠭᠲᠠᠮᠠᠯ ᠪᠤᠰᠤ ᠬᠤᠭᠤᠴᠠᠭ᠎ᠠ ᠲᠠᠢ ᠪᠠᠷ ᠵᠠᠷᠯᠠᠨ ᠨᠡᠶᠢᠲᠡᠯᠡᠵᠦ᠂ ᠳᠠᠭᠠᠭᠠᠴᠢᠯᠠᠨ ᠭᠦᠢᠴᠡᠳᠬᠡᠭᠴᠢ ᠶᠢ ᠰᠢᠮᠳᠠᠭᠤᠯᠤᠨ ᠦᠨᠡᠨᠴᠢ ᠢᠲᠡᠭᠡᠮᠵᠢᠲᠡᠶ ᠪᠠᠷ ᠬᠠᠤᠯᠢ ᠶᠢ ᠰᠠᠬᠢᠬᠤ ᠦᠵᠡᠯ ᠤᠬᠠᠮᠰᠠᠷ ᠢ ᠨᠢ ᠳᠡᠭᠡᠭᠰᠢᠯᠡᠭᠦᠯᠦᠨ᠂ ᠥᠷᠭᠡᠨ ᠣᠯᠠᠨ ᠲᠦᠮᠡᠨ ᠢ ᠬᠥᠲᠥᠯᠦᠨ ᠵᠢᠯᠣᠭᠤᠳᠴᠤ ᠪᠠᠶᠢᠭᠠᠳ ᠤᠬᠠᠮᠵᠢ ᠲᠠᠢ ᠪᠠᠷ ᠬᠤᠭᠤᠯᠠᠯᠠᠬᠤ ᠬᠡᠷᠡᠭᠲᠡᠶ᠃   ᠵᠢᠷᠭᠤᠳᠤᠭᠠᠷ ᠵᠦᠢᠯ     ᠡᠯ᠎ᠡ ᠱᠠᠲᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠨᠢ ᠬᠠᠷᠢᠶ᠎ᠠ ᠣᠷᠣᠨ ᠤ ᠳᠣᠲᠣᠷᠠᠬᠢ ᠮᠠᠯᠵᠢᠬᠤ ᠲᠠᠷᠢᠶᠠᠯᠠᠬᠤ ᠣᠷᠣᠨ ᠤ ᠬᠠᠮᠲᠤ ᠶᠢᠨ ᠴᠤᠭᠯᠠᠷᠠᠨ ᠬᠤᠭᠤᠯᠠᠯᠠᠬᠤ ᠢᠳᠡᠭᠡᠨ ᠤ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠎ᠠ᠃ ᠬᠤᠰᠢᠭᠤ ᠬᠤᠲᠠ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠨᠢ ᠰᠤᠮᠤ ᠰᠢᠶᠠᠩ ᠪᠠᠯᠭᠠᠰᠤ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠪᠠᠶᠢᠭᠤᠯᠤᠮᠵᠢ ᠶᠢᠨ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠶᠢ ᠴᠢᠩᠭᠠᠳᠬᠠᠵᠤ᠂ ᠲᠡᠳᠡᠨ ᠤ ᠲᠣᠰ ᠣᠷᠣᠨ ᠪᠦᠰᠡ ᠶᠢᠨ ᠮᠠᠯᠵᠢᠬᠤ ᠲᠠᠷᠢᠶᠠᠯᠠᠬᠤ ᠣᠷᠣᠨ ᠤ ᠬᠠᠮᠲᠤ ᠶᠢᠨ ᠴᠤᠭᠯᠠᠷᠠᠨ ᠬᠤᠭᠤᠯᠠᠯᠠᠬᠤ ᠠᠵᠢᠯᠯᠠᠭ᠎ᠠ ᠶᠢᠨ ᠮᠡᠳᠡᠭᠡ ᠵᠠᠩᠭᠢ ᠶᠢ ᠴᠤᠭᠯᠠᠭᠤᠯᠤᠨ ᠬᠤᠷᠢᠶᠠᠩᠭᠤᠶᠢᠯᠠᠬᠤ᠂ ᠢᠳᠡᠭᠡᠨ ᠤ ᠠᠮᠤᠷ ᠲᠦᠪᠰᠢᠨ ᠤ ᠬᠠᠪᠰᠤᠷᠤᠨ ᠬᠠᠮᠢᠶᠠᠷᠤᠭᠴᠢ᠂ ᠮᠡᠳᠡᠭᠡ ᠵᠠᠩᠭᠢᠴᠢ ᠵᠢᠴᠢ ᠨᠡᠭᠦᠳᠡᠯ ᠲᠣᠭᠤᠭᠠᠴᠢ ᠶᠢᠨ ᠲᠠᠩᠰᠠ ᠪᠠᠶᠢᠭᠤᠯᠬᠤ ᠪᠠ ᠬᠠᠮᠢᠶᠠᠷᠬᠤ ᠵᠡᠷᠭᠡ ᠠᠵᠢᠯ ᠥᠷᠨᠢᠭᠦᠯᠬᠦ ᠶᠢ ᠵᠢᠯᠣᠭᠤᠳᠴᠤ᠂ ᠢᠳᠡᠭᠡᠨ ᠤ ᠠᠮᠤᠷ ᠲᠦᠪᠰᠢᠨ ᠤ ᠬᠠᠪᠰᠤᠷᠤᠨ ᠬᠠᠮᠢᠶᠠᠷᠤᠭᠴᠢ᠂ ᠮᠡᠳᠡᠭᠡ ᠵᠠᠩᠭᠢᠴᠢ ᠵᠢᠴᠢ ᠨᠡᠭᠦᠳᠡᠯ ᠲᠣᠭᠤᠭᠠᠴᠢ ᠶᠢᠨ ᠢᠳᠡᠭᠡᠨ ᠤ ᠠᠮᠤᠷ ᠲᠦᠪᠰᠢᠨ ᠤ ᠮᠡᠳᠡᠯᠭᠡ ᠶᠢᠨ ᠪᠣᠯᠪᠠᠰᠤᠷᠠᠭᠤᠯᠤᠯ ᠢ ᠵᠣᠬᠢᠶᠠᠨ ᠪᠠᠶᠢᠭᠤᠯᠤᠨ ᠥᠷᠨᠢᠭᠦᠯᠵᠦ᠂ ᠢᠳᠡᠭᠡᠨ ᠤ ᠠᠮᠤᠷ ᠲᠦᠪᠰᠢᠨ ᠤ ᠰᠢᠮᠳᠠᠭᠤᠯᠤᠨ ᠪᠠᠶᠢᠴᠠᠭᠠᠬᠤ ᠵᠢᠴᠢ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠠᠵᠢᠯ ᠢ ᠥᠷᠨᠢᠭᠦᠯᠦᠨ᠎ᠡ᠃ ᠰᠤᠮᠤ ᠰᠢᠶᠠᠩ ᠪᠠᠯᠭᠠᠰᠤ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠪᠠᠶᠢᠭᠤᠯᠤᠮᠵᠢ ᠨᠢ ᠮᠠᠯᠵᠢᠬᠤ ᠲᠠᠷᠢᠶᠠᠯᠠᠬᠤ ᠣᠷᠣᠨ ᠤ ᠬᠠᠮᠲᠤ ᠶᠢᠨ ᠴᠤᠭᠯᠠᠷᠠᠨ ᠬᠤᠭᠤᠯᠠᠯᠠᠬᠤ ᠠᠵᠢᠯᠯᠠᠭ᠎ᠠ ᠶᠢᠨ ᠪᠦᠷᠢᠳᠬᠡᠨ ᠳᠠᠩᠰᠠᠯᠠᠬᠤ᠂ ᠲᠤᠬᠠᠶᠢᠯᠠᠭᠰᠠᠨ ᠠᠵᠢᠯ ᠢ ᠵᠢᠯᠣᠭᠤᠳᠬᠤ ᠵᠢᠴᠢ ᠢᠳᠡᠭᠡᠨ ᠤ ᠠᠮᠤᠷ ᠲᠦᠪᠰᠢᠨ ᠤ ᠬᠠᠪᠰᠤᠷᠤᠨ ᠬᠠᠮᠢᠶᠠᠷᠤᠭᠴᠢ᠂ ᠮᠡᠳᠡᠭᠡ ᠵᠠᠩᠭᠢᠴᠢ ᠶᠢᠨ ᠠᠵᠢᠯ ᠢᠶᠠᠨ ᠥᠷᠨᠢᠭᠦᠯᠬᠦ ᠶᠢ ᠬᠠᠮᠵᠢᠯᠴᠠᠨ ᠵᠢᠯᠣᠭᠤᠳᠤᠨ᠎ᠠ᠂ ᠴᠢᠬᠤᠯᠠᠲᠠᠶ ᠦᠶ᠎ᠡ ᠳᠤ ᠬᠤᠰᠢᠭᠤ ᠬᠤᠲᠠ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠢ ᠭᠤᠶᠤᠴᠢᠯᠠᠨ ᠲᠤᠬᠠᠶ ᠶᠢᠨ ᠭᠠᠵᠠᠷ ᠲᠤᠨᠢ ᠵᠢᠯᠣᠭᠤᠳᠬᠤ ᠪᠠ ᠬᠢᠨᠠᠯᠲᠠ ᠲᠠᠯᠪᠢᠵᠤ ᠪᠣᠯᠤᠨ᠎ᠠ᠃
 
ᠢᠷᠡᠯᠲᠡ᠄ ᠬᠥᠯᠦᠨ ᠪᠦᠢᠷ ᠬᠤᠲᠠ ᠶᠢᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号