ᠬᠥᠯᠥᠨ ᠪᠤᠶᠢᠷ ᠬᠤᠲᠠ ᠶᠢᠨ ᠮᠠᠯᠵᠢᠬᠤ ᠲᠠᠷᠢᠶᠠᠯᠠᠬᠤ ᠣᠷᠣᠨ ᠤ ᠬᠠᠮᠲᠤ ᠶᠢᠨ ᠴᠤᠭᠯᠠᠷᠠᠨ ᠬᠤᠭᠤᠯᠠᠯᠠᠬᠤ ᠢᠳᠡᠭᠡᠨ ᠤ ᠠᠮᠤᠷ ᠲᠦᠪᠰᠢᠨ ᠤ ᠬᠠᠮᠢᠶᠠᠷᠤᠯᠲᠠ ᠶᠢᠨ ᠠᠷᠭ᠎ᠠ ︵ᠲᠠᠪᠤ︶
ᠨᠡᠶᠢᠲᠡᠯᠡᠭᠰᠡᠨ ᠴᠠᠭ᠄
2021/9/10
     ᠬᠤᠶᠠᠳᠤᠭᠠᠷ ᠪᠦᠯᠦᠭ       ᠬᠠᠮᠢᠶᠠᠷᠤᠯᠲᠠ ᠶᠢᠨ ᠳᠦᠷᠢᠮ     ᠠᠷᠪᠠᠳᠤᠭᠠᠷ ᠵᠦᠢᠯ      ᠮᠠᠯᠵᠢᠬᠤ ᠲᠠᠷᠢᠶᠠᠯᠠᠬᠤ ᠣᠷᠣᠨ ᠤ ᠬᠠᠮᠲᠤ ᠶᠢᠨ ᠴᠤᠭᠯᠠᠷᠠᠨ ᠬᠤᠭᠤᠯᠠᠯᠠᠬᠤ ᠶᠢ ᠡᠷᠬᠢᠯᠡᠨ ᠭᠦᠢᠴᠡᠳᠬᠡᠭᠴᠢ ᠪᠠ ᠳᠠᠭᠠᠭᠠᠴᠢᠯᠠᠨ ᠭᠦᠢᠴᠡᠳᠬᠡᠭᠴᠢ ᠶᠢᠨ ᠬᠤᠭᠤᠷᠣᠨᠳᠣ᠂ ᠳᠠᠭᠠᠭᠠᠴᠢᠯᠠᠨ ᠭᠦᠢᠴᠡᠳᠭᠡᠭᠴᠢ ᠪᠠ ᠨᠡᠭᠦᠳᠡᠯ ᠲᠣᠭᠤᠭᠠᠴᠢ ᠵᠡᠷᠭᠡ ᠠᠵᠢᠯᠯᠠᠭᠰᠠᠳ ᠤᠨ ᠬᠤᠭᠤᠷᠣᠨᠳᠣ ᠪᠠᠨ ᠬᠤᠭᠤᠯᠠᠯᠠᠬᠤ ᠠᠮᠤᠷ ᠲᠦᠪᠰᠢᠨ ᠤ ᠬᠠᠷᠢᠭᠤᠴᠠᠯᠭ᠎ᠠ ᠶᠢ ᠦᠨᠡᠨ ᠬᠦ ᠪᠠᠲᠤᠯᠠᠬᠤ ᠵᠡᠷᠭᠡ ᠠᠭᠤᠯᠭ᠎ᠠ ᠪᠦᠬᠦᠢ ︽ᠬᠥᠯᠥᠨ ᠪᠤᠶᠢᠷ ᠬᠤᠲᠠ ᠶᠢᠨ ᠮᠠᠯᠵᠢᠬᠤ ᠲᠠᠷᠢᠶᠠᠯᠠᠬᠤ ᠣᠷᠣᠨ ᠤ ᠬᠠᠮᠲᠤ ᠶᠢᠨ ᠴᠤᠭᠯᠠᠷᠠᠨ ᠬᠤᠭᠤᠯᠠᠯᠠᠬᠤ ᠠᠵᠢᠯᠯᠠᠭ᠎ᠠ ᠶᠢᠨ ᠢᠳᠡᠭᠡᠨ ᠤ ᠠᠮᠤᠷ ᠲᠦᠪᠰᠢᠨ ᠤ ᠬᠠᠷᠢᠭᠤᠴᠠᠯᠭ᠎ᠠ ᠶᠢᠨ ᠵᠥᠪᠯᠡᠯᠴᠡᠭᠡᠷ ᠤᠨ ᠪᠢᠴᠢᠭ︾ ︵ᠳᠠᠭᠠᠯᠳᠤᠭᠤᠯᠤᠯ 4︶ ᠲᠣᠭᠲᠠᠵᠤ᠂ ᠲᠣᠰ ᠲᠣᠰ ᠤᠨ ᠢᠳᠡᠭᠡᠨ ᠤ ᠠᠮᠤᠷ ᠲᠦᠪᠰᠢᠨ ᠤ ᠬᠠᠷᠢᠭᠤᠴᠠᠯᠭ᠎ᠠ ᠪᠠᠨ ᠲᠣᠳᠣᠷᠬᠠᠶᠢᠯᠠᠨ ᠨᠠᠷᠢᠯᠢᠬᠵᠢᠭᠤᠯᠬᠤ ᠶᠢ ᠵᠣᠷᠢᠭᠵᠢᠭᠤᠯᠤᠨ᠎ᠠ᠃     ᠠᠷᠪᠠᠨ ᠨᠢᠭᠡᠳᠦᠭᠡᠷ ᠵᠦᠢᠯ      ᠡᠷᠬᠢᠯᠡᠨ ᠭᠦᠢᠴᠡᠳᠬᠡᠭᠴᠢ ᠪᠠ ᠳᠠᠭᠠᠭᠠᠴᠢᠯᠠᠨ ᠭᠦᠢᠴᠡᠳᠬᠡᠭᠴᠢ ᠨᠢ ᠤᠬᠠᠮᠰᠠᠷ ᠠᠴᠠ ᠪᠠᠨ ᠬᠠᠮᠲᠤ ᠶᠢᠨ ᠴᠤᠭᠯᠠᠷᠠᠨ ᠬᠤᠭᠤᠯᠠᠯᠠᠬᠤ ᠠᠴᠠ 3 ᠡᠳᠦᠷ ᠤᠨ ᠡᠮᠦᠨ᠎ᠡ ᠲᠤᠬᠠᠢ ᠶᠢᠨ ᠰᠤᠮᠤ ᠰᠢᠶᠠᠩ ᠪᠠᠯᠭᠠᠰᠤ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠪᠠᠶᠢᠭᠤᠯᠤᠮᠵᠢ ᠳᠤ ᠮᠡᠳᠡᠭᠦᠯᠬᠦ ᠶᠢᠨ ᠬᠠᠮᠲᠤ ︽ᠬᠥᠯᠥᠨ ᠪᠤᠶᠢᠷ ᠬᠤᠲᠠ ᠶᠢᠨ ᠮᠠᠯᠵᠢᠬᠤ ᠲᠠᠷᠢᠶᠠᠯᠠᠬᠤ ᠣᠷᠣᠨ ᠤ ᠬᠠᠮᠲᠤ ᠶᠢᠨ ᠴᠤᠭᠯᠠᠷᠠᠨ ᠬᠤᠭᠤᠯᠠᠯᠠᠬᠤ ᠠᠵᠢᠯᠯᠠᠭ᠎ᠠ ᠶᠢᠨ ᠭᠤᠶᠤᠴᠢᠯᠠᠨ ᠮᠡᠳᠡᠭᠦᠯᠵᠦ ᠪᠦᠷᠢᠳᠬᠡᠨ ᠳᠠᠩᠰᠠᠯᠠᠭᠤᠯᠬᠤ ᠬᠦᠰᠦᠨᠦᠭᠲᠦ︾ ︵ᠳᠠᠭᠠᠯᠳᠤᠭᠤᠯᠤᠯ 1︶ ᠶᠢ ᠲᠠᠭᠯᠠᠬᠤ ᠬᠡᠷᠡᠭᠲᠡᠶ᠃    ᠠᠷᠪᠠᠨ ᠬᠤᠶᠠᠳᠤᠭᠠᠷ ᠵᠦᠢᠯ      ᠭᠤᠶᠤᠴᠢᠯᠠᠨ ᠮᠡᠳᠡᠭᠦᠯᠵᠦ ᠪᠦᠷᠢᠳᠬᠡᠨ ᠳᠠᠩᠰᠠᠯᠠᠭᠤᠯᠬᠤ ᠭᠤᠤᠯ ᠠᠭᠤᠯᠭ᠎ᠠ ᠳᠤ ᠬᠠᠮᠲᠤ ᠶᠢᠨ ᠴᠤᠭᠯᠠᠷᠠᠨ ᠬᠤᠭᠤᠯᠠᠯᠠᠬᠤ ᠶᠢ ᠡᠷᠬᠢᠯᠡᠨ ᠭᠦᠢᠴᠡᠳᠬᠡᠭᠴᠢ ︵ᠳᠠᠭᠠᠭᠠᠴᠢᠯᠠᠨ ᠭᠦᠢᠴᠡᠳᠬᠡᠭᠴᠢ︶ ᠶᠢᠨ ᠣᠪᠣᠭ ᠨᠡᠷ᠎ᠡ᠂ ᠰᠠᠭᠤᠭ᠎ᠠ ᠭᠠᠵᠠᠷ᠂ ᠬᠠᠷᠢᠯᠴᠠᠬᠤ ᠠᠷᠭ᠎ᠠ ᠮᠠᠶ᠋ᠢᠭ᠂ ᠡᠷᠬᠢᠯᠡᠨ ᠭᠦᠢᠴᠡᠳᠬᠡᠭᠦ ᠤᠴᠢᠷ ᠰᠢᠯᠳᠠᠭᠠᠨ᠂ ᠡᠷᠬᠢᠯᠡᠨ ᠭᠦᠢᠴᠡᠳᠬᠡᠭᠦ ᠭᠠᠵᠠᠷ᠂ ᠬᠠᠮᠲᠤ ᠶᠢᠨ ᠴᠤᠭᠯᠠᠷᠠᠨ ᠬᠤᠭᠤᠯᠠᠯᠠᠬᠤ ᠠᠵᠢᠯᠯᠠᠭ᠎ᠠ ᠶᠢᠨ ᠡᠳᠦᠷ ᠬᠤᠭᠤᠴᠠᠭ᠎ᠠ᠂ ᠨᠣᠭᠤᠭ᠎ᠠ ᠵᠠᠭᠤᠰᠢ ᠶᠢᠨ ᠨᠠᠷᠢᠨ ᠳᠠᠩᠰᠠ ︵ᠠᠷᠢᠬᠢ ᠤᠰᠤ ᠪᠠᠭᠲᠠᠨ᠎ᠠ︶᠂ ᠪᠡᠯᠡᠳᠬᠡᠮᠵᠢ ᠲᠥᠬᠦᠭᠡᠷᠦᠮᠵᠢ᠂ ᠤᠷᠢᠳᠴᠢᠯᠠᠨ ᠵᠢᠱᠢᠭᠰᠡᠨ ᠬᠠᠮᠲᠤ ᠶᠢᠨ ᠴᠤᠭᠯᠠᠷᠠᠨ ᠬᠤᠭᠤᠯᠠᠯᠠᠬᠤ ᠬᠥᠮᠦᠨ ᠤ ᠲᠤᠭ᠎ᠠ ᠵᠢᠴᠢ ᠨᠡᠭᠦᠳᠡᠯ ᠲᠣᠭᠤᠭᠠᠴᠢ ᠶᠢᠨ ᠣᠪᠣᠭ ᠨᠡᠷ᠎ᠡ᠂ ᠰᠠᠭᠤᠭ᠎ᠠ ᠭᠠᠵᠠᠷ᠂ ᠬᠠᠷᠢᠯᠴᠠᠬᠤ ᠠᠷᠭ᠎ᠠ ᠮᠠᠶ᠋ᠢᠭ ᠵᠡᠷᠭᠡ ᠠᠭᠤᠯᠭ᠎ᠠ ᠶᠢ ᠪᠠᠭᠲᠠᠭᠠᠨ᠎ᠠ᠃
 
ᠢᠷᠡᠯᠲᠡ᠄ ᠬᠥᠯᠦᠨ ᠪᠦᠢᠷ ᠬᠤᠲᠠ ᠶᠢᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号