ᠬᠥᠯᠥᠨ ᠪᠤᠶᠢᠷ ᠬᠤᠲᠠ ᠶᠢᠨ ᠮᠠᠯᠵᠢᠬᠤ ᠲᠠᠷᠢᠶᠠᠯᠠᠬᠤ ᠣᠷᠣᠨ ᠤ ᠬᠠᠮᠲᠤ ᠶᠢᠨ ᠴᠤᠭᠯᠠᠷᠠᠨ ᠬᠤᠭᠤᠯᠠᠯᠠᠬᠤ ᠢᠳᠡᠭᠡᠨ ᠤ ᠠᠮᠤᠷ ᠲᠦᠪᠰᠢᠨ ᠤ ᠬᠠᠮᠢᠶᠠᠷᠤᠯᠲᠠ ᠶᠢᠨ ᠠᠷᠭ᠎ᠠ ︵ᠵᠢᠷᠭᠤᠭ᠎ᠠ︶
ᠨᠡᠶᠢᠲᠡᠯᠡᠭᠰᠡᠨ ᠴᠠᠭ᠄
2021/9/10
     ᠠᠷᠪᠠᠨ ᠭᠤᠷᠪᠠᠳᠤᠭᠠᠷ ᠵᠦᠢᠯ      ᠰᠤᠮᠤ ᠰᠢᠶᠠᠩ ᠪᠠᠯᠭᠠᠰᠤ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠪᠠᠶᠢᠭᠤᠯᠤᠮᠵᠢ ᠨᠢ ᠮᠠᠯᠵᠢᠬᠤ ᠲᠠᠷᠢᠶᠠᠯᠠᠬᠤ ᠣᠷᠣᠨ ᠤ ᠬᠠᠮᠲᠤ ᠶᠢᠨ ᠴᠤᠭᠯᠠᠷᠠᠨ ᠬᠤᠭᠤᠯᠠᠯᠠᠬᠤ ᠶᠢ ᠳᠡᠩᠰᠡᠯᠡᠨ ᠲᠡᠮᠳᠡᠭᠯᠡᠬᠦ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ ᠬᠠᠮᠲᠤ ᠶᠢᠨ ᠴᠤᠭᠯᠠᠷᠠᠨ ᠬᠤᠭᠤᠯᠠᠯᠠᠬᠤ ᠠᠵᠢᠯᠯᠠᠭ᠎ᠠ ᠶᠢ ᠡᠷᠬᠢᠯᠡᠨ ᠭᠦᠢᠴᠡᠳᠬᠡᠭᠴᠢ ᠪᠠ ᠳᠠᠭᠠᠭᠠᠴᠢᠯᠠᠨ ᠭᠦᠢᠴᠡᠳᠬᠡᠭᠴᠢ ᠳᠤ ︽ᠬᠥᠯᠥᠨ ᠪᠤᠶᠢᠷ ᠬᠤᠲᠠ ᠶᠢᠨ ᠮᠠᠯᠵᠢᠬᠤ ᠲᠠᠷᠢᠶᠠᠯᠠᠬᠤ ᠣᠷᠣᠨ ᠤ ᠬᠠᠮᠲᠤ ᠶᠢᠨ ᠴᠤᠭᠯᠠᠷᠠᠨ ᠬᠤᠭᠤᠯᠠᠯᠠᠬᠤ ᠠᠵᠢᠯᠯᠠᠭ᠎ᠠ ᠶᠢᠨ ᠢᠳᠡᠭᠡᠨ ᠤ ᠠᠮᠤᠷ ᠲᠦᠪᠰᠢᠨ ᠤ ᠲᠦᠭᠰᠢᠭᠦᠷᠢ ᠶᠢ ᠮᠡᠳᠡᠭᠳᠡᠬᠦ ᠪᠢᠴᠢᠭ︾ ︵ᠳᠠᠭᠠᠯᠳᠤᠭᠤᠯᠤᠯ 2︶ ᠢ ᠲᠠᠷᠬᠠᠭᠠᠨ ᠥᠭᠴᠦ᠂ ᠲᠡᠭᠦᠨ ᠢ ᠰᠢᠮᠳᠠᠭᠤᠯᠤᠨ ︽ᠬᠥᠯᠥᠨ ᠪᠤᠶᠢᠷ ᠬᠤᠲᠠ ᠶᠢᠨ ᠮᠠᠯᠵᠢᠬᠤ ᠲᠠᠷᠢᠶᠠᠯᠠᠬᠤ ᠣᠷᠣᠨ ᠤ ᠬᠠᠮᠲᠤ ᠶᠢᠨ ᠴᠤᠭᠯᠠᠷᠠᠨ ᠬᠤᠭᠤᠯᠠᠯᠠᠬᠤ ᠠᠵᠢᠯᠯᠠᠭ᠎ᠠ ᠶᠢᠨ ᠢᠳᠡᠭᠡᠨ ᠤ ᠠᠮᠤᠷ ᠲᠦᠪᠰᠢᠨ ᠤ ᠠᠮᠠᠯᠠᠯᠲᠠ ᠶᠢᠨ ᠪᠢᠴᠢᠭ︾ ︵ᠳᠠᠭᠠᠯᠳᠤᠭᠤᠯᠤᠯ 3 ︶ ᠲᠤ ᠭᠠᠷ ᠤᠨ ᠥᠰᠥᠭ ᠵᠢᠷᠤᠭᠤᠯᠵᠤ᠂ ᠳᠡᠭᠡᠷ᠎ᠡ ᠳᠤᠷᠠᠳᠤᠭᠰᠠᠨ ᠮᠡᠳᠡᠭᠦᠯᠦᠯᠲᠡ ᠶᠢᠨ ᠮᠠᠲ᠋ᠧᠷᠢᠶᠠᠯ ᠢ ︽ᠬᠥᠯᠥᠨ ᠪᠤᠶᠢᠷ ᠬᠤᠲᠠ ᠶᠢᠨ ᠮᠠᠯᠵᠢᠬᠤ ᠲᠠᠷᠢᠶᠠᠯᠠᠬᠤ ᠣᠷᠣᠨ ᠤ ᠬᠠᠮᠲᠤ ᠶᠢᠨ ᠴᠤᠭᠯᠠᠷᠠᠨ ᠬᠤᠭᠤᠯᠠᠯᠠᠬᠤ ᠠᠵᠢᠯᠯᠠᠭ᠎ᠠ ᠶᠢᠨ ᠭᠤᠶᠤᠴᠢᠯᠠᠨ ᠮᠡᠳᠡᠭᠦᠯᠵᠦ ᠪᠦᠷᠢᠳᠬᠡᠨ ᠳᠠᠩᠰᠠᠯᠠᠬᠤ ᠬᠦᠰᠦᠨᠦᠭᠲᠦ︾ ︵ᠳᠠᠭᠠᠯᠳᠤᠭᠤᠯᠤᠯ 1︶ ᠲᠠᠢ ᠬᠠᠮᠲᠤ ᠳᠤᠨᠢ ᠲᠠᠩᠰᠠ ᠡᠪᠬᠡᠮᠡᠯ ᠳᠤ ᠣᠷᠣᠭᠤᠯᠤᠨ᠎ᠠ᠃    ᠠᠷᠪᠠᠨ ᠳᠥᠷᠪᠡᠳᠦᠭᠡᠷ ᠵᠦᠢᠯ     ᠮᠠᠯᠵᠢᠬᠤ ᠲᠠᠷᠢᠶᠠᠯᠠᠬᠤ ᠣᠷᠣᠨ ᠤ ᠬᠠᠮᠲᠤ ᠶᠢᠨ ᠴᠤᠭᠯᠠᠷᠠᠨ ᠬᠤᠭᠤᠯᠠᠯᠠᠬᠤ ᠶᠡᠭᠡ ᠪᠠᠭ᠎ᠠ ᠶᠢ ᠦᠨᠳᠦᠰᠦᠯᠡᠨ ᠲᠥᠷᠥᠯ ᠬᠤᠪᠢᠶᠠᠨ ᠵᠢᠯᠣᠭᠤᠳᠬᠤ ᠶᠢ ᠬᠡᠷᠡᠭᠵᠢᠭᠦᠯᠦᠨ᠎ᠡ᠃ ᠬᠠᠮᠲᠤ ᠶᠢᠨ ᠴᠤᠭᠯᠠᠷᠠᠨ ᠬᠤᠭᠤᠯᠠᠯᠠᠬᠤ ᠬᠥᠮᠦᠨ ᠤ ᠲᠤᠭ᠎ᠠ ᠨᠢ 50 ᠬᠥᠮᠦᠨ ᠠᠴᠠ ᠳᠡᠭᠡᠭᠰᠢ᠂ 100 ᠬᠥᠮᠦᠨ ᠠᠴᠠ ᠳᠣᠷᠣᠭᠰᠢ ᠪᠠᠶᠢᠪᠠᠯ ᠬᠠᠷᠢᠶ᠎ᠠ ᠭᠠᠵᠠᠷ ᠤᠨ ᠭᠠᠴᠠᠭ᠎ᠠ᠂ ᠲᠣᠰᠬᠤᠨ ︵ᠨᠡᠶᠢᠭᠡᠮ ᠲᠣᠭᠤᠷᠢᠭ︶ ᠤ ᠵᠥᠪᠯᠡᠯ ᠤᠨ ᠢᠳᠡᠭᠡᠨ ᠤ ᠠᠮᠤᠷ ᠲᠦᠪᠰᠢᠨ ᠤ ᠮᠡᠳᠡᠭᠡ ᠵᠠᠩᠭᠢᠴᠢ ᠠᠴᠠ ᠡᠷᠬᠢᠯᠡᠨ ᠭᠦᠢᠴᠡᠳᠬᠡᠭᠴᠢ ᠪᠣᠯᠤᠨ ᠳᠠᠭᠠᠭᠴᠢᠯᠠᠨ ᠭᠦᠢᠴᠡᠳᠬᠡᠭᠴᠢ ᠳᠤ ᠬᠠᠮᠲᠤ ᠶᠢᠨ ᠴᠤᠭᠯᠠᠷᠠᠨ ᠬᠤᠭᠤᠯᠠᠯᠠᠬᠤ ᠢᠳᠡᠭᠡᠨ ᠤ ᠠᠮᠤᠷ ᠲᠦᠪᠰᠢᠨ ᠤ ᠠᠩᠬᠠᠷᠬᠤ ᠵᠦᠢᠯ ᠢ ᠮᠡᠳᠡᠭᠳᠡᠬᠦ ᠬᠡᠷᠡᠭᠲᠡᠶ᠃ ᠬᠠᠮᠲᠤ ᠶᠢᠨ ᠴᠤᠭᠯᠠᠷᠠᠨ ᠬᠤᠭᠤᠯᠠᠯᠠᠬᠤ ᠬᠥᠮᠦᠨ ᠤ ᠲᠤᠭ᠎ᠠ ᠨᠢ 100 ᠬᠥᠮᠦᠨ ᠠᠴᠠ ᠳᠡᠭᠡᠭᠰᠢ᠂ 200 ᠬᠥᠮᠦᠨ ᠠᠴᠠ ᠳᠣᠷᠣᠭᠰᠢ ᠪᠠᠶᠢᠪᠠᠯ᠂ ᠬᠠᠷᠢᠶ᠎ᠠ ᠭᠠᠵᠠᠷ ᠤᠨ ᠭᠠᠴᠠᠭ᠎ᠠ᠂ ᠲᠣᠰᠬᠤᠨ ︵ᠨᠡᠶᠢᠭᠡᠮ ᠲᠣᠭᠤᠷᠢᠭ︶ ᠤ ᠢᠳᠡᠭᠡᠨ ᠤ ᠠᠮᠤᠷ ᠲᠦᠪᠰᠢᠨ ᠤ ᠮᠡᠳᠡᠭᠡ ᠵᠠᠩᠭᠢᠴᠢ ᠵᠢᠴᠢ ᠰᠤᠮᠤ ᠰᠢᠶᠠᠩ ᠪᠠᠯᠭᠠᠰᠤ ᠶᠢᠨ ᠢᠳᠡᠭᠡᠨ ᠤ ᠠᠮᠤᠷ ᠲᠦᠪᠰᠢᠨ ᠤ ᠬᠠᠪᠰᠤᠷᠤᠨ ᠬᠠᠮᠢᠶᠠᠷᠤᠭᠴᠢ ᠠᠴᠠ ᠲᠤᠬᠠᠶ ᠶᠢᠨ ᠭᠠᠵᠠᠷ ᠲᠤᠨᠢ ᠬᠢᠨᠠᠯᠲᠠ ᠲᠠᠯᠪᠢᠵᠤ ᠪᠠᠶᠢᠴᠠᠭᠠᠨ ᠵᠢᠯᠤᠭᠤᠳᠤᠨ᠎ᠠ᠃ ᠬᠠᠮᠲᠤ ᠶᠢᠨ ᠴᠤᠭᠯᠠᠷᠠᠨ ᠬᠤᠭᠤᠯᠠᠯᠠᠬᠤ ᠬᠥᠮᠦᠨ ᠤ ᠲᠤᠭ᠎ᠠ ᠨᠢ 200 ᠬᠥᠮᠦᠨ ᠠᠴᠠ ᠳᠡᠭᠡᠭᠰᠢ᠂ 300 ᠬᠥᠮᠦᠨ ᠠᠴᠠ ᠳᠣᠷᠣᠭᠰᠢ ᠪᠠᠶᠢᠪᠠᠯ᠂ ᠬᠠᠷᠢᠶ᠎ᠠ ᠭᠠᠵᠠᠷ ᠤᠨ ᠰᠤᠮᠤ ᠰᠢᠶᠠᠩ ᠪᠠᠯᠭᠠᠰᠤ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠪᠠᠶᠢᠭᠤᠯᠤᠮᠵᠢ ᠠᠴᠠ ᠬᠢᠨᠠᠯᠲᠠ ᠲᠠᠯᠪᠢᠭᠴᠢ ᠲᠣᠮᠢᠯᠠᠨ ᠲᠤᠬᠠᠶ ᠶᠢᠨ ᠭᠠᠵᠠᠷ ᠲᠤᠨᠢ ᠬᠢᠨᠠᠯᠲᠠ ᠲᠠᠯᠪᠢᠵᠤ ᠪᠠᠶᠢᠴᠠᠭᠠᠨ ᠵᠢᠯᠤᠭᠤᠳᠤᠨ᠎ᠠ᠃ ᠬᠠᠮᠲᠤ ᠶᠢᠨ ᠴᠤᠭᠯᠠᠷᠠᠨ ᠬᠤᠭᠤᠯᠠᠯᠠᠬᠤ ᠬᠥᠮᠦᠨ ᠤ ᠲᠤᠭ᠎ᠠ ᠨᠢ 300 ᠠᠴᠠ ᠳᠡᠭᠡᠭᠰᠢ ᠪᠠᠶᠢᠪᠠᠯ᠂ ᠬᠠᠷᠢᠶ᠎ᠠ ᠭᠠᠵᠠᠷ ᠤᠨ ᠬᠤᠰᠢᠭᠤ ᠬᠤᠲᠠ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠠᠴᠠ ᠬᠢᠨᠠᠯᠲᠠ ᠲᠠᠯᠪᠢᠭᠴᠢ ᠲᠣᠮᠢᠯᠠᠵᠤ ᠲᠤᠬᠠᠶ ᠶᠢᠨ ᠭᠠᠵᠠᠷ ᠲᠤᠨᠢ ᠬᠢᠨᠠᠯᠲᠠ ᠲᠠᠯᠪᠢᠵᠤ ᠪᠠᠶᠢᠴᠠᠭᠠᠨ ᠵᠢᠯᠤᠭᠤᠳᠤᠨ᠎ᠠ᠃
 
ᠢᠷᠡᠯᠲᠡ᠄ ᠬᠥᠯᠦᠨ ᠪᠦᠢᠷ ᠬᠤᠲᠠ ᠶᠢᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号