ᠠᠷᠪᠠᠨ ᠲᠠᠪᠤᠳᠤᠭᠠᠷ ᠵᠦᠢᠯ ᠡᠷᠭᠢᠯᠡᠨ ᠭᠦᠢᠴᠡᠳᠬᠡᠭᠴᠢ ᠪᠠ ᠳᠠᠭᠠᠭᠠᠴᠢᠯᠠᠨ ᠭᠦᠢᠴᠡᠳᠬᠡᠭᠴᠢ ᠠᠴᠠ | ᠬᠠᠮᠲᠤ ᠶᠢᠨ ᠴᠤᠭᠯᠠᠷᠠᠨ ᠬᠤᠭᠤᠯᠠᠯᠠᠬᠤ ᠠᠵᠢᠯᠯᠠᠭ᠎ᠠ ᠶᠢ ᠡᠷᠭᠢᠯᠡᠬᠦ ᠳᠤ ᠳᠤᠤᠷᠠᠬᠢ ᠱᠠᠭᠠᠷᠳᠠᠯᠭ᠎ᠠ ᠳᠤ ᠨᠡᠶᠢᠴᠡᠭᠰᠡᠨ | ᠪᠠᠶᠢᠬᠤ ᠬᠡᠷᠡᠭᠲᠡᠶ᠄ | ︵ᠨᠢᠭᠡ︶ ᠪᠣᠷᠣᠭᠠᠨ ᠢ ᠰᠡᠷᠭᠡᠶᠢᠯᠡᠬᠦ᠂ ᠲᠣᠭᠤᠰᠣ ᠶᠢ ᠰᠡᠷᠭᠡᠶᠢᠯᠡᠬᠦ᠂ ᠬᠤᠷᠣᠬᠠᠢ ᠶᠢ ᠰᠡᠷᠭᠡᠶᠢᠯᠡᠬᠦ᠂ ᠢᠯᠠᠭ᠎ᠠ ᠶᠢ | ᠰᠡᠷᠭᠡᠶᠢᠯᠡᠬᠦ᠂ ᠬᠤᠯᠤᠭᠠᠨ᠎ᠠ ᠶᠢ ᠰᠡᠷᠭᠡᠶᠢᠯᠡᠬᠦ᠂ ᠪᠣᠬᠢᠷᠲᠤᠯ ᠢ ᠰᠡᠷᠭᠡᠶᠢᠯᠡᠬᠦ ᠵᠡᠷᠭᠡ ᠲᠥᠬᠦᠭᠡᠷᠦᠮᠵᠢ ᠵᠢᠴᠢ ᠨᠢᠭᠲᠠ | ᠪᠢᠲᠡᠭᠦᠮᠵᠢᠯᠡᠭᠰᠡᠨ ᠬᠠᠶᠠᠭᠳᠠᠮᠠᠯ ᠪᠣᠳᠠᠰ ᠤᠨ ᠰᠠᠪᠠ ᠲᠠᠢ ᠪᠠᠶᠢᠬᠤ︔ | ︵ᠬᠤᠶᠠᠷ︶ ᠪᠣᠯᠪᠠᠰᠤᠷᠠᠭᠤᠯᠬᠤ ᠭᠡᠵᠦ ᠪᠠᠶᠢᠭ᠎ᠠ ᠢᠳᠡᠭᠡᠨ ᠪᠣᠯᠤᠨ ᠰᠢᠭᠤᠳ ᠢᠳᠡᠬᠦ ᠢᠳᠡᠭᠡᠨ᠂ ᠲᠦᠭᠦᠬᠡᠢ ᠡᠳ᠋ | ᠪᠣᠯᠤᠨ ᠪᠦᠲᠦᠭᠡᠭᠳᠡᠬᠦᠨ ᠢ ᠰᠠᠯᠭᠠᠨ ᠬᠠᠳᠠᠭᠠᠯᠠᠵᠤ᠂ ᠢᠳᠡᠭᠡᠨ ᠤ ᠬᠤᠣᠷᠲᠠᠢ ᠪᠣᠳᠠᠰ᠂ ᠴᠡᠪᠡᠷ ᠪᠤᠰᠤ ᠪᠣᠳᠠᠰ ᠲᠠᠢ | ᠤᠶᠢᠷᠠᠲᠤᠬᠤ ᠠᠴᠠ ᠵᠠᠶᠢᠯᠠᠰᠬᠢᠭ᠍ᠰᠡᠨ ᠪᠠᠶᠢᠬᠤ︔ | ︵ᠭᠤᠷᠪᠠ︶ ᠬᠡᠷᠡᠭᠯᠡᠬᠦ ᠤᠰᠤ ᠨᠢ ᠤᠯᠤᠰ ᠠᠴᠠ ᠲᠣᠭᠲᠠᠭᠠᠭᠰᠠᠨ ᠠᠮᠢᠳᠤᠷᠠᠯ ᠤᠨ ᠤᠤᠭᠤᠬᠤ ᠤᠰᠤᠨ ᠤ ᠠᠷᠢᠭᠤᠨ | ᠴᠡᠪᠡᠷ ᠤᠨ ᠪᠠᠷᠢᠮᠵᠢᠶ᠎ᠠ ᠳᠤ ᠨᠡᠶᠢᠴᠡᠭᠰᠡᠨ ᠪᠠᠶᠢᠬᠤ︔ | ︵ᠲᠦᠷᠪᠡ︶ ᠢᠳᠡᠭᠡᠨ ᠢ ᠬᠠᠳᠠᠭᠠᠯᠠᠬᠤ᠂ ᠲᠡᠭᠡᠭᠡᠪᠦᠷᠢᠯᠡᠬᠦ ᠪᠠ ᠠᠴᠢᠶᠠᠯᠠᠵᠤ ᠪᠠᠭᠤᠯᠭᠠᠬᠤ ᠰᠡᠪᠡ᠂ ᠪᠠᠭᠠᠵᠢ ᠪᠠ | ᠲᠥᠬᠦᠭᠡᠷᠦᠮᠵᠢ ᠨᠢ ᠬᠤᠣᠷ ᠤᠢᠭᠡᠢ᠂ ᠬᠥᠨᠥᠭᠡᠯ ᠤᠢᠭᠡᠢ᠂ ᠠᠷᠢᠭᠤᠨ ᠴᠡᠪᠡᠷ ᠪᠠᠶᠢᠬᠤ︔ | ︵ᠲᠠᠪᠤ︶ ᠢᠳᠡᠭᠡᠨ ᠪᠣᠯᠪᠠᠰᠤᠷᠠᠭᠤᠯᠬᠤ ᠳᠤ ᠬᠤᠣᠷ ᠦᠭᠡᠢ᠂ ᠬᠥᠨᠥᠭᠡᠯ ᠦᠭᠡᠢ᠂ ᠠᠷᠢᠭᠤᠨ ᠴᠡᠪᠡᠷ ᠪᠣᠭᠤᠳᠠᠯᠯᠠᠬᠤ | ᠮᠠᠲ᠋ᠧᠷᠢᠶᠠᠯ ᠢ ᠬᠡᠷᠡᠭᠯᠡᠭᠰᠡᠨ ᠪᠠᠶᠢᠬᠤ︔ ︵ᠵᠢᠷᠭᠤᠭ᠎ᠠ︶ ᠢᠳᠡᠭᠡᠨ ᠬᠤᠳᠠᠯᠳᠤᠨ ᠠᠪᠤᠭᠰᠠᠨ ᠫᠢᠶᠣᠣ ᠪᠠᠷᠢᠮᠲᠠ ᠶᠢᠨ | ᠦᠯᠡᠳᠡᠭᠡᠬᠦ ᠬᠤᠭᠤᠴᠠᠭ᠎ᠠ ᠨᠢ ᠨᠢᠭᠡ ᠵᠢᠯ ᠠᠴᠠ ᠳᠤᠲᠠᠭᠤ ᠪᠠᠶᠢᠵᠤ ᠪᠣᠯᠬᠤ ᠦᠭᠡᠶ᠃ | ᠠᠷᠪᠠᠨ ᠵᠢᠷᠭᠤᠳᠤᠭᠠᠷ ᠵᠦᠢᠯ ᠡᠷᠬᠢᠯᠡᠨ ᠭᠦᠢᠴᠡᠳᠬᠡᠭᠴᠢ ᠪᠠ ᠳᠠᠭᠠᠭᠠᠴᠢᠯᠠᠨ ᠭᠦᠢᠴᠡᠳᠬᠡᠭᠴᠢ | ᠢᠳᠡᠭᠡᠨ ᠡᠳ᠋ᠰᠢᠬᠦᠯᠬᠦ ᠶᠠᠪᠤᠴᠠ ᠳᠤ ᠲᠤᠰ ᠠᠷᠭ᠎ᠠ ᠶᠢᠨ ᠠᠷᠪᠠᠨ ᠲᠠᠪᠤᠳᠤᠭᠠᠷ ᠵᠦᠢᠯ ᠤᠨ ᠲᠣᠭᠲᠠᠭᠠᠯ ᠳᠤ | ᠨᠡᠶᠢᠴᠡᠬᠦ ᠠᠴᠠ ᠭᠠᠳᠠᠨ᠎ᠠ᠂ ᠪᠠᠰᠠ ᠳᠣᠣᠷᠠᠬᠢ ᠱᠠᠭᠠᠷᠳᠠᠯᠭ᠎ᠠ ᠳᠤ ᠨᠡᠶᠢᠴᠡᠭᠰᠡᠨ ᠪᠠᠶᠢᠬᠤ ᠬᠡᠷᠡᠭᠲᠡᠶ᠄ | ︵ᠨᠢᠭᠡ︶ ᠢᠳᠡᠭᠡᠨ ᠤ ᠠᠷᠢᠭᠤᠨ ᠴᠡᠪᠡᠷ ᠤᠨ ᠨᠥᠬᠦᠴᠡᠯ ᠳᠤ ᠨᠡᠶᠢᠴᠡᠭᠰᠡᠨ ᠢᠳᠡᠭᠡᠨ ᠤ ᠮᠤᠬᠤᠯᠠᠭ᠂ ᠫᠧᠩ᠂ ᠲᠡᠷᠭᠡ | ᠂ ᠲᠠᠪᠴᠠᠩ ᠵᠡᠷᠭᠡ ᠲᠥᠬᠦᠭᠡᠷᠦᠮᠵᠢ ᠲᠠᠢ ᠪᠠᠶᠢᠬᠤ︔ | ︵ᠬᠤᠶᠠᠷ︶ ᠢᠳᠡᠭᠡᠨ ᠲᠠᠢ ᠤᠶᠢᠷᠠᠲᠤᠬᠤ ᠪᠠᠭᠠᠵᠢ ᠬᠡᠷᠡᠭᠰᠡᠯ᠂ ᠠᠵᠢᠯᠯᠠᠬᠤ ᠲᠠᠪᠴᠠᠩ ᠵᠢᠴᠢ ᠪᠠᠷᠠᠭᠠᠨ ᠤ | ᠲᠠᠯᠪᠢᠭᠤᠷ᠂ ᠬᠤᠷᠭᠤ ᠨᠢ ᠢᠳᠡᠭᠡᠨ ᠤ ᠠᠷᠢᠭᠤᠨ ᠴᠡᠪᠡᠷ ᠤᠨ ᠨᠥᠬᠦᠴᠡᠯ ᠳᠤ ᠨᠡᠶᠢᠴᠡᠭᠰᠡᠨ ᠪᠠᠶᠢᠬᠤ︔ | ︵ᠭᠤᠷᠪᠠ︶ ᠬᠡᠷᠡᠭᠯᠡᠭᠰᠡᠨ ᠬᠤᠭᠤᠯᠠᠨ ᠤ ᠰᠠᠪᠠ ᠬᠡᠷᠡᠭᠰᠡᠯ ᠢ ᠲᠦᠢᠯᠪᠤᠷᠢᠲᠠᠶ ᠤᠬᠢᠶᠠᠵᠤ᠂ ᠠᠷᠢᠭᠤᠳᠬᠠᠭᠰᠠᠨ | ᠪᠠᠶᠢᠬᠤ︔ | ︵ᠲᠦᠷᠪᠡ︶ ᠬᠡᠷᠡᠭᠯᠡᠬᠦ ᠤᠬᠢᠶᠠᠭᠴᠢ ᠡᠳ᠋᠂ ᠠᠷᠢᠭᠤᠳᠬᠠᠭᠴᠢ ᠡᠳ᠋ ᠨᠢ ᠬᠥᠮᠦᠨ ᠤ ᠪᠡᠶ᠎ᠡ ᠳᠤ ᠠᠮᠤᠷ ᠲᠦᠪᠰᠢᠨ᠂ | ᠬᠤᠣᠷ ᠬᠥᠨᠥᠭᠡᠯ ᠦᠭᠡᠢ ᠪᠠᠶᠢᠵᠤ᠂ ᠬᠤᠷᠣᠬᠠᠢ ᠠᠯᠠᠬᠤ ᠡᠳ᠋᠂ ᠬᠤᠯᠤᠭᠠᠨ᠎ᠠ ᠠᠯᠠᠬᠤ ᠡᠳ᠋ ᠵᠡᠷᠭᠡ ᠶᠢ ᠲᠣᠬᠢᠲᠠᠢ | ᠬᠠᠳᠠᠭᠠᠯᠠᠨ ᠬᠠᠮᠢᠶᠠᠷᠴᠤ᠂ ᠢᠳᠡᠭᠡᠨ ᠤ ᠡᠵᠡᠩᠨᠡᠯᠲᠡ ᠶᠢᠨ ᠲᠤᠬᠠᠢ ᠶᠢᠨ ᠲᠠᠯᠠᠪᠤᠷ ᠲᠤ ᠬᠠᠳᠠᠭᠠᠯᠠᠨ ᠲᠠᠯᠪᠢᠵᠤ ᠪᠣᠯᠬᠤ | ᠦᠭᠡᠢ︔ | ︵ᠲᠠᠪᠤ︶ ᠨᠡᠭᠦᠳᠡᠯ ᠲᠣᠭᠤᠭᠠᠴᠢ ᠵᠡᠷᠭᠡ ᠢᠳᠡᠭᠡᠨ ᠤ ᠠᠵᠢᠯᠯᠠᠭᠴᠢᠳ ᠠᠷᠢᠭᠤᠨ ᠴᠡᠪᠡᠷ ᠠᠵᠢᠯ ᠤᠨ ᠬᠤᠪᠴᠠᠰᠤ | ᠮᠠᠯᠠᠭᠠᠢ ᠡᠮᠦᠰᠴᠦ᠂ ᠠᠮᠠᠪᠴᠢ ᠵᠡᠭᠦᠵᠦ᠂ ᠬᠤᠪᠢ ᠬᠥᠮᠦᠨ ᠤ ᠡᠷᠡᠭᠦᠯ ᠬᠠᠮᠠᠭᠠᠯᠠᠯ ᠢ ᠪᠠᠲᠤᠯᠠᠭᠰᠠᠨ ᠪᠠᠶᠢᠬᠤ᠃ | ︵ᠵᠢᠷᠭᠤᠭ᠎ᠠ︶ ᠡᠷᠬᠢᠯᠡᠨ ᠭᠦᠢᠴᠡᠳᠬᠡᠭᠴᠢ ᠪᠠ ᠳᠠᠭᠠᠭᠠᠴᠢᠯᠠᠨ ᠭᠦᠢᠴᠡᠳᠬᠡᠭᠴᠢ ᠳᠤ ᠳᠣᠣᠷᠠᠬᠢ ᠮᠡᠲᠦ ᠦᠢᠯᠡ | ᠠᠵᠢᠯᠯᠠᠭ᠎ᠠ ᠲᠠᠢ ᠪᠠᠶᠢᠬᠤ ᠶᠢ ᠴᠢᠩᠭ᠎ᠠ ᠬᠤᠷᠢᠭᠯᠠᠨ᠎ᠠ᠄ | 1. ᠴᠢᠨᠠᠷ ᠢ ᠪᠠᠲᠤᠯᠠᠬᠤ ᠬᠤᠭᠤᠴᠠᠭ᠎ᠠ ᠠᠴᠠ ᠬᠡᠲᠦᠷᠡᠭᠰᠡᠨ ᠢᠳᠡᠭᠡᠨ ᠢ ᠦᠢᠯᠡᠳᠴᠦ ᠡᠵᠡᠩᠨᠡᠬᠦ︔ | 2. ᠲᠤᠬᠠᠶ ᠶᠢᠨ ᠭᠠᠵᠠᠷ ᠲᠤᠨᠢ ᠬᠦᠢᠲᠡᠨ ᠮᠢᠬᠠᠨ ᠢᠳᠡᠭᠡᠨ ᠬᠢᠬᠦ︔ | 3. ᠪᠠᠶᠢᠭᠠᠯᠢ ᠶᠢᠨ ᠬᠤᠤᠷᠲᠤ ᠪᠦᠷᠢᠯᠳᠦᠬᠦᠨ ᠲᠠᠢ ᠤᠷᠭᠤᠮᠠᠯ᠂ ᠠᠮᠢᠲᠠᠨ ᠢᠶᠠᠷ ᠢᠳᠡᠭᠡᠨ ᠬᠢᠬᠦ︔ | 4. ᠢᠳᠡᠭᠡᠨ ᠤ ᠨᠡᠮᠡᠯᠲᠡ ᠡᠳ᠋ ᠢ ᠬᠡᠪᠴᠢᠶ᠎ᠡ ᠪᠠ ᠬᠡᠮᠵᠢᠶ᠎ᠡ ᠠᠴᠠ ᠬᠡᠲᠦᠷᠡᠭᠦᠯᠦᠨ ᠬᠡᠷᠡᠭᠯᠡᠵᠦ ᠢᠳᠡᠭᠡᠨ ᠬᠢᠬᠦ ︔ | 5. ᠢᠳᠡᠭᠡᠨ ᠤ ᠨᠡᠮᠡᠯᠲᠡ ᠡᠳ᠋ ᠠᠴᠠ ᠭᠠᠳᠠᠨᠠᠬᠢ ᠬᠢᠮᠢ ᠶᠢᠨ ᠪᠣᠳᠠᠰ ᠢᠶᠠᠷ ᠢᠳᠡᠭᠡᠨ ᠬᠢᠬᠦ᠃ |