ᠠᠷᠪᠠᠨ ᠳᠣᠯᠣᠳᠤᠭᠠᠷ ᠵᠦᠢᠯ ᠨᠡᠭᠦᠳᠡᠯ ᠲᠣᠭᠤᠭᠠᠴᠢ ᠵᠡᠷᠭᠡ ᠰᠢᠭᠤᠳ ᠢᠳᠡᠬᠦ ᠢᠳᠡᠭᠡᠨ ᠲᠠᠢ | ᠤᠶᠢᠷᠠᠲᠤᠬᠤ ᠠᠵᠢᠯ ᠡᠷᠬᠢᠯᠡᠵᠦ ᠪᠠᠶᠢᠭ᠎ᠠ ᠬᠥᠮᠦᠰ ᠵᠢᠯ ᠪᠦᠷᠢ ᠨᠢᠭᠡ ᠤᠳᠠᠭ᠎ᠠ ᠡᠷᠡᠭᠦᠯ ᠮᠡᠨᠳᠦ ᠶᠢᠨ ᠪᠠᠶᠢᠴᠠᠭᠠᠯᠲᠠ | ᠬᠢᠬᠦ ᠬᠡᠷᠡᠭᠲᠡᠶ᠂ ᠾᠤᠯᠧᠷᠠ᠂ ᠪᠠᠺᠲ᠋ᠧᠷᠢ ᠶᠢᠨ ᠪᠣᠯᠤᠨ ᠠᠮᠶᠣᠪ ᠴᠢᠨᠠᠷᠲᠠᠶ ᠶᠣᠯᠬᠤᠳᠠᠰᠤ᠂ ᠭᠡᠳᠡᠰᠦᠨ ᠬᠢᠵᠢᠭ ᠪᠣᠯᠤᠨ | ᠢᠵᠢᠯ ᠭᠡᠳᠡᠰᠦᠨ ᠬᠢᠵᠢᠭ᠂ ᠸᠢᠷᠦ᠋ᠰ ᠤᠨ ᠴᠢᠨᠠᠷᠲᠠᠶ ᠡᠯᠢᠭᠡᠨ ᠦᠷᠪᠢᠰᠦᠯ ︵ᠬᠥᠬᠡ ᠬᠡᠯᠪᠡᠷᠢ᠂ ᠰᠢᠷ᠎ᠠ ᠬᠡᠯᠪᠡᠷᠢ︶᠂ | ᠬᠦᠳᠡᠯᠦᠩᠭᠦᠢ ᠴᠢᠨᠠᠷᠲᠠᠶ ᠠᠭᠤᠰᠬᠢᠨ ᠰᠦᠷᠢᠶ᠎ᠡ᠂ ᠢᠳᠡᠭᠡᠯᠡᠬᠦ ᠴᠢᠨᠠᠷᠲᠠᠶ ᠪᠤᠶᠤ ᠨᠡᠪᠴᠢᠬᠦ ᠴᠢᠨᠠᠷᠲᠠᠶ ᠠᠷᠠᠰᠤᠨ ᠤ | ᠡᠪᠡᠳᠴᠢᠨ ᠵᠡᠷᠭᠡ ᠲᠥᠷᠥ ᠶᠢᠨ ᠶᠠᠪᠤᠳᠠᠯ ᠤᠨ ᠬᠤᠷᠢᠶᠠᠨ ᠤ ᠡᠷᠡᠭᠦᠯ ᠬᠠᠮᠠᠭᠠᠯᠠᠯ ᠤᠨ ᠵᠠᠰᠠᠭ ᠵᠠᠬᠢᠷᠭᠠᠨ ᠤ ᠰᠠᠯᠠᠭ᠎ᠠ | ᠮᠥᠴᠢᠷ ᠤᠨ ᠲᠣᠭᠲᠠᠭᠠᠭᠰᠠᠨ ᠢᠳᠡᠭᠡᠨ ᠤ ᠠᠮᠤᠷ ᠲᠦᠪᠰᠢᠨ ᠢ ᠬᠠᠷᠰᠢᠯᠠᠬᠤ ᠡᠪᠡᠳᠴᠢᠨ ᠲᠠᠢ ᠬᠥᠮᠦᠰ ᠰᠢᠭᠤᠳ | ᠢᠳᠡᠬᠦ ᠢᠳᠡᠭᠡᠨ ᠲᠠᠢ ᠤᠶᠢᠷᠠᠲᠤᠬᠤ ᠠᠵᠢᠯ ᠬᠢᠵᠦ ᠪᠣᠯᠬᠤ ᠦᠭᠡᠶ᠃ | ᠠᠷᠪᠠᠨ ᠨᠠᠢᠮᠠᠳᠤᠭᠠᠷ ᠵᠦᠢᠯ ᠮᠠᠯᠵᠢᠬᠤ ᠲᠠᠷᠢᠶᠠᠯᠠᠬᠤ ᠣᠷᠣᠨ ᠤ ᠬᠠᠮᠲᠤ ᠶᠢᠨ ᠴᠤᠭᠯᠠᠷᠠᠨ | ᠬᠤᠭᠤᠯᠠᠯᠠᠬᠤ ᠶᠢ ᠳᠠᠭᠠᠭᠠᠴᠢᠯᠠᠨ ᠭᠦᠢᠴᠡᠳᠬᠡᠭᠴᠢ ᠨᠢ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ | ᠮᠥᠴᠢᠷ ᠤᠨ ᠱᠠᠭᠠᠷᠳᠠᠯᠭ᠎ᠠ ᠵᠢᠴᠢ ︽ᠬᠥᠯᠥᠨ ᠪᠤᠶᠢᠷ ᠬᠤᠲᠠ ᠶᠢᠨ ᠮᠠᠯᠵᠢᠬᠤ ᠲᠠᠷᠢᠶᠠᠯᠠᠬᠤ ᠣᠷᠣᠨ ᠤ ᠬᠠᠮᠲᠤ ᠶᠢᠨ | ᠴᠤᠭᠯᠠᠷᠠᠨ ᠬᠤᠭᠤᠯᠠᠯᠠᠬᠤ ᠢᠳᠡᠭᠡᠨ ᠤ ᠠᠮᠤᠷ ᠲᠦᠪᠰᠢᠨ ᠤ ᠠᠵᠢᠯᠯᠠᠭᠠᠨ ᠤ ᠵᠢᠷᠤᠮᠵᠢᠯ︾ ᠤᠨ ᠠᠭᠤᠯᠭ᠎ᠠ ᠶᠣᠰᠣᠭᠠᠷ | ᠮᠠᠯᠵᠢᠬᠤ ᠲᠠᠷᠢᠶᠠᠯᠠᠬᠤ ᠣᠷᠣᠨ ᠤ ᠬᠠᠮᠲᠤ ᠶᠢᠨ ᠴᠤᠭᠯᠠᠷᠠᠨ ᠬᠤᠭᠤᠯᠠᠯᠠᠬᠤ ᠠᠵᠢᠯᠯᠠᠭ᠎ᠠ ᠶᠢ ᠳᠠᠭᠠᠭᠠᠴᠢᠯᠠᠨ | ᠭᠦᠢᠴᠡᠳᠬᠡᠵᠦ᠂ ᠰᠤᠮᠤ ᠰᠢᠶᠠᠩ ᠪᠠᠯᠭᠠᠰᠤ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ | ᠪᠠᠶᠢᠭᠤᠯᠤᠮᠵᠢ ᠳᠤ ᠬᠦᠯᠦᠰᠦᠯᠡᠨ ᠬᠡᠷᠡᠭᠯᠡᠭᠰᠡᠨ ᠠᠵᠢᠯᠲᠠᠨ ᠤ ᠪᠠᠨ ᠡᠷᠡᠭᠦᠯ ᠮᠡᠨᠳᠦ ᠶᠢᠨ ᠪᠠᠶᠢᠴᠠᠭᠠᠯᠲᠠ ᠪᠠ ᠢᠳᠡᠭᠡᠨ ᠤ | ᠠᠮᠤᠷ ᠲᠦᠪᠰᠢᠨ ᠤ ᠮᠡᠳᠡᠯᠭᠡ ᠶᠢᠨ ᠪᠣᠯᠪᠠᠰᠤᠷᠠᠭᠤᠯᠤᠯ ᠤᠨ ᠪᠠᠶᠢᠳᠠᠯ ᠢ ᠴᠠᠭ ᠲᠤᠬᠠᠶ ᠳᠤᠨᠢ ᠮᠡᠳᠡᠬᠦᠯᠵᠦ᠂ | ᠠᠵᠢᠯᠯᠠᠭᠰᠠᠳ ᠢ ᠲᠣᠭᠲᠠᠮᠠᠯ ᠬᠤᠭᠤᠴᠠᠭ᠎ᠠ ᠲᠠᠢ ᠪᠠᠷ ᠵᠣᠬᠢᠶᠠᠨ ᠪᠠᠶᠢᠭᠤᠯᠤᠨ ᠡᠷᠡᠭᠦᠯ ᠮᠡᠨᠳᠦ ᠶᠢᠨ ᠪᠠᠶᠢᠴᠠᠭᠠᠯᠲᠠ | ᠪᠣᠯᠤᠨ ᠢᠳᠡᠭᠡᠨ ᠤ ᠠᠮᠤᠷ ᠲᠦᠪᠰᠢᠨ ᠤ ᠮᠡᠳᠡᠯᠭᠡ ᠶᠢᠨ ᠪᠣᠯᠪᠠᠰᠤᠷᠠᠭᠤᠯᠤᠯ ᠬᠢᠯᠭᠡᠵᠦ᠂ ᠵᠠᠬ᠎ᠠ ᠳᠡᠯᠭᠡᠭᠦᠷ ᠤᠨ | ᠬᠢᠨᠠᠯᠲᠠ ᠬᠠᠮᠢᠶᠠᠷᠤᠯᠲᠠ ᠶᠢᠨ ᠬᠥᠮᠦᠰ᠂ ᠢᠳᠡᠭᠡᠨ ᠤ ᠠᠮᠤᠷ ᠲᠦᠪᠰᠢᠨ ᠤ ᠬᠠᠪᠰᠤᠷᠤᠨ ᠬᠠᠮᠢᠶᠠᠷᠤᠭᠴᠢ᠂ ᠮᠡᠳᠡᠭᠡ | ᠵᠠᠩᠭᠢᠴᠢ ᠶᠢᠨ ᠵᠢᠯᠣᠭᠤᠳᠤᠯᠭ᠎ᠠ ᠶᠢ ᠰᠠᠨᠠᠭᠠᠴᠢᠯᠠᠭ᠎ᠠ ᠠᠴᠠ ᠪᠠᠨ ᠬᠦᠯᠢᠶᠡᠨ ᠠᠪᠴᠤ ᠢᠳᠡᠪᠬᠢᠳᠡᠢ ᠬᠠᠮᠵᠢᠯᠴᠠᠵᠤ᠂ | ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠠᠵᠢᠯᠲᠠᠨ ᠂ ᠢᠳᠡᠭᠡᠨ ᠤ ᠠᠮᠤᠷ ᠲᠦᠰᠢᠨ ᠤ ᠬᠠᠪᠰᠤᠷᠤᠨ | ᠬᠠᠮᠢᠶᠠᠷᠤᠭᠴᠢ᠂ ᠮᠡᠳᠡᠭᠡ ᠵᠠᠩᠭᠢᠴᠢ ᠶᠢᠨ ᠵᠢᠯᠣᠭᠤᠳᠬᠤ ᠰᠠᠨᠠᠯ ᠢ ᠦᠨᠡᠨ ᠬᠦ ᠨᠠᠶᠢᠳᠠᠪᠤᠷᠢᠵᠢᠭᠤᠯᠵᠤ᠂ ᠬᠠᠮᠲᠤ ᠶᠢᠨ | ᠴᠤᠭᠯᠠᠷᠠᠨ ᠬᠤᠭᠤᠯᠠᠯᠠᠬᠤ ᠲᠣᠪᠶᠤᠭ ᠢ ᠰᠢᠨᠵᠢᠯᠡᠬᠦ ᠤᠬᠠᠭᠠᠨᠴᠢ ᠪᠠᠷ ᠲᠤᠭᠲᠠᠭᠠᠬᠤ ᠶᠢᠨ ᠬᠠᠮᠳᠤ ᠢᠳᠡᠭᠡᠨ ᠤ ᠶᠠᠩᠵᠤ | ᠦᠯᠡᠳᠡᠭᠡᠬᠦ ᠠᠵᠢᠯ ᠢ ᠰᠠᠶᠢᠲᠤᠷ ᠬᠢᠨ᠎ᠡ᠃ ᠡᠷᠬᠢᠯᠡᠨ ᠭᠦᠢᠴᠡᠳᠬᠡᠭᠴᠢ ᠨᠢ ᠳᠠᠭᠠᠭᠠᠴᠢᠯᠠᠨ ᠭᠦᠢᠴᠡᠳᠬᠡᠭᠴᠢ ᠶᠢᠨ | ᠢᠳᠡᠭᠡᠨ ᠤ ᠠᠮᠤᠷ ᠲᠦᠪᠰᠢᠨ ᠤ ᠪᠠᠶᠢᠳᠠᠯ᠂ ᠠᠰᠠᠭᠤᠳᠠᠯ ᠪᠣᠯᠤᠨ ᠭᠡᠮ ᠰᠤᠭᠤᠭ ᠲᠤ ᠥᠪᠡᠷ ᠲᠡᠭᠡᠨ ᠪᠠᠶᠢᠴᠠᠭᠠᠯᠲᠠ | ᠬᠢᠵᠦ᠂ ᠬᠠᠯᠠᠨ ᠰᠠᠶᠢᠵᠢᠷᠠᠭᠤᠯᠬᠤ ᠰᠠᠨᠠᠯ ᠪᠤᠶᠤ ᠰᠠᠨᠠᠭᠤᠯᠭ᠎ᠠ ᠳᠤᠷᠠᠳᠬᠤ ᠶᠢᠨ ᠬᠠᠮᠲᠤ ᠳᠠᠭᠠᠭᠠᠴᠢᠯᠠᠨ | ᠭᠦᠢᠴᠡᠳᠭᠡᠭᠴᠢ ᠶᠢ ᠰᠢᠮᠳᠠᠭᠤᠯᠵᠤ ᠪᠠᠶᠢᠭᠠᠳ ᠴᠠᠭ ᠲᠤᠬᠠᠶ ᠳᠤᠨᠢ ᠬᠠᠯᠠᠨ ᠰᠠᠶᠢᠵᠢᠷᠠᠭᠤᠯᠬᠤ ᠬᠡᠷᠡᠭᠲᠡᠶ᠃ ᠡᠷᠬᠢᠯᠡᠨ | ᠭᠦᠢᠴᠡᠳᠬᠡᠭᠴᠢ ᠶᠢᠨ ᠵᠣᠭᠤᠰ ᠮᠦᠷᠦ᠋ᠢᠴᠡᠬᠦ ᠵᠡᠷᠭᠡ ᠶᠠᠮᠠᠷᠪᠠ ᠬᠡᠯᠪᠡᠷᠢ ᠶᠢᠨ ᠬᠠᠤᠯᠢ ᠶᠢ ᠵᠥᠷᠢᠴᠡᠭᠰᠡᠨ ᠠᠵᠢᠯᠯᠠᠭ᠎ᠠ ᠶᠢ | ᠵᠣᠬᠢᠶᠠᠨ ᠪᠠᠶᠢᠭᠤᠯᠬᠤ ᠪᠠ ᠲᠡᠭᠦᠨ ᠳᠤ ᠣᠷᠣᠯᠴᠠᠬᠤ ᠶᠢ ᠴᠢᠩᠭ᠎ᠠ ᠬᠤᠷᠢᠭᠯᠠᠨ᠎ᠠ᠃ | |