ᠬᠥᠯᠥᠨ ᠪᠤᠶᠢᠷ ᠬᠤᠲᠠ ᠶᠢᠨ ᠮᠠᠯᠵᠢᠬᠤ ᠲᠠᠷᠢᠶᠠᠯᠠᠬᠤ ᠣᠷᠣᠨ ᠤ ᠬᠠᠮᠲᠤ ᠶᠢᠨ ᠴᠤᠭᠯᠠᠷᠠᠨ ᠬᠤᠭᠤᠯᠠᠯᠠᠬᠤ ᠢᠳᠡᠭᠡᠨ ᠤ ᠠᠮᠤᠷ ᠲᠦᠪᠰᠢᠨ ᠤ ᠬᠠᠮᠢᠶᠠᠷᠤᠯᠲᠠ ᠶᠢᠨ ᠠᠷᠭ᠎ᠠ ︵ᠶᠢᠰᠦ︶
ᠨᠡᠶᠢᠲᠡᠯᠡᠭᠰᠡᠨ ᠴᠠᠭ᠄
2021/9/14
     ᠠᠷᠪᠠ ᠶᠢᠰᠦᠳᠦᠭᠡᠷ ᠵᠦᠢᠯ       ᠲᠤᠬᠠᠶ ᠶᠢᠨ ᠲᠠᠯᠠᠪᠠᠶ ᠳᠤ ᠬᠢᠨᠠᠨ ᠪᠠᠶᠢᠴᠠᠭᠠᠵᠤ ᠵᠢᠯᠣᠭᠤᠳᠬᠤ ᠶᠢ ᠬᠠᠷᠢᠭᠤᠴᠠᠨ᠎ᠠ᠃ ᠬᠠᠮᠲᠤ ᠶᠢᠨ ᠴᠤᠭᠯᠠᠷᠠᠨ ᠬᠤᠭᠤᠯᠠᠯᠠᠬᠤ ᠠᠵᠢᠯᠯᠠᠭ᠎ᠠ ᠳᠤ ᠬᠡᠷᠡᠭᠯᠡᠬᠦ ᠮᠠᠲ᠋ᠧᠷᠢᠶᠠᠯ ᠢ ᠬᠤᠳᠠᠯᠳᠤᠨ ᠠᠪᠬᠤ᠂ ᠬᠠᠳᠠᠭᠠᠯᠠᠬᠤ᠂ ᠡᠳ᠋ᠰᠢᠭᠦᠯᠬᠦ ᠵᠢᠴᠢ ᠣᠷᠴᠢᠨ ᠲᠣᠭᠤᠷᠢᠨ ᠤ ᠡᠷᠡᠭᠦᠯ ᠬᠠᠮᠠᠭᠠᠯᠠᠯ᠂ ᠡᠳ᠋ᠰᠢᠭᠦᠯᠬᠦ ᠪᠡᠯᠡᠳᠬᠡᠮᠵᠢ ᠂ ᠲᠣᠭᠤᠭᠠᠴᠢ ᠪᠠ ᠲᠣᠭᠤᠭᠠᠴᠢ ᠶᠢᠨ ᠡᠷᠡᠭᠦᠯ ᠮᠡᠨᠳᠦ ᠶᠢᠨ ᠪᠠᠶᠢᠳᠠᠯ ᠵᠡᠷᠭᠡ ᠶᠢ ᠲᠤᠬᠠᠶ ᠶᠢᠨ ᠲᠠᠯᠠᠪᠠᠶ ᠳᠤ ᠪᠠᠶᠢᠴᠠᠭᠠᠵᠤ᠂ ︽ᠬᠥᠯᠥᠨ ᠪᠤᠶᠢᠷ ᠬᠤᠲᠠ ᠶᠢᠨ ᠮᠠᠯᠵᠢᠬᠤ ᠲᠠᠷᠢᠶᠠᠯᠠᠬᠤ ᠣᠷᠣᠨ ᠤ ᠬᠠᠮᠲᠤ ᠶᠢᠨ ᠴᠤᠭᠯᠠᠷᠠᠨ ᠬᠤᠭᠤᠯᠠᠯᠠᠬᠤ ᠲᠤᠬᠠᠶ ᠶᠢᠨ ᠲᠠᠯᠠᠪᠠᠶ ᠶᠢᠨ ᠪᠠᠶᠢᠴᠠᠭᠠᠯᠲᠠ ᠶᠢᠨ ᠭᠤᠤᠯᠳᠠᠯᠭ᠎ᠠ ᠶᠢᠨ ᠬᠦᠰᠦᠨᠦᠭᠲᠦ︾ ︵ᠳᠠᠭᠠᠯᠳᠤᠭᠤᠯᠤᠯ 6︶ ᠶᠢ ᠲᠠᠭᠯᠠᠵᠤ᠂ ᠣᠷᠣᠰᠢᠵᠤ ᠪᠠᠶᠢᠭ᠎ᠠ ᠢᠳᠡᠭᠡᠨ ᠤ ᠠᠮᠤᠷ ᠲᠦᠪᠰᠢᠨ ᠤ ᠬᠡᠮ ᠰᠣᠭᠤᠭ ᠲᠤ ᠴᠡᠭᠴᠡᠯᠡᠨ ᠰᠠᠶᠢᠵᠢᠷᠠᠭᠤᠯᠬᠤ ᠰᠠᠨᠠᠯ ᠳᠤᠷᠠᠳᠬᠤ ᠶᠢᠨ ᠬᠠᠮᠲᠤ᠂ ᠰᠢᠮᠳᠠᠭᠤᠯᠤᠨ ᠵᠢᠯᠣᠭᠤᠳᠴᠤ ᠴᠡᠭᠴᠡᠯᠡᠨ ᠰᠠᠶᠢᠵᠢᠷᠠᠭᠤᠯᠬᠤ ᠬᠡᠷᠡᠭᠲᠡᠶ᠃     ᠬᠤᠷᠢᠳᠤᠭᠠᠷ ᠵᠦᠢᠯ        ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠪᠠᠶᠢᠩᠭᠤᠵᠢᠭᠤᠯᠤᠨ ᠰᠡᠷᠭᠡᠶᠢᠯᠡᠨ ᠡᠵᠡᠮᠳᠡᠬᠦ ᠬᠤᠭᠤᠴᠠᠭᠠᠨ ᠳᠤ᠂ ᠮᠠᠯᠵᠢᠬᠤ ᠲᠠᠷᠢᠶᠠᠯᠠᠬᠤ ᠣᠷᠣᠨ ᠤ ᠬᠠᠮᠲᠤ ᠶᠢᠨ ᠴᠤᠭᠯᠠᠷᠠᠨ ᠬᠤᠭᠤᠯᠠᠯᠠᠬᠤ ᠶᠢ ᠡᠷᠬᠢᠯᠡᠨ ᠭᠦᠢᠴᠡᠳᠬᠡᠭᠴᠢ ᠪᠠ ᠳᠠᠭᠠᠭᠠᠴᠢᠯᠠᠨ ᠭᠦᠢᠴᠡᠳᠬᠡᠭᠴᠢ ᠨᠢ ᠠᠵᠢᠯ ᠡᠷᠭᠢᠯᠡᠭᠰᠡᠳ ᠪᠠ ᠬᠠᠮᠲᠤ ᠶᠢᠨ ᠴᠤᠭᠯᠠᠷᠠᠨ ᠬᠤᠭᠤᠯᠠᠯᠠᠬᠤ ᠳᠤ ᠣᠷᠣᠯᠴᠠᠭᠰᠠᠳ ᠤᠨ ᠡᠷᠡᠭᠦᠯ ᠮᠡᠨᠳᠦ ᠶᠢᠨ ᠬᠠᠮᠢᠶᠠᠷᠤᠯᠲᠠ ᠶᠢᠨ ᠲᠦᠷᠢᠮ ᠢ ᠴᠢᠩᠭ᠎ᠠ ᠬᠡᠷᠡᠭᠵᠢᠭᠦᠯᠵᠦ᠂ ᠬᠢᠵᠢᠭ ᠤᠨ ᠪᠠᠶᠢᠳᠠᠯ ᠢ ᠪᠠᠶᠢᠩᠭᠤᠵᠢᠭᠤᠯᠤᠨ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠨ᠎ᠠ᠃ ᠬᠠᠮᠲᠤ ᠶᠢᠨ ᠴᠤᠭᠯᠠᠷᠠᠨ ᠬᠤᠭᠤᠯᠠᠯᠠᠬᠤ ᠳᠤ 200 ᠭᠠᠷᠤᠶ ᠬᠥᠮᠦᠨ ᠣᠷᠣᠯᠴᠠᠭᠰᠠᠨ ᠪᠠᠶᠢᠪᠠᠯ᠂ ᠡᠷᠬᠢᠯᠡᠨ ᠭᠦᠢᠴᠡᠳᠬᠡᠭᠴᠢ ᠨᠢ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠴᠢᠮ ᠪᠠᠶᠢᠳᠠᠯ ᠢ ᠠᠷᠭᠠᠴᠠᠭᠠᠬᠤ ᠲᠥᠰᠦᠯ ᠪᠠ ᠠᠵᠢᠯ ᠤᠨ ᠲᠥᠰᠦᠯ ᠲᠣᠭᠲᠠᠭᠠᠵᠤ᠂ ᠲᠤᠬᠠᠶ ᠶᠢᠨ ᠭᠠᠵᠠᠷ ᠤᠨ ᠬᠤᠰᠢᠭᠤ ᠰᠢᠶᠠᠨ ᠤ ᠱᠠᠲᠤᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠲᠤ ᠮᠡᠳᠡᠭᠦᠯᠦᠨ ᠵᠥᠪᠰᠢᠶᠡᠷᠡᠭᠦᠯᠦᠭᠰᠡᠨ ᠤ ᠳᠠᠷᠠᠭ᠎ᠠ ᠰᠠᠶ᠋ᠢ ᠡᠷᠭᠢᠯᠡᠵᠦ ᠪᠣᠯᠤᠨ᠎ᠠ᠃ ᠠᠵᠢᠯᠯᠠᠵᠤ ᠪᠠᠶᠢᠭ᠎ᠠ ᠬᠥᠮᠦᠰ ᠤᠨ ᠬᠠᠯᠠᠭᠤᠷᠠᠵᠤ ᠬᠠᠨᠢᠶᠠᠭᠰᠠᠨ ᠵᠡᠷᠭᠡ ᠠᠮᠢᠰᠬᠤᠯ ᠤᠨ ᠵᠠᠮ ᠤᠨ ᠡᠪᠡᠳᠴᠢᠨ ᠤ ᠢᠯᠡᠷᠡᠯ ᠲᠠᠢ᠂ ᠳᠤᠮᠳᠠ ᠥᠨᠳᠥᠷ ᠲᠦᠭᠰᠢᠭᠦᠷᠢᠲᠡᠶ ᠭᠠᠵᠠᠷ ᠣᠷᠣᠨ ᠳᠤ ᠵᠢᠭᠤᠯᠴᠢᠯᠠᠭᠰᠠᠨ ᠲᠡᠦᠬᠡ ᠲᠠᠢ᠂ ᠰᠢᠨ᠎ᠡ ᠲᠢᠲᠢᠮᠯᠢᠭ ᠠᠭᠤᠰᠬᠢᠨ ᠦᠷᠪᠢᠰᠦᠯ ᠢᠶᠠᠷ ᠣᠨᠣᠰᠢᠯᠠᠭᠳᠠᠭᠰᠠᠨ ᠡᠪᠡᠳᠴᠢᠲᠡᠨ᠂ ᠰᠡᠵᠢᠭᠯᠡᠯᠲᠡᠶ ᠡᠪᠡᠳᠴᠢᠲᠡᠨ᠂ ᠡᠪᠡᠳᠴᠢᠨ ᠤ ᠢᠯᠡᠷᠡᠯ ᠥᠬᠡᠶ ᠬᠠᠯᠳᠠᠪᠤᠷᠢᠯᠠᠭᠰᠠᠳ ᠲᠠᠢ ᠨᠢᠭᠲᠠ ᠤᠶᠢᠷᠠᠳᠤᠭᠰᠠᠨ ᠪᠠᠶᠢᠪᠠᠯ᠂ ᠠᠶᠤᠯ ᠲᠦᠭᠰᠢᠭᠦᠷᠢ ᠶᠢ ᠠᠷᠢᠯᠭᠠᠬᠤ ᠠᠴᠠ ᠡᠮᠦᠨ᠎ᠡ ᠴᠥᠮ ᠠᠵᠢᠯ ᠤᠨ ᠪᠠᠶᠢᠷᠢ ᠳᠤ ᠭᠠᠷᠴᠤ ᠪᠣᠯᠬᠤ ᠥᠬᠡᠶ᠃ ᠠᠵᠢᠯᠯᠠᠵᠤ ᠪᠠᠶᠢᠭ᠎ᠠ ᠬᠥᠮᠦᠰ ᠦᠢᠯᠡᠴᠢᠯᠡᠭᠡ ᠬᠠᠩᠭᠠᠬᠤ ᠪᠥᠬᠦ ᠶᠠᠪᠤᠴᠠ ᠳᠠᠭᠠᠨ ᠨᠢᠭᠡ ᠯᠡ ᠤᠳᠠᠭ᠎ᠠ ᠬᠡᠷᠡᠭᠯᠡᠬᠦ ᠡᠮᠴᠢᠯᠡᠭᠡᠨ ᠳᠤ ᠬᠡᠷᠡᠭᠯᠡᠬᠦ ᠠᠮᠠᠪᠴᠢ ᠪᠤᠶᠤ ᠡᠮᠴᠢᠯᠡᠭᠡᠨ ᠳᠤ ᠬᠡᠷᠡᠭᠯᠡᠬᠦ ᠭᠠᠳᠠᠷ ᠰᠠᠯᠠᠭᠠᠨ ᠤ ᠠᠮᠠᠪᠴᠢ ᠶᠢ ᠵᠡᠭᠦᠵᠦ᠂ ᠨᠢᠭᠡ ᠯᠡ ᠤᠳᠠᠭ᠎ᠠ ᠬᠡᠷᠡᠭᠯᠡᠬᠦ ᠪᠡᠭᠡᠯᠡᠶ ᠪᠠᠨ ᠴᠠᠭ ᠲᠤᠬᠠᠶ ᠳᠤᠨᠢ ᠰᠣᠯᠢᠬᠤ ᠬᠡᠷᠡᠭᠲᠡᠶ᠃ ᠬᠠᠮᠲᠤ ᠶᠢᠨ ᠴᠤᠭᠯᠠᠷᠠᠨ ᠬᠤᠭᠤᠯᠠᠯᠠᠬᠤ ᠳᠤ ᠣᠷᠣᠯᠴᠠᠭᠰᠠᠳ ᠬᠠᠯᠠᠭᠤᠷᠠᠬᠤ᠂ ᠬᠠᠨᠢᠶᠠᠬᠤ ᠵᠡᠷᠭᠡ ᠠᠮᠢᠰᠬᠤᠯ ᠤᠨ ᠵᠠᠮ ᠤᠨ ᠡᠪᠡᠳᠴᠢᠨ ᠤ ᠢᠯᠡᠷᠡᠯ ᠲᠠᠢ ᠪᠤᠶᠤ ᠳᠤᠮᠳᠠ ᠥᠨᠳᠥᠷ ᠲᠦᠭᠰᠢᠭᠦᠷᠢᠲᠡᠶ ᠭᠠᠵᠠᠷ ᠣᠷᠣᠨ ᠠᠴᠠ ᠪᠤᠴᠠᠵᠤ ᠢᠷᠡᠬᠦ ᠳᠤ ᠴᠥᠮ ᠬᠠᠮᠲᠤ ᠶᠢᠨ ᠴᠤᠭᠯᠠᠷᠠᠨ ᠬᠤᠭᠤᠯᠠᠯᠠᠬᠤ ᠳᠤ ᠣᠷᠣᠯᠴᠠᠬᠤ ᠶᠢ ᠬᠤᠷᠢᠭᠯᠠᠨ᠎ᠠ᠃
 
ᠢᠷᠡᠯᠲᠡ᠄ ᠬᠥᠯᠦᠨ ᠪᠦᠢᠷ ᠬᠤᠲᠠ ᠶᠢᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号