ᠬᠥᠯᠥᠨ ᠪᠤᠶᠢᠷ ᠬᠤᠲᠠ ᠶᠢᠨ ᠮᠠᠯᠵᠢᠬᠤ ᠲᠠᠷᠢᠶᠠᠯᠠᠬᠤ ᠣᠷᠣᠨ ᠤ ᠬᠠᠮᠲᠤ ᠶᠢᠨ ᠴᠤᠭᠯᠠᠷᠠᠨ ᠬᠤᠭᠤᠯᠠᠯᠠᠬᠤ ᠢᠳᠡᠭᠡᠨ ᠤ ᠠᠮᠤᠷ ᠲᠦᠪᠰᠢᠨ ᠤ ᠬᠠᠮᠢᠶᠠᠷᠤᠯᠲᠠ ᠶᠢᠨ ᠠᠷᠭ᠎ᠠ ︵ᠠᠷᠪᠠ︶
ᠨᠡᠶᠢᠲᠡᠯᠡᠭᠰᠡᠨ ᠴᠠᠭ᠄
2021/9/14
    ᠭᠤᠷᠪᠠᠳᠤᠭᠠᠷ ᠪᠦᠯᠦᠭ       ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ     ᠬᠤᠷᠢᠨ ᠨᠢᠭᠡᠳᠦᠭᠡᠷ ᠵᠦᠢᠯ     ᠮᠠᠯᠵᠢᠬᠤ ᠲᠠᠷᠢᠶᠠᠯᠠᠬᠤ ᠣᠷᠣᠨ ᠤ ᠬᠠᠮᠲᠤ ᠶᠢᠨ ᠴᠤᠭᠯᠠᠷᠠᠨ ᠬᠤᠭᠤᠯᠠᠯᠠᠬᠤ ᠢᠳᠡᠭᠡᠨ ᠤ ᠠᠮᠤᠷ ᠲᠦᠪᠰᠢᠨ ᠤ ᠠᠳᠠᠯ ᠢ ᠮᠡᠳᠡᠭᠦᠯᠬᠦ ᠳᠦᠷᠢᠮ ᠢ ᠬᠡᠷᠡᠭᠵᠢᠭᠦᠯᠦᠨ᠎ᠡ᠃     ᠡᠷᠬᠢᠯᠡᠨ ᠭᠦᠢᠴᠡᠳᠬᠡᠭᠴᠢ ᠪᠠ ᠳᠠᠭᠠᠭᠠᠴᠢᠯᠠᠨ ᠭᠦᠢᠴᠡᠳᠬᠡᠭᠴᠢ ᠠᠴᠠ ᠬᠠᠩᠭᠠᠭᠰᠠᠨ ᠢᠳᠡᠭᠡᠨ ᠤ ᠪᠠᠨ ᠬᠠᠮᠲᠤ ᠶᠢᠨ ᠴᠤᠭᠯᠠᠷᠠᠨ ᠬᠤᠭᠤᠯᠠᠯᠠᠬᠤ ᠬᠥᠮᠦᠰ ᠤᠨ ᠡᠷᠡᠭᠦᠯ ᠮᠡᠨᠳᠦ ᠳᠤ ᠬᠤᠬᠢᠷᠠᠯ ᠤᠴᠠᠷᠠᠭᠤᠯᠤᠭᠰᠠᠨ ᠪᠤᠶᠤ ᠤᠴᠠᠷᠠᠭᠤᠯᠵᠤ ᠮᠡᠳᠡᠬᠦ ᠪᠠᠶᠢᠳᠠᠯ ᠪᠠ ᠮᠡᠳᠡᠭᠡ ᠵᠠᠩᠭᠢ ᠶᠢ ᠣᠯᠵᠤ ᠮᠡᠳᠡᠪᠡᠯ᠂ ᠡᠪᠡᠳᠴᠢᠲᠡᠨ ᠢ ᠴᠠᠭ ᠲᠤᠬᠠᠢ ᠳᠤᠨᠢ ᠣᠶᠢᠷ᠎ᠠ ᠬᠠᠪᠢ ᠶᠢᠨ ᠡᠮᠴᠢᠯᠡᠭᠡᠨ ᠤ ᠪᠠᠶᠢᠭᠤᠯᠤᠮᠵᠢ ᠳᠤ ᠬᠦᠷᠭᠡᠵᠦ ᠡᠮᠨᠡᠭᠦᠯᠬᠦ ᠶᠢᠨ ᠬᠠᠮᠲᠤ ᠬᠤᠯᠪᠣᠭᠳᠠᠯ ᠪᠦᠬᠦᠢ ᠢᠳᠡᠭᠡᠨ ᠵᠢᠴᠢ ᠪᠠᠭᠠᠵᠢ ᠬᠡᠷᠡᠭᠰᠡᠯ ᠵᠡᠷᠭᠡ ᠢᠳᠡᠭᠡᠨ ᠲᠠᠢ ᠬᠤᠯᠪᠣᠭᠳᠠᠬᠤ ᠪᠦᠲᠦᠭᠡᠭᠳᠡᠬᠦᠨ ᠢ ᠦᠳᠲᠡᠷ ᠲᠦᠷᠭᠡᠨ ᠰᠠᠶᠢᠲᠤᠷ ᠬᠠᠮᠠᠭᠠᠯᠠᠬᠤ ᠬᠡᠷᠡᠭᠲᠡᠢ᠃ ᠡᠷᠬᠢᠯᠡᠨ ᠭᠦᠢᠴᠡᠳᠬᠡᠭᠴᠢ᠂ ᠳᠠᠭᠠᠭᠠᠴᠢᠯᠠᠨ ᠭᠦᠢᠴᠡᠳᠬᠡᠭᠴᠢ ᠠᠴᠠ ᠠᠳᠡᠯ ᠭᠠᠷᠤᠭᠰᠠᠨ ᠤ ᠳᠠᠷᠠᠭ᠎ᠠ 1 ᠴᠠᠭ ᠤᠨ ᠳᠣᠲᠣᠷ᠎ᠠ ᠠᠳᠡᠯ ᠤᠨ ᠮᠡᠳᠡᠭᠡ ᠵᠠᠩᠭᠢ ᠪᠠᠨ ᠬᠠᠷᠢᠶ᠎ᠠ ᠭᠠᠵᠠᠷ ᠤᠨ ᠰᠤᠮᠤ ᠰᠢᠶᠠᠩ ᠪᠠᠯᠭᠠᠰᠤ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠲᠤ ᠮᠡᠳᠡᠭᠦᠯᠬᠦ ᠬᠡᠷᠡᠭᠲᠡᠶ᠃ ᠰᠤᠮᠤ ᠰᠢᠶᠠᠩ ᠪᠠᠯᠭᠠᠰᠤ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠠᠴᠠ ᠬᠤᠰᠢᠭᠤ ᠬᠤᠲᠠ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠲᠤ ᠳᠠᠷᠦ᠋ᠢᠬᠠᠨ ᠮᠡᠳᠡᠭᠦᠯᠬᠦ ᠬᠡᠷᠡᠭᠲᠡᠶ᠃ ᠬᠤᠰᠢᠭᠤ ᠬᠤᠲᠠ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠮᠡᠳᠡᠭᠦᠯᠦᠯᠲᠡ ᠶᠢ ᠣᠯᠤᠭᠰᠠᠨ ᠤ ᠳᠠᠷᠠᠭ᠎ᠠ ᠪᠠᠴᠢᠮ ᠪᠠᠶᠢᠳᠠᠯ ᠢ ᠠᠷᠭᠠᠴᠠᠭᠠᠬᠤ ᠤᠷᠢᠳᠴᠢᠯᠠᠭᠰᠠᠨ ᠲᠥᠰᠦᠯ ᠤᠨ ᠲᠣᠭᠲᠠᠭᠠᠯ ᠶᠣᠰᠣᠭᠠᠷ᠂ ᠲᠤᠰ ᠱᠠᠲᠤᠨ ᠤ ᠠᠷᠠᠳ ᠤᠨ ᠵᠠᠰᠠᠭ ᠤᠨ ᠣᠷᠳᠣᠨ ᠪᠣᠯᠤᠨ ᠳᠡᠭᠡᠳᠦ ᠱᠠᠲᠤᠨ ᠤ ᠠᠷᠠᠳ ᠤᠨ ᠵᠠᠰᠠᠭ ᠤᠨ ᠣᠷᠳᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠲᠤ ᠮᠡᠳᠡᠭᠦᠯᠬᠦ ᠶᠢᠨ ᠬᠠᠮᠲᠤ ᠲᠤᠬᠠᠶ ᠶᠢᠨ ᠭᠠᠵᠠᠷ ᠲᠤᠨᠢ ᠬᠦᠷᠴᠦ ᠪᠠᠶᠢᠴᠠᠭᠠᠯᠲᠠ ᠬᠢᠵᠦ᠂ ᠠᠷᠭ᠎ᠠ ᠬᠡᠮᠵᠢᠶ᠎ᠡ ᠠᠪᠴᠤ ᠪᠠᠶᠢᠭᠠᠳ ᠠᠳᠡᠯ ᠤᠨ ᠬᠥᠭᠵᠢᠯᠲᠡ ᠪᠣᠯᠤᠨ ᠰᠢᠢᠳᠪᠦᠷᠢᠯᠡᠭᠰᠡᠨ ᠪᠠᠶᠢᠳᠠᠯ ᠢᠶᠠᠨ ᠴᠠᠭ ᠲᠤᠬᠠᠶ ᠳᠤᠨᠢ ᠦᠷᠭᠦᠯᠵᠢᠯᠡᠨ ᠮᠡᠳᠡᠭᠦᠯᠬᠦ ᠬᠡᠷᠡᠭᠲᠡᠶ᠂ ᠴᠢᠬᠤᠯᠠ ᠲᠠᠢ ᠦᠶ᠎ᠡ ᠳᠤ ᠳᠡᠭᠡᠳᠦ ᠱᠠᠲᠤᠨ ᠤ ᠠᠷᠠᠳ ᠤᠨ ᠵᠠᠰᠠᠭ ᠤᠨ ᠣᠷᠳᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠢᠶᠠᠷ ᠬᠠᠮᠵᠢᠯᠴᠠᠨ ᠪᠠᠶᠢᠴᠠᠭᠠᠯᠭᠠᠬᠤ ᠪᠠᠷ ᠭᠤᠶᠤᠴᠢᠯᠠᠵᠤ ᠪᠣᠯᠤᠨ᠎ᠠ᠃      ᠡᠪᠡᠳᠴᠢᠳᠡᠨ ᠢ ᠬᠦᠯᠢᠶᠡᠨ ᠠᠪᠴᠤ ᠡᠮᠨᠡᠨ ᠵᠠᠰᠠᠬᠤ ᠡᠮᠴᠢᠯᠡᠭᠡᠨ ᠤ ᠪᠠᠶᠢᠭᠤᠯᠤᠮᠵᠢ ᠨᠢ ᠠᠳᠡᠯ ᠭᠠᠷᠤᠭᠰᠠᠨ ᠭᠠᠵᠠᠷ ᠤᠨ ᠬᠤᠰᠢᠭᠤ ᠬᠤᠲᠠ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ᠂ ᠡᠷᠡᠭᠦᠯ ᠬᠠᠮᠠᠭᠠᠯᠠᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠲᠤ ᠴᠠᠭ ᠲᠤᠬᠠᠶ ᠳᠤᠨᠢ ᠮᠡᠳᠡᠭᠦᠯᠬᠦ ᠬᠡᠷᠡᠭᠲᠡᠶ᠃      ᠶᠠᠮᠠᠷᠪᠠ ᠨᠢᠭᠡᠴᠢ ᠪᠤᠶᠤ ᠬᠤᠪᠢ ᠬᠥᠮᠦᠨ ᠢᠳᠡᠭᠡᠨ ᠤ ᠠᠮᠤᠷ ᠲᠦᠪᠰᠢᠨ ᠤ ᠠᠳᠡᠯ ᠢ ᠨᠢᠭᠤᠨ ᠳᠠᠯᠳᠠᠯᠠᠵᠤ᠂ ᠬᠤᠳᠠᠯ ᠢᠶᠠᠷ ᠮᠡᠳᠡᠭᠦᠯᠵᠦ᠂ ᠤᠳᠠᠭᠠᠰᠢᠷᠠᠭᠤᠯᠤᠨ ᠮᠡᠳᠡᠭᠦᠯᠵᠦ ᠪᠣᠯᠬᠤ ᠦᠭᠡᠢ᠂ ᠬᠤᠯᠪᠣᠭᠳᠠᠯ ᠪᠦᠬᠦᠢ ᠭᠡᠷᠡᠴᠢ ᠪᠠᠷᠢᠮᠲᠠ ᠶᠢ ᠨᠢᠭᠤᠨ ᠳᠠᠯᠳᠠᠯᠠᠵᠤ᠂ ᠬᠠᠭᠤᠷᠮᠠᠭᠯᠠᠨ ᠵᠣᠬᠢᠶᠠᠵᠤ᠂ ᠤᠰᠠᠳᠬᠠᠵᠤ ᠪᠣᠯᠬᠤ ᠦᠭᠡᠢ᠃
 
ᠢᠷᠡᠯᠲᠡ᠄ ᠬᠥᠯᠦᠨ ᠪᠦᠢᠷ ᠬᠤᠲᠠ ᠶᠢᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号