ᠬᠥᠯᠥᠨ ᠪᠤᠶᠢᠷ ᠬᠤᠲᠠ ᠶᠢᠨ ᠮᠠᠯᠵᠢᠬᠤ ᠲᠠᠷᠢᠶᠠᠯᠠᠬᠤ ᠣᠷᠣᠨ ᠤ ᠬᠠᠮᠲᠤ ᠶᠢᠨ ᠴᠤᠭᠯᠠᠷᠠᠨ ᠬᠤᠭᠤᠯᠠᠯᠠᠬᠤ ᠢᠳᠡᠭᠡᠨ ᠤ ᠠᠮᠤᠷ ᠲᠦᠪᠰᠢᠨ ᠤ ᠬᠠᠮᠢᠶᠠᠷᠤᠯᠲᠠ ᠶᠢᠨ ᠠᠷᠭ᠎ᠠ ︵ᠠᠷᠪᠠᠨ ᠨᠢᠭᠡ︶
ᠨᠡᠶᠢᠲᠡᠯᠡᠭᠰᠡᠨ ᠴᠠᠭ᠄
2021/9/14
      ᠬᠤᠷᠢᠨ ᠬᠤᠶᠠᠳᠤᠭᠠᠷ ᠵᠦᠢᠯ           ᠬᠤᠰᠢᠭᠤ ᠬᠤᠲᠠ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠨᠢ ᠢᠳᠡᠭᠡᠨ ᠤ ᠠᠮᠤᠷ ᠲᠦᠪᠰᠢᠨ ᠤ ᠠᠳᠡᠯ ᠤᠨ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠦᠯ ᠢ ᠪᠠᠶᠢᠭᠤᠯᠤᠨ ᠲᠡᠭᠦᠯᠳᠡᠷᠵᠢᠭᠦᠯᠵᠦ᠂ ᠮᠡᠳᠡᠭᠦᠯᠬᠦ᠂ ᠪᠠᠶᠢᠴᠠᠭᠠᠬᠤ ᠪᠠ ᠰᠢᠢᠳᠪᠦᠷᠢᠯᠡᠬᠦ ᠳᠡᠰ ᠳᠠᠷᠠᠭᠠᠯᠠᠯ ᠢ ᠵᠢᠷᠤᠮᠵᠢᠭᠤᠯᠤᠨ᠂ ᠲᠥᠬᠦᠷ ᠳᠦᠷᠢᠮ ᠪᠠ ᠠᠷᠭ᠎ᠠ ᠬᠡᠮᠵᠢᠶ᠎ᠡ ᠶᠢ ᠨᠠᠷᠢᠯᠢᠬᠵᠢᠭᠤᠯᠵᠤ᠂ ᠪᠠᠴᠢᠮ ᠪᠠᠶᠢᠳᠠᠯ ᠢ ᠠᠷᠭᠠᠴᠠᠭᠠᠬᠤ ᠰᠣᠷᠢᠯᠲᠠ ᠶᠢ ᠴᠠᠭ ᠲᠤᠨᠢ ᠲᠣᠬᠢᠷᠠᠭᠤᠯᠤᠨ ᠥᠷᠨᠢᠭᠦᠯᠬᠦ ᠬᠡᠷᠡᠭᠲᠡᠶ᠃ ᠮᠠᠯᠵᠢᠬᠤ ᠲᠠᠷᠢᠶᠠᠯᠠᠬᠤ ᠣᠷᠣᠨ ᠤ ᠬᠠᠮᠲᠤ ᠶᠢᠨ ᠴᠤᠭᠯᠠᠷᠠᠨ ᠬᠤᠭᠤᠯᠠᠯᠠᠬᠤ ᠠᠴᠠ ᠪᠣᠯᠵᠤ ᠢᠳᠡᠭᠡᠨ ᠳᠤ ᠬᠤᠣᠷᠳᠠᠭᠳᠠᠬᠤ ᠵᠡᠷᠭᠡ ᠢᠳᠡᠭᠡᠨ ᠠᠴᠠ ᠰᠢᠯᠲᠠᠭᠠᠯᠠᠭᠰᠠᠨ ᠡᠪᠡᠳᠴᠢᠨ ᠡᠮᠭᠡᠭ ᠡᠭᠦᠰᠪᠡᠯ᠂ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠢᠳᠡᠭᠡᠨ ᠤ ᠠᠮᠤᠷ ᠲᠦᠪᠰᠢᠨ ᠤ ᠬᠠᠤᠯᠢ︾ ᠶᠢᠨ ᠬᠠᠮᠢᠶ᠎ᠠ ᠪᠦᠬᠦᠢ ᠲᠣᠭᠲᠠᠭᠠᠯ ᠵᠢᠴᠢ ᠢᠳᠡᠭᠡᠨ ᠤ ᠠᠮᠤᠷ ᠲᠦᠪᠰᠢᠨ ᠤ ᠠᠳᠡᠯ ᠤᠨ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠦᠯ ᠤᠨ ᠱᠠᠭᠠᠷᠳᠠᠯᠭ᠎ᠠ ᠶᠣᠰᠣᠭᠠᠷ ᠂ ᠪᠠᠴᠢᠮ ᠪᠠᠶᠢᠳᠠᠯ ᠢ ᠠᠷᠭᠠᠴᠠᠭᠠᠬᠤ ᠪᠠ ᠪᠠᠶᠢᠴᠠᠭᠠᠨ ᠰᠢᠢᠳᠪᠦᠷᠢᠯᠡᠬᠦ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠴᠠᠭ ᠲᠤᠬᠠᠶ ᠳᠤᠨᠢ ᠠᠪᠤᠷᠠᠨ ᠵᠠᠰᠠᠵᠤ᠂ ᠴᠠᠭ ᠲᠤᠬᠠᠶ ᠳᠤᠨᠢ ᠮᠡᠳᠡᠭᠦᠯᠵᠦ᠂ ᠴᠠᠭ ᠲᠤᠬᠠᠶ ᠳᠤᠨᠢ ᠰᠢᠢᠳᠪᠦᠷᠢᠯᠡᠬᠦ ᠬᠡᠷᠡᠭᠲᠡᠶ᠃ ᠢᠳᠡᠭᠡᠨ ᠤ ᠠᠮᠤᠷ ᠲᠦᠪᠰᠢᠨ ᠤ ᠠᠳᠡᠯ ᠢ ᠪᠠᠶᠢᠴᠠᠭᠠᠬᠤ ᠳᠤ ᠦᠨᠡᠨ ᠠᠴᠠ ᠵᠥᠪ ᠢ ᠡᠷᠢᠬᠦ᠂ ᠰᠢᠨᠵᠢᠯᠡᠬᠦ ᠤᠬᠠᠭᠠᠨ ᠢ ᠬᠦᠨᠳᠦᠳᠬᠡᠬᠦ ᠵᠠᠷᠴᠢᠮ ᠢ ᠪᠠᠷᠢᠮᠲᠠᠯᠠᠵᠤ᠂ ᠠᠳᠡᠯ ᠤᠨ ᠰᠢᠨᠵᠢ ᠴᠢᠨᠠᠷ ᠪᠠ ᠰᠢᠯᠲᠠᠭᠠᠨ ᠢ ᠴᠠᠭ ᠲᠤᠬᠠᠢ ᠳᠤᠨᠢ ᠣᠨᠣᠪᠴᠢᠲᠠᠢ ᠪᠠᠶᠢᠴᠠᠭᠠᠨ ᠲᠣᠳᠣᠷᠬᠠᠶᠢᠯᠠᠵᠤ᠂ ᠠᠳᠡᠯ ᠤᠨ ᠬᠠᠷᠢᠭᠤᠴᠠᠯᠭ᠎ᠠ ᠶᠢ ᠮᠠᠭᠠᠳᠯᠠᠨ ᠲᠣᠭᠲᠠᠭᠠᠵᠤ᠂ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠳᠤᠷᠠᠳᠬᠤ ᠬᠡᠷᠡᠭᠲᠡᠢ᠃         ᠳᠥᠷᠪᠡᠳᠦᠭᠡᠷ ᠪᠦᠯᠦᠭ     ᠬᠠᠷᠢᠭᠤᠴᠠᠯᠭ᠎ᠠ ᠨᠡᠬᠡᠮᠵᠢᠯᠡᠬᠦ         ᠬᠤᠷᠢᠨ ᠭᠤᠷᠪᠠᠳᠤᠭᠠᠷ ᠵᠦᠢᠯ       ᠡᠷᠬᠢᠯᠡᠨ ᠭᠦᠢᠴᠡᠳᠬᠡᠭᠴᠢ ᠪᠠ ᠳᠠᠭᠠᠭᠠᠴᠢᠯᠠᠨ ᠭᠦᠢᠴᠡᠳᠬᠡᠭᠴᠢ ᠲᠤᠰ ᠠᠷᠭ᠎ᠠ ᠶᠢᠨ ᠲᠣᠭᠲᠠᠭᠠᠯ ᠠᠴᠠ ᠵᠥᠷᠢᠴᠡᠪᠡᠯ᠂ ᠬᠤᠰᠢᠭᠤ ᠬᠤᠲᠠ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠨᠢ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠢᠳᠡᠭᠡᠨ ᠤ ᠠᠮᠤᠷ ᠲᠦᠪᠰᠢᠨ ᠤ ᠬᠠᠤᠯᠢ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠢᠳᠡᠭᠡᠨ ᠦᠢᠯᠡᠳᠪᠦᠷᠢᠯᠡᠵᠦ ᠡᠳ᠋ᠰᠢᠭᠦᠯᠬᠦ ᠦᠢᠯᠡᠳᠬᠡᠯ ᠪᠠ ᠢᠳᠡᠭᠡᠨ ᠤ ᠳᠡᠯᠭᠡᠭᠦᠷᠴᠢᠨ ᠤ ᠬᠠᠮᠢᠶᠠᠷᠤᠯᠲᠠ ᠶᠢᠨ ᠳᠦᠷᠢᠮ︾ ᠶᠣᠰᠣᠭᠠᠷ ᠰᠢᠢᠳᠪᠦᠷᠢᠯᠡᠨ᠎ᠡ᠃       ᠬᠤᠷᠢᠨ ᠳᠥᠷᠪᠡᠳᠦᠭᠡᠷ ᠵᠦᠢᠯ        ᠦᠨᠳᠦᠰᠦᠨ ᠱᠠᠲᠤᠨ ᠤ ᠢᠳᠡᠭᠡᠨ ᠤ ᠠᠮᠤᠷ ᠲᠦᠪᠰᠢᠨ ᠤ ᠬᠠᠪᠰᠤᠷᠤᠨ ᠬᠠᠮᠢᠶᠠᠷᠤᠭᠴᠢ᠂ ᠮᠡᠳᠡᠭᠡ ᠵᠠᠩᠭᠢᠴᠢ ᠨᠢ ᠮᠡᠳᠡᠭᠡ ᠵᠠᠩᠭᠢ ᠴᠤᠭᠯᠠᠭᠤᠯᠬᠤ᠂ ᠪᠠᠶᠢᠳᠠᠯ ᠢᠶᠠᠨ ᠳᠡᠭᠡᠭᠰᠢ ᠮᠡᠳᠡᠭᠦᠯᠬᠦ᠂ ᠲᠤᠬᠠᠶ ᠶᠢᠨ ᠭᠠᠵᠠᠷ ᠲᠤᠨᠢ ᠵᠢᠯᠣᠭᠤᠳᠬᠤ ᠵᠡᠷᠭᠡ ᠠᠵᠢᠯ ᠤᠨ ᠡᠭᠦᠷᠭᠡ ᠬᠠᠷᠢᠭᠤᠴᠠᠯᠭ᠎ᠠ ᠪᠠᠨ ᠲᠣᠭᠲᠠᠭᠠᠯ ᠶᠣᠰᠣᠭᠠᠷ ᠭᠦᠢᠴᠡᠳᠬᠡᠭᠰᠡᠨ ᠦᠭᠡᠶ ᠠᠴᠠ ᠪᠣᠯᠵᠤ ᠢᠳᠡᠭᠡᠨ ᠤ ᠠᠮᠤᠷ ᠲᠦᠪᠰᠢᠨ ᠤ ᠠᠳᠡᠯ ᠭᠠᠷᠭᠠᠭᠰᠠᠨ ᠪᠤᠶᠤ ᠪᠤᠰᠤᠳ ᠬᠦᠨᠳᠦ ᠨᠣᠴᠢᠲᠠᠶ ᠦᠷ᠎ᠡ ᠨᠦᠯᠦᠭᠡ ᠭᠠᠷᠭᠠᠭᠰᠠᠨ ᠪᠣᠯ ᠬᠠᠤᠯᠢ ᠶᠣᠰᠣᠭᠠᠷ ᠬᠠᠤᠯᠢ ᠶᠢᠨ ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠶ᠃       ᠬᠤᠷᠢᠨ ᠲᠠᠪᠤᠳᠤᠭᠠᠷ ᠵᠦᠢᠯ       ᠬᠤᠰᠢᠭᠤ ᠬᠤᠲᠠ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠵᠢᠴᠢ ᠲᠡᠭᠦᠨ ᠤ ᠠᠵᠢᠯᠲᠠᠳ ᠲᠤᠰ ᠠᠷᠭ᠎ᠠ ᠶᠢᠨ ᠲᠣᠭᠲᠠᠭᠠᠯ ᠢ ᠴᠢᠩᠭ᠎ᠠ ᠵᠢᠷᠤᠮᠯᠠᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ᠂ ᠮᠠᠯᠵᠢᠬᠤ ᠲᠠᠷᠢᠶᠠᠯᠠᠬᠤ ᠣᠷᠣᠨ ᠤ ᠬᠠᠮᠲᠤ ᠶᠢᠨ ᠴᠤᠭᠯᠠᠷᠠᠨ ᠬᠤᠭᠤᠯᠠᠯᠠᠬᠤ ᠠᠵᠢᠯᠯᠠᠭ᠎ᠠ ᠶᠢ ᠵᠢᠷᠤᠮᠵᠢᠭᠤᠯᠬᠤ ᠪᠠ ᠪᠠᠶᠢᠴᠠᠭᠠᠨ ᠵᠢᠯᠣᠭᠤᠳᠬᠤ ᠶᠢ ᠴᠢᠩᠭᠠᠳᠬᠠᠨ᠂ ᠬᠠᠮᠢᠶᠠᠷᠤᠯᠲᠠ ᠶᠢᠨ ᠳᠦᠷᠢᠮ ᠢ ᠠᠯᠬᠤᠮ ᠴᠢᠨᠠᠭᠰᠢᠳᠠ ᠪᠦᠷᠢᠨᠰᠢᠭᠦᠯᠦᠨ ᠲᠡᠭᠦᠯᠳᠡᠷᠵᠢᠭᠦᠯᠵᠦ᠂ ᠡᠷᠬᠡ ᠲᠤᠰᠢᠶᠠᠯ ᠢᠶᠠᠨ ᠳᠤᠷ᠎ᠠ ᠪᠠᠷ ᠬᠡᠷᠡᠭᠯᠡᠨ᠂ ᠡᠭᠦᠷᠭᠡ ᠲᠤᠰᠢᠶᠠᠯ ᠳᠠᠭᠠᠨ ᠣᠰᠣᠯᠳᠠᠵᠤ᠂ ᠡᠭᠦᠷᠭᠡ ᠬᠠᠷᠢᠭᠤᠴᠠᠯᠭ᠎ᠠ ᠪᠠᠨ ᠬᠢᠨᠠᠮᠠᠭᠠᠶ ᠭᠦᠢᠴᠡᠳᠬᠡᠭᠰᠡᠨ ᠦᠭᠡᠶ ᠠᠴᠠ ᠪᠣᠯᠵᠤ ᠢᠳᠡᠭᠡᠨ ᠤ ᠠᠮᠤᠷ ᠲᠦᠪᠰᠢᠨ ᠤ ᠠᠳᠠᠯ ᠭᠠᠷᠭᠠᠭᠰᠠᠨ ᠪᠠᠶᠢᠪᠠᠯ᠂ ᠰᠠᠯᠠᠭ᠎ᠠ ᠮᠥᠴᠢᠷ ᠵᠢᠴᠢ ᠬᠠᠮᠢᠶ᠎ᠠ ᠪᠦᠬᠦᠢ ᠬᠥᠮᠦᠰ ᠤᠨ ᠬᠠᠷᠢᠭᠤᠴᠠᠯᠭ᠎ᠠ ᠶᠢ ᠴᠢᠩᠭ᠎ᠠ ᠨᠡᠬᠡᠮᠵᠢᠯᠡᠬᠦ ᠬᠡᠷᠡᠭᠲᠡᠶ᠃
 
ᠢᠷᠡᠯᠲᠡ᠄ ᠬᠥᠯᠦᠨ ᠪᠦᠢᠷ ᠬᠤᠲᠠ ᠶᠢᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号