ᠬᠥᠯᠥᠨ ᠪᠤᠶᠢᠷ ᠬᠤᠲᠠ ᠶᠢᠨ ᠮᠠᠯᠵᠢᠬᠤ ᠲᠠᠷᠢᠶᠠᠯᠠᠬᠤ ᠣᠷᠣᠨ ᠤ ᠬᠠᠮᠲᠤ ᠶᠢᠨ ᠴᠤᠭᠯᠠᠷᠠᠨ ᠬᠤᠭᠤᠯᠠᠯᠠᠬᠤ ᠢᠳᠡᠭᠡᠨ ᠤ ᠠᠮᠤᠷ ᠲᠦᠪᠰᠢᠨ ᠤ ᠬᠠᠮᠢᠶᠠᠷᠤᠯᠲᠠ ᠶᠢᠨ ᠠᠷᠭ᠎ᠠ ︵ᠠᠷᠪᠠᠨ ᠬᠤᠶᠠᠷ︶
ᠨᠡᠶᠢᠲᠡᠯᠡᠭᠰᠡᠨ ᠴᠠᠭ᠄
2021/9/14
    ᠲᠠᠪᠤᠳᠤᠭᠠᠷ ᠪᠦᠯᠦᠭ        ᠳᠠᠭᠠᠯᠳᠤᠭᠤᠯᠤᠯ ᠳᠦᠷᠢᠮ      ᠬᠤᠷᠢᠨ ᠵᠢᠷᠭᠤᠳᠤᠭᠠᠷ ᠵᠦᠢᠯ      ᠡᠯ᠎ᠡ ᠬᠤᠰᠢᠭᠤ ᠬᠤᠲᠠ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠨᠢ ︽ᠬᠥᠯᠥᠨ ᠪᠤᠶᠢᠷ ᠬᠤᠲᠠ ᠶᠢᠨ ᠮᠠᠯᠵᠢᠬᠤ ᠲᠠᠷᠢᠶᠠᠯᠠᠬᠤ ᠣᠷᠣᠨ ᠤ ᠬᠠᠮᠲᠤ ᠶᠢᠨ ᠴᠤᠭᠯᠠᠷᠠᠨ ᠬᠤᠭᠤᠯᠠᠯᠠᠬᠤ ᠠᠵᠢᠯᠯᠠᠭ᠎ᠠ ᠶᠢᠨ ᠭᠤᠶᠤᠴᠢᠯᠠᠨ ᠮᠡᠳᠡᠭᠦᠯᠵᠦ ᠪᠦᠷᠢᠳᠬᠡᠨ ᠳᠠᠩᠰᠠᠯᠠᠬᠤ ᠬᠦᠰᠦᠨᠦᠭᠲᠦ︾ ︵ᠳᠠᠭᠠᠯᠳᠤᠭᠤᠯᠤᠯ 1︶᠂ ︽ᠬᠥᠯᠥᠨ ᠪᠤᠶᠢᠷ ᠬᠤᠲᠠ ᠶᠢᠨ ᠮᠠᠯᠵᠢᠬᠤ ᠲᠠᠷᠢᠶᠠᠯᠠᠬᠤ ᠣᠷᠣᠨ ᠤ ᠬᠠᠮᠲᠤ ᠶᠢᠨ ᠴᠤᠭᠯᠠᠷᠠᠨ ᠬᠤᠭᠤᠯᠠᠯᠠᠬᠤ ᠠᠵᠢᠯᠯᠠᠭ᠎ᠠ ᠶᠢᠨ ᠢᠳᠡᠭᠡᠨ ᠤ ᠠᠮᠤᠷ ᠲᠦᠪᠰᠢᠨ ᠤ ᠲᠦᠭᠰᠢᠭᠦᠷᠢ ᠶᠢ ᠮᠡᠳᠡᠭᠳᠡᠬᠦ ᠪᠢᠴᠢᠭ︾ ︵ᠳᠠᠭᠠᠯᠳᠤᠭᠤᠯᠤᠯ 2︶᠂ ︽ᠬᠥᠯᠥᠨ ᠪᠤᠶᠢᠷ ᠬᠤᠲᠠ ᠶᠢᠨ ᠮᠠᠯᠵᠢᠬᠤ ᠲᠠᠷᠢᠶᠠᠯᠠᠬᠤ ᠣᠷᠣᠨ ᠤ ᠬᠠᠮᠲᠤ ᠶᠢᠨ ᠴᠤᠭᠯᠠᠷᠠᠨ ᠬᠤᠭᠤᠯᠠᠯᠠᠬᠤ ᠠᠵᠢᠯᠯᠠᠭ᠎ᠠ ᠶᠢᠨ ᠢᠳᠡᠭᠡᠨ ᠤ ᠠᠮᠤᠷ ᠲᠦᠪᠰᠢᠨ ᠤ ᠠᠮᠠᠯᠠᠯᠲᠠ ᠶᠢᠨ ᠪᠢᠴᠢᠭ︾ ︵ᠳᠠᠭᠠᠯᠳᠤᠭᠤᠯᠤᠯ 3︶᠂ ︽ᠬᠥᠯᠥᠨ ᠪᠤᠶᠢᠷ ᠬᠤᠲᠠ ᠶᠢᠨ ᠮᠠᠯᠵᠢᠬᠤ ᠲᠠᠷᠢᠶᠠᠯᠠᠬᠤ ᠣᠷᠣᠨ ᠤ ᠬᠠᠮᠲᠤ ᠶᠢᠨ ᠴᠤᠭᠯᠠᠷᠠᠨ ᠬᠤᠭᠤᠯᠠᠯᠠᠬᠤ ᠠᠵᠢᠯᠯᠠᠭ᠎ᠠ ᠶᠢᠨ ᠢᠳᠡᠭᠡᠨ ᠤ ᠠᠮᠤᠷ ᠲᠦᠪᠰᠢᠨ ᠤ ᠬᠠᠷᠢᠭᠤᠴᠠᠯᠭ᠎ᠠ ᠶᠢᠨ ᠵᠥᠪᠯᠡᠯᠴᠡᠭᠡᠷ ᠤᠨ ᠪᠢᠴᠢᠭ︾ ︵ᠳᠠᠭᠠᠯᠳᠤᠭᠤᠯᠤᠯ 4︶ ᠤᠨ ᠪᠢᠴᠢᠭ ᠬᠠᠷ᠎ᠠ ᠶᠢᠨ ᠵᠠᠭᠪᠤᠷ ᠢᠶᠠᠷ ᠯᠠᠪᠯᠠᠯᠲᠠ ᠪᠣᠯᠭᠠᠵᠤ᠂ ᠲᠣᠰ ᠵᠠᠰᠠᠭ ᠵᠠᠬᠢᠷᠭᠠᠨ ᠤ ᠣᠷᠣᠨ ᠬᠡᠪᠴᠢᠶᠡᠨ ᠤ ᠬᠢᠨᠠᠯᠲᠠ ᠬᠠᠮᠢᠶᠠᠷᠤᠯᠲᠠ ᠳᠤ ᠳᠣᠭᠢᠷᠠᠬᠤ ᠪᠢᠴᠢᠭ ᠬᠠᠷ᠎ᠠ ᠶᠢᠨ ᠬᠡᠯᠪᠡᠷᠢ ᠮᠠᠶ᠋ᠢᠭ ᠢ ᠲᠣᠭᠲᠠᠭᠠᠬᠤ ᠶᠢᠨ ᠬᠠᠮᠲᠤ ᠦᠪᠡᠷᠲᠡᠭᠡᠨ ᠳᠠᠷᠤᠮᠠᠯᠯᠠᠨ ᠦᠢᠯᠡᠳᠦᠨ᠎ᠡ᠃     ᠬᠤᠷᠢᠨ ᠳᠣᠯᠣᠳᠤᠭᠠᠷ ᠵᠦᠢᠯ    ᠲᠤᠰ ᠠᠷᠭ᠎ᠠ ᠳᠤ ᠬᠡᠯᠡᠵᠦ ᠪᠠᠶᠢᠭ᠎ᠠ ︽ᠳᠡᠭᠡᠭᠰᠢ︾ ᠭᠡᠳᠡᠭ ᠲᠤ ᠲᠤᠰ ᠲᠤᠭ᠎ᠠ ᠶᠢ ᠪᠠᠭᠲᠠᠭᠠᠵᠤ᠂ ︽ᠳᠣᠷᠣᠭᠰᠢ︾ ᠳᠤ ᠲᠤᠰ ᠲᠤᠭ᠎ᠠ ᠶᠢ ᠪᠠᠭᠲᠠᠭᠠᠬᠤ ᠦᠭᠡᠶ᠃      ᠬᠤᠷᠢᠨ ᠨᠠᠢᠮᠠᠳᠤᠭᠠᠷ ᠵᠦᠢᠯ     ᠲᠣᠰ ᠠᠷᠭ᠎ᠠ ᠳᠤ ᠲᠣᠭᠲᠠᠭᠠᠭᠰᠠᠨ ᠭᠤᠶᠤᠴᠢᠯᠠᠨ ᠮᠡᠳᠡᠭᠦᠯᠵᠦ ᠪᠦᠷᠢᠳᠬᠡᠨ ᠳᠠᠩᠰᠠᠯᠠᠭᠤᠯᠬᠤ ᠵᠡᠷᠭᠡ ᠬᠤᠭᠤᠴᠠᠭ᠎ᠠ ᠶᠢ ᠠᠵᠢᠯᠯᠠᠬᠤ ᠡᠳᠦᠷ ᠢᠶᠠᠷ ᠪᠤᠳᠤᠨ᠎ᠠ᠂ ᠬᠠᠤᠯᠢ ᠪᠠᠷ ᠲᠣᠭᠲᠠᠭᠠᠭᠰᠠᠨ ᠪᠠᠶᠠᠷ ᠳᠤᠷᠠᠰᠬᠠᠯ ᠠᠮᠠᠷᠠᠯᠲᠠ ᠶᠢᠨ ᠡᠳᠦᠷ ᠢ ᠪᠠᠭᠲᠠᠭᠠᠬᠤ ᠥᠬᠡᠶ᠃     ᠬᠤᠷᠢ ᠶᠢᠰᠦᠳᠦᠭᠡᠷ ᠵᠦᠢᠯ      ᠲᠣᠰ ᠠᠷᠭ᠎ᠠ ᠶᠢ ᠬᠥᠯᠥᠨ ᠪᠤᠶᠢᠷ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠠᠴᠠ ᠬᠠᠷᠢᠭᠤᠴᠠᠨ ᠲᠠᠶᠢᠯᠪᠤᠷᠢᠯᠠᠨ᠎ᠠ᠃     ᠭᠤᠴᠢᠳᠤᠭᠠᠷ ᠵᠦᠢᠯ        ᠲᠣᠰ ᠠᠷᠭ᠎ᠠ ᠶᠢ ᠨᠡᠶᠢᠲᠡᠯᠡᠭᠰᠡᠨ ᠡᠳᠦᠷ ᠠᠴᠠ ᠡᠬᠢᠯᠡᠨ ᠬᠡᠷᠡᠭᠵᠢᠭᠦᠯᠦᠨ᠎ᠡ᠂ ᠬᠥᠯᠥᠨ ᠪᠤᠶᠢᠷ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠳᠠᠷᠤᠮᠠᠯᠯᠠᠨ ᠲᠠᠷᠬᠠᠭᠠᠭᠰᠠᠨ ︽ᠬᠥᠯᠥᠨ ᠪᠤᠶᠢᠷ ᠬᠤᠲᠠ ᠶᠢᠨ ᠮᠠᠯᠵᠢᠬᠤ ᠲᠠᠷᠢᠶᠠᠯᠠᠬᠤ ᠣᠷᠣᠨ ᠤ ᠬᠠᠮᠲᠤ ᠶᠢᠨ ᠴᠤᠭᠯᠠᠷᠠᠨ ᠬᠤᠭᠤᠯᠠᠯᠠᠬᠤ ᠢᠳᠡᠭᠡᠨ ᠤ ᠠᠮᠤᠷ ᠲᠦᠪᠰᠢᠨ ᠤ ᠬᠠᠮᠢᠶᠠᠷᠤᠯᠲᠠ ᠶᠢᠨ ᠠᠷᠭ᠎ᠠ︾ ︵ᠬᠦᠯᠦᠨ ᠵᠠᠰᠠᠭ ᠠᠯᠪᠠᠨ ᠦᠰᠦᠭ ﹇2017﹈ 244 ᠳ᠋ᠤᠭᠡᠷ ᠲᠣᠭᠠᠲᠤ︶ ᠶᠢ ᠬᠠᠮᠲᠤ ᠳᠤᠨᠢ ᠬᠦᠴᠦᠨ ᠥᠬᠡᠶ ᠪᠣᠯᠭᠠᠨ᠎ᠠ᠃
 
ᠢᠷᠡᠯᠲᠡ᠄ ᠬᠥᠯᠦᠨ ᠪᠦᠢᠷ ᠬᠤᠲᠠ ᠶᠢᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号