ᠯᠢ ᠺᠧ ᠴᠢᠶᠠᠩ ᠲᠦᠷᠦ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠤ ᠬᠡᠰᠡᠭ ᠬᠤᠳᠠ ᠳᠤ ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠤᠨ ᠰᠢᠨ᠎ᠡ ᠶᠢ ᠡᠭᠦᠳᠬᠦ ᠲᠤᠷᠰᠢᠯᠲᠠ ᠶᠢᠨ ᠴᠡᠭ ᠢ ᠥᠷᠨᠢᠭᠦᠯᠬᠦ ᠵᠡᠷᠭᠡ ᠶᠢ ᠪᠠᠶᠢᠷᠢᠯᠠᠭᠤᠯᠪᠠ
ᠨᠡᠶᠢᠲᠡᠯᠡᠭᠰᠡᠨ ᠴᠠᠭ᠄
2021/9/14
    ᠯᠢ ᠺᠧ ᠴᠢᠶᠠᠩ ᠲᠦᠷᠦ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠪᠠ᠃      ᠬᠡᠰᠡᠭ ᠬᠤᠲᠠ ᠳᠤ ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠤᠨ ᠰᠢᠨ᠎ᠡ ᠶᠢ ᠡᠭᠦᠳᠬᠦ ᠲᠤᠷᠰᠢᠯᠲᠠ ᠶᠢᠨ ᠴᠡᠭ ᠢ ᠥᠷᠨᠢᠭᠦᠯᠵᠦ᠂ ᠣᠷᠣᠨ ᠨᠤᠲᠤᠭ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ ᠤᠷᠢᠳ ᠢᠶᠠᠷ ᠬᠡᠷᠡᠭᠵᠢᠭᠦᠯᠵᠦ ᠤᠷᠢᠳ ᠢᠶᠠᠷ ᠲᠤᠷᠰᠢᠬᠤ ᠶᠢ ᠳᠡᠮᠵᠢᠵᠦ᠂ ᠠᠵᠤ ᠠᠬᠤᠶᠢᠯᠠᠯ ᠳᠤ ᠠᠰᠢᠭᠲᠠᠶ ᠠᠷᠠᠳ ᠲᠤ ᠲᠥᠬᠦᠮ ᠦᠵᠡᠭᠦᠯᠬᠦ ᠡᠷᠴᠢᠮ ᠢ ᠨᠡᠩ ᠴᠢᠩᠭᠠᠷᠠᠭᠤᠯᠬᠤ ᠬᠡᠷᠡᠭᠲᠡᠢ ᠭᠡᠵᠡᠢ᠃      ︽ᠦᠨᠡᠲᠦ ᠲᠡᠮᠳᠡᠭᠲᠦ ᠪᠠ ᠬᠤᠭᠤᠴᠠᠭᠠᠲᠤ ᠪᠠᠷᠠᠭᠠᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠤᠬᠠᠶ ᠶᠢᠨ ᠬᠥᠮᠦᠨ ᠤ ᠠᠮᠠᠯᠠᠯᠲᠠ ᠶᠢᠨ ᠳᠦᠷᠢᠮ ᠢ ᠬᠡᠷᠡᠭᠵᠢᠭᠦᠯᠬᠦ ᠠᠷᠭ᠎ᠠ ︵ᠡᠬᠡ ᠨᠤᠤᠷᠠᠭ︶︾ ᠶᠢ ᠪᠠᠲᠤᠯᠠᠪᠠ᠃      ᠲᠦᠷᠦ ᠶᠢᠨ ᠶᠠᠪᠤᠳᠠᠯ ᠤᠨ ᠬᠤᠷᠢᠶᠠᠨ ᠤ ᠶᠡᠷᠦᠩᠬᠡᠢ ᠰᠠᠶᠢᠳ ᠯᠢ ᠺᠧ ᠴᠢᠶᠠᠩ 9 ᠳ᠋ᠦ᠋ᠭᠡᠷ ᠰᠠᠷ᠎ᠠ ᠶᠢᠨ 8      ᠤ ᠡᠳᠦᠷ ᠲᠦᠷᠦ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ ᠬᠡᠰᠡᠭ ᠬᠤᠳᠠ ᠳᠤ ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠤᠨ ᠰᠢᠨ᠎ᠡ ᠶᠢ ᠡᠭᠦᠳᠬᠦ ᠲᠤᠷᠰᠢᠯᠲᠠ ᠶᠢᠨ ᠴᠡᠭ ᠢ ᠥᠷᠨᠢᠭᠦᠯᠬᠦ ᠲᠤᠬᠠᠢ ᠪᠠᠶᠢᠷᠢᠯᠠᠭᠤᠯᠵᠤ᠂ ᠣᠷᠣᠨ ᠨᠤᠲᠤᠭ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ ᠤᠷᠢᠳ ᠢᠶᠠᠷ ᠬᠡᠷᠡᠭᠵᠢᠭᠦᠯᠵᠦ ᠤᠷᠢᠳ ᠢᠶᠠᠷ ᠲᠤᠷᠰᠢᠬᠤ ᠶᠢ ᠳᠡᠮᠵᠢᠵᠦ᠂ ᠠᠵᠤ ᠠᠬᠤᠶᠢᠯᠠᠯ ᠳᠤ ᠠᠰᠢᠭᠲᠠᠶ ᠠᠷᠠᠳ ᠲᠤ ᠲᠥᠬᠦᠮ ᠦᠵᠡᠭᠦᠯᠬᠦ ᠡᠷᠴᠢᠮ ᠢ ᠨᠡᠩ ᠴᠢᠩᠭᠠᠷᠠᠭᠤᠯᠬᠤ ᠬᠡᠷᠡᠭᠲᠡᠢ ᠭᠡᠵᠡᠢ︔ ︽ᠦᠨᠡᠲᠦ ᠲᠡᠮᠳᠡᠭᠲᠦ ᠪᠠ ᠬᠤᠭᠤᠴᠠᠭᠠᠲᠤ ᠪᠠᠷᠠᠭᠠᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠤᠬᠠᠶ ᠶᠢᠨ ᠬᠥᠮᠦᠨ ᠤ ᠠᠮᠠᠯᠠᠯᠲᠠ ᠶᠢᠨ ᠳᠦᠷᠢᠮ ᠢ ᠬᠡᠷᠡᠭᠵᠢᠭᠦᠯᠬᠦ ᠠᠷᠭ᠎ᠠ ︵ᠡᠬᠡ ᠨᠤᠤᠷᠠᠭ︶︾ ᠶᠢ ᠪᠠᠲᠤᠯᠠᠪᠠ᠃      ᠬᠤᠷᠠᠯ ᠠᠴᠠ ᠵᠢᠭᠠᠬᠤ ᠳᠤ ᠪᠠᠨ᠂ ᠨᠠᠮ ᠤᠨ ᠲᠥᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶᠠᠨ ᠤ ᠪᠠᠶᠢᠷᠢᠯᠠᠭᠤᠯᠤᠯᠲᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠢ ᠰᠢᠯᠢᠳᠡᠭᠵᠢᠭᠦᠯᠬᠦ ᠪᠠᠷ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠠᠮᠢᠵᠢᠷᠠᠯ ᠤᠨ ᠬᠦᠴᠦᠨ ᠪᠣᠯᠤᠨ ᠨᠡᠶᠢᠭᠡᠮ ᠤᠨ ᠪᠦᠲᠦᠭᠡᠯᠴᠢ ᠬᠦᠴᠦᠨ ᠢ ᠬᠥᠭᠵᠢᠭᠡᠨ᠂ ᠴᠢᠨᠠᠷᠯᠢᠭ ᠬᠥᠭᠵᠢᠯᠲᠡ ᠶᠢ ᠠᠬᠢᠭᠤᠯᠬᠤ ᠴᠢᠬᠤᠯᠠ ᠭᠠᠷᠳᠠᠴᠠ ᠪᠣᠯᠭᠠᠬᠤ ᠶᠢ ᠪᠠᠷᠢᠮᠲᠠᠯᠠᠵᠤ᠂ ᠵᠠᠬ᠎ᠠ ᠳᠡᠯᠭᠡᠭᠦᠷ ᠤᠨ ᠵᠢᠱᠢᠯᠲᠡ ᠶᠢ ᠲᠣᠭᠲᠠᠪᠤᠷᠢᠵᠢᠭᠤᠯᠵᠤ᠂ ᠠᠵᠤ ᠠᠬᠤᠢ ᠶᠢᠨ ᠲᠣᠭᠲᠠᠭᠤᠨ ᠢᠶᠠᠷ ᠠᠵᠢᠯᠯᠠᠬᠤ ᠶᠢ ᠪᠠᠲᠤᠯᠠᠬᠤ ᠬᠡᠷᠡᠭᠲᠡᠢ ᠭᠡᠵᠡᠢ᠃ ᠬᠤᠷᠠᠯ ᠠᠴᠠ ᠲᠣᠭᠲᠠᠭᠠᠬᠤ ᠳᠤ ᠪᠠᠨ᠂ ︽ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠢ ᠰᠢᠯᠢᠳᠡᠭᠵᠢᠭᠦᠯᠬᠦ ᠲᠦᠷᠢᠮ︾ ᠢ ᠰᠠᠶᠢᠲᠤᠷ ᠬᠡᠷᠡᠭᠵᠢᠭᠦᠯᠵᠦ᠂ ᠪᠥᠬᠦ ᠤᠯᠤᠰ ᠲᠤ ᠵᠠᠬ᠎ᠠ ᠳᠡᠯᠭᠡᠭᠦᠷᠴᠢᠯᠡᠭᠰᠡᠨ᠂ ᠬᠠᠤᠯᠢᠵᠢᠭᠰᠠᠨ᠂ ᠳᠡᠯᠡᠬᠡᠶᠢᠴᠢᠯᠡᠭᠰᠡᠨ ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠢ ᠪᠣᠶ ᠪᠣᠯᠭᠠᠬᠤ ᠶᠢ ᠠᠬᠢᠭᠤᠯᠬᠤ ᠶᠢᠨ ᠬᠠᠮᠲᠤ᠂ ᠪᠡᠭᠡᠵᠢᠩ᠂ ᠱᠠᠩᠬᠠᠶ᠂ ᠴᠦᠩᠴᠢᠩ᠂ ᠬᠠᠩᠵᠧᠦ᠂ ᠭᠤᠸᠠᠩᠵᠧᠦ᠂ ᠱᠧᠨᠵᠧᠨ ᠵᠡᠷᠭᠡ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠲᠤᠭ᠎ᠠ ᠬᠡᠮᠵᠢᠶ᠎ᠡ ᠪᠠᠷ ᠨᠡᠯᠢᠶᠡᠳ ᠤᠯᠠᠨ 6 ᠬᠤᠳᠠ ᠶᠢ ᠰᠣᠩᠭᠤᠵᠤ᠂ ᠵᠠᠬ᠎ᠠ ᠳᠡᠯᠭᠡᠭᠦᠷ ᠤᠨ ᠭᠤᠣᠯ ᠴᠣᠭᠴᠠ ᠪᠠ ᠤᠯᠠᠨ ᠲᠦᠮᠡᠨ ᠤ ᠠᠩᠬᠠᠷᠤᠯ ᠲᠠᠯᠪᠢᠵᠤ ᠪᠠᠶᠢᠭ᠎ᠠ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠳᠡᠯᠡᠬᠡᠶ ᠶᠢᠨ ᠲᠡᠷᠢᠭᠦᠨ ᠤ ᠬᠢᠷᠢ ᠲᠦᠪᠰᠢᠨ ᠲᠠᠢ ᠬᠠᠷᠢᠴᠠᠭᠤᠯᠵᠤ᠂ ︽ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠵᠦ᠂ ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠤᠨ ᠰᠢᠨ᠎ᠡ ᠶᠢ ᠡᠭᠦᠳᠬᠦ ᠲᠤᠷᠰᠢᠯᠲᠠ ᠶᠢᠨ ᠴᠡᠭ ᠢ ᠥᠷᠨᠢᠭᠦᠯᠬᠦ ᠪᠠᠷ ᠲᠣᠭᠲᠠᠭᠠᠪᠠ᠃ ᠨᠢᠭᠡ ᠳᠤ᠂ ᠣᠷᠣᠨ ᠪᠦᠰᠡ ᠶᠢᠨ ᠬᠡᠰᠡᠭᠯᠡᠯ ᠪᠠ ᠣᠷᠣᠨ ᠨᠤᠲᠤᠭ ᠤᠨ ᠬᠠᠮᠠᠭᠠᠯᠠᠯᠲᠠ ᠶᠢ ᠤᠯᠠᠮ ᠨᠢᠭᠡ ᠠᠯᠬᠤᠮ ᠡᠪᠳᠡᠵᠦ᠂ ᠨᠢᠭᠡᠳᠦᠯᠲᠡᠶ ᠪᠥᠭᠡᠳ ᠨᠡᠭᠡᠭᠡᠯᠲᠡᠲᠡᠶ᠂ ᠥᠷᠢᠰᠥᠯᠳᠦᠭᠡᠨ ᠲᠠᠢ ᠪᠥᠭᠡᠳ ᠡᠮᠬᠢ ᠵᠢᠷᠤᠮ ᠲᠠᠢ ᠵᠠᠬ᠎ᠠ ᠳᠡᠯᠭᠡᠭᠦᠷ ᠤᠨ ᠲᠣᠭᠲᠠᠯᠴᠠᠭ᠎ᠠ ᠤᠨ ᠪᠠᠶᠢᠭᠤᠯᠤᠯᠲᠠ ᠶᠢ ᠠᠬᠢᠭᠤᠯᠬᠤ ᠬᠡᠷᠡᠭᠲᠡᠢ᠃ ᠠᠵᠤ ᠠᠬᠤᠶᠢᠯᠠᠯ ᠤᠨ ᠣᠷᠣᠨ ᠪᠦᠰᠡ ᠠᠯᠤᠰᠯᠠᠨ ᠡᠵᠡᠩᠨᠡᠬᠦ ᠳᠤ ᠵᠦᠢ ᠵᠤᠬᠢᠰ ᠦᠭᠡᠢ ᠬᠢᠵᠠᠭᠠᠷᠯᠠᠯ ᠢ ᠬᠦᠴᠦᠨ ᠦᠭᠡᠢ ᠪᠣᠯᠭᠠᠬᠤ ᠬᠡᠷᠡᠭᠲᠡᠢ᠃ ᠵᠠᠰᠠᠭ ᠤᠨ ᠣᠷᠳᠣᠨ ᠠᠴᠠ ᠬᠤᠳᠠᠯᠳᠤᠨ ᠠᠪᠬᠤ ᠵᠡᠷᠭᠡ ᠬᠦᠷᠢᠶᠡᠨ ᠳᠠᠬᠢ ᠭᠠᠳᠠᠷ ᠣᠷᠣᠨ ᠤ ᠠᠵᠤ ᠠᠬᠤᠶᠢᠯᠠᠯ ᠳᠤ ᠠᠪᠬᠤ ᠲᠠᠯᠳᠠ ᠪᠠᠬᠢᠯᠡᠯᠲᠡ ᠶᠢ ᠡᠪᠳᠡᠬᠦ ᠬᠡᠷᠡᠭᠲᠡᠢ᠃ ᠠᠶᠠᠨᠴᠢᠳ ᠤᠨ ᠪᠠ ᠪᠠᠷᠠᠭᠠᠨ ᠤ ᠲᠡᠭᠡᠭᠡᠪᠦᠷᠢ ᠶᠢᠨ 7 ᠲᠥᠷᠥᠯ ᠤᠨ ᠡᠯᠧᠺᠲᠷᠣᠨ ᠭᠡᠷᠡᠴᠢ ᠦᠨᠡᠮᠯᠡᠯ ᠤᠨ ᠣᠷᠣᠨ ᠪᠦᠰᠡ ᠠᠯᠤᠰᠯᠠᠨ ᠬᠠᠷᠢᠯᠴᠠᠨ ᠮᠡᠳᠡᠷᠡᠬᠦ ᠪᠠ ᠬᠠᠷᠭᠤᠭᠤᠯᠤᠨ ᠪᠠᠶᠢᠴᠠᠭᠠᠬᠤ ᠶᠢ ᠠᠬᠢᠭᠤᠯᠬᠤ ᠬᠡᠷᠡᠭᠲᠡᠢ᠃ ᠬᠤᠶᠠᠷ ᠲᠤ ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠵᠥᠪᠰᠢᠶᠡᠷᠡᠨ ᠣᠷᠣᠭᠤᠯᠬᠤ ᠪᠠ ᠤᠬᠤᠷᠢᠨ ᠭᠠᠷᠬᠤ ᠳᠤ ᠤᠯᠠᠮ ᠨᠢᠭᠡ ᠠᠯᠬᠤᠮ ᠲᠦᠭᠦᠮ ᠦᠵᠡᠭᠦᠯᠬᠦ ᠬᠡᠷᠡᠭᠲᠡᠢ᠃ ᠪᠣᠳᠠᠲᠤ ᠴᠣᠭᠴᠠ ᠶᠢᠨ ᠭᠡᠷᠡᠴᠢ ᠦᠨᠡᠮᠯᠡᠯ ᠣᠯᠭᠤᠬᠤ ᠶᠢᠨ ᠬᠠᠮᠲᠤ ᠡᠯᠧᠺᠲᠷᠣᠨ ᠡᠵᠡᠩᠨᠡᠯᠲᠡ ᠶᠢᠨ ᠭᠡᠷᠡᠴᠢ ᠦᠨᠡᠮᠯᠡᠯ ᠢ ᠵᠡᠷᠭᠡ ᠪᠠᠷ ᠣᠯᠭᠤᠵᠤ᠂ ᠠᠵᠤ ᠠᠬᠤᠶᠢᠯᠠᠯ ᠤᠨ ᠰᠦᠯᠵᠢᠶᠡᠨ ᠳᠡᠭᠡᠷ᠎ᠡ ᠠᠵᠢᠯᠯᠠᠬᠤ ᠳᠤ ᠲᠥᠬᠦᠮ ᠦᠵᠡᠭᠦᠯᠬᠦ ᠬᠡᠷᠡᠭᠲᠡᠢ᠃ ᠪᠠᠩᠬᠢ ᠶᠢᠨ ᠳᠠᠩᠰᠠ ᠪᠠᠶᠢᠭᠤᠯᠬᠤ ᠳᠡᠰ ᠳᠠᠷᠠᠭᠠᠯᠠᠯ ᠢ ᠴᠣᠮᠬᠠᠳᠬᠠᠵᠤ᠂ ᠳᠠᠩᠰᠠ ᠪᠠᠶᠢᠭᠤᠯᠬᠤ ᠴᠠᠭ ᠢ ᠪᠣᠭᠤᠨᠢᠰᠬᠠᠬᠤ ᠬᠡᠷᠡᠭᠲᠡᠢ᠃ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ᠂ ᠨᠡᠶᠢᠭᠡᠮ ᠤᠨ ᠳᠠᠭᠠᠳᠬᠠᠯ᠂ ᠭᠠᠶᠢᠯᠢ ᠶᠢᠨ ᠶᠠᠪᠤᠳᠠᠯ ᠵᠡᠷᠭᠡ ᠶᠢᠨ ᠣᠨ ᠤ ᠮᠡᠳᠡᠭᠦᠯᠦᠯᠲᠡ ᠶᠢᠨ ︽ᠤᠯᠠᠨ ᠮᠡᠳᠡᠭᠦᠯᠦᠯᠲᠡ ᠶᠢ ᠨᠢᠭᠡᠳᠬᠡᠬᠦ︾ ᠶᠢ ᠠᠬᠢᠭᠤᠯᠬᠤ ᠬᠡᠷᠡᠭᠲᠡᠢ᠃ ᠰᠢᠨ᠎ᠡ ᠡᠵᠡᠩᠨᠡᠯᠲᠡ ᠶᠢᠨ ᠪᠠᠶᠢᠳᠠᠯ ᠪᠠ ᠰᠢᠨ᠎ᠡ ᠵᠠᠭᠪᠤᠷ ᠤᠨ ᠬᠥᠭᠵᠢᠯᠲᠡ ᠳᠤ ᠵᠣᠬᠢᠴᠠᠭᠰᠠᠨ ᠵᠥᠪᠰᠢᠶᠡᠷᠡᠨ ᠣᠷᠣᠭᠤᠯᠬᠤ ᠵᠥᠪᠰᠢᠶᠡᠷᠡᠨ ᠡᠵᠡᠩᠨᠡᠭᠦᠯᠬᠦ ᠪᠠᠷᠢᠮᠵᠢᠶ᠎ᠠ ᠶᠢ ᠬᠠᠶᠢᠨ ᠰᠦᠪᠡᠭᠴᠢᠯᠡᠬᠦ ᠬᠡᠷᠡᠭᠲᠡᠢ᠃ ᠳᠠᠮᠫᠤᠷᠠᠯ ᠤᠨ ᠬᠡᠷᠡᠭ ᠢ ᠬᠦᠯᠢᠶᠡᠨ ᠠᠪᠴᠤ ᠰᠢᠢᠳᠪᠦᠷᠢᠯᠡᠭᠰᠡᠨ ᠤ ᠳᠠᠷᠠᠭ᠎ᠠ᠂ ᠳᠠᠮᠫᠤᠷᠠᠯ ᠤᠨ ᠬᠠᠮᠢᠶᠠᠷᠤᠭᠴᠢ ᠠᠴᠠ ᠬᠤᠯᠪᠣᠭᠳᠠᠯ ᠪᠦᠬᠦᠢ ᠪᠠᠶᠢᠭᠤᠯᠤᠮᠵᠢ ᠶᠢᠨ ᠡᠵᠡᠮᠰᠢᠭᠰᠡᠨ ᠳᠠᠮᠫᠤᠷᠠᠭᠰᠠᠨ ᠠᠵᠤ ᠠᠬᠤᠶᠢᠯᠠᠯ ᠤᠨ ᠮᠡᠳᠡᠭᠡ ᠵᠠᠩᠭᠢ ᠶᠢ ᠬᠠᠤᠯᠢ ᠶᠣᠰᠣᠭᠠᠷ ᠪᠠᠶᠢᠴᠠᠭᠠᠨ ᠯᠠᠪᠯᠠᠬᠤ ᠶᠢ ᠵᠥᠪᠰᠢᠶᠡᠷᠡᠵᠦ᠂ ᠪᠢᠲᠡᠭᠦᠮᠵᠢᠯᠡᠭᠳᠡᠭᠰᠡᠨ ᠡᠳ᠋ ᠬᠦᠷᠦᠩᠭᠡ ᠶᠢ ᠰᠢᠢᠳᠪᠦᠷᠢᠯᠡᠬᠦ ᠳᠤ ᠪᠠᠨ ᠪᠢᠲᠡᠭᠦᠮᠵᠢᠯᠡᠯ ᠠᠴᠠ ᠲᠠᠶᠢᠯᠬᠤ ᠭᠠᠷ ᠭᠦᠢᠴᠡᠳᠬᠡᠯ ᠢ ᠭᠦᠢᠴᠡᠳᠬᠡᠬᠦ ᠴᠢᠬᠤᠯᠠ ᠦᠭᠡᠢ᠃ ᠭᠤᠷᠪᠠ ᠳᠤ᠂ ᠪᠠᠯᠠ ᠣᠷᠣᠭᠤᠯᠤᠯᠲᠠ ᠪᠠ ᠪᠥᠲᠥᠭᠡᠨ ᠪᠠᠶᠢᠭᠤᠯᠤᠯᠲᠠ ᠳᠤ ᠲᠥᠬᠦᠮ ᠦᠵᠡᠭᠦᠯᠬᠦ ᠬᠡᠮᠵᠢᠶ᠎ᠡ ᠶᠢ ᠳᠡᠭᠡᠭᠰᠢᠯᠡᠭᠦᠯᠬᠦ ᠬᠡᠷᠡᠭᠲᠡᠢ᠃ ᠭᠠᠵᠠᠷ ᠰᠢᠷᠣᠶ ᠬᠠᠩᠭᠠᠬᠤ ᠠᠴᠠ ᠡᠮᠦᠨ᠎ᠡ ᠵᠠᠰᠠᠭ ᠤᠨ ᠣᠷᠳᠣᠨ ᠤ ᠰᠠᠯᠠᠭ᠎ᠠ ᠮᠥᠴᠢᠷ ᠠᠴᠠ ᠭᠠᠵᠠᠷ ᠬᠦᠷᠦᠰᠦᠨ ᠤ ᠭᠠᠶ ᠭᠠᠮᠰᠢᠭ᠂ ᠤᠰᠤ ᠬᠥᠷᠥᠰᠥ ᠶᠢ ᠬᠠᠮᠠᠭᠠᠯᠠᠬᠤ ᠵᠡᠷᠭᠡ ᠠᠯᠢ ᠤᠯᠠᠨ ᠦᠨᠡᠯᠡᠨ ᠵᠢᠱᠢᠯᠲᠡ ᠶᠢ ᠥᠷᠨᠢᠭᠦᠯᠵᠦ᠂ ᠬᠠᠷᠢᠭᠤᠴᠠᠯᠭ᠎ᠠ ᠶᠢ ᠴᠢᠩᠭᠠᠳᠬᠠᠬᠤ ᠬᠡᠷᠡᠭᠲᠡᠢ᠃ ᠠᠵᠤ ᠠᠬᠤᠶᠢᠯᠠᠯ ᠭᠠᠵᠠᠷ ᠰᠢᠷᠣᠶ ᠣᠯᠣᠭᠰᠠᠨ ᠤ ᠲᠠᠷᠠᠭ᠎ᠠ ᠳᠠᠷᠤᠶ ᠳᠤ ᠨᠢ ᠠᠵᠢᠯ ᠢᠶᠠᠨ ᠡᠬᠢᠯᠡᠭᠦᠯᠵᠦ ᠪᠣᠯᠤᠨ᠎ᠠ᠂ ᠳᠠᠪᠬᠤᠷᠳᠠᠭᠤᠯᠤᠨ ᠨᠤᠲᠠᠯᠠᠬᠤ ᠠᠵᠢᠯ ᠬᠢᠬᠦ ᠦᠭᠡᠢ᠃ ᠤᠰᠤ ᠴᠠᠬᠢᠯᠭᠠᠨ ᠰᠢᠲᠠᠮᠠᠬᠠᠢ ᠬᠡᠢ ᠳᠤᠯᠠᠭᠠᠯᠠᠭ᠎ᠠ ᠵᠡᠷᠭᠡ ᠬᠤᠳᠠ ᠶᠢᠨ ᠶᠠᠪᠤᠳᠠᠯ ᠤᠨ ᠵᠠᠯᠭᠠᠨ ᠣᠷᠣᠭᠤᠯᠬᠤ ᠢᠨᠵᠧᠨᠧᠷᠢᠩ ᠤᠨ ᠠᠵᠢᠯ ᠢ ᠡᠬᠢᠯᠡᠭᠦᠯᠬᠦ ᠵᠥᠪᠰᠢᠶᠡᠷᠡᠯ ᠳᠤ ᠮᠡᠳᠡᠭᠳᠡᠬᠦ ᠠᠮᠠᠯᠠᠯᠲᠠ ᠶᠢᠨ ᠬᠠᠮᠢᠶᠠᠷᠤᠯᠲᠠ ᠪᠠ ᠰᠦᠯᠵᠢᠶᠡᠨ ᠳᠡᠭᠡᠷ᠎ᠡ ᠨᠡᠶᠢᠯᠡᠭᠦᠯᠦᠨ ᠭᠦᠢᠴᠡᠳᠬᠡᠬᠦ ᠶᠢ ᠬᠡᠷᠡᠭᠵᠢᠭᠦᠯᠬᠦ ᠬᠡᠷᠡᠭᠲᠡᠢ᠃ ᠲᠦᠷᠪᠡ ᠳᠤ᠂ ᠭᠠᠳᠠᠭᠰᠢ ᠨᠡᠭᠡᠭᠡᠯᠲᠡ ᠬᠢᠬᠦ ᠬᠢᠷᠢ ᠲᠦᠪᠰᠢᠨ ᠢ ᠳᠡᠭᠡᠭᠰᠢᠯᠡᠭᠦᠯᠬᠦ ᠬᠡᠷᠡᠭᠲᠡᠢ᠃ ᠬᠡᠰᠡᠭ ᠴᠢᠬᠤᠯᠠ ᠠᠷᠠᠯᠵᠢᠶᠠᠨ ᠤ ᠬᠠᠨᠢᠲᠠᠨ ᠯᠤᠭ᠎ᠠ ᠶᠢᠨ ᠪᠣᠭᠤᠮᠲᠠ ᠶᠢᠨ ᠬᠤᠭᠤᠷᠣᠨᠳᠣᠬᠢ ᠬᠤᠯᠪᠣᠭᠳᠠᠯ ᠪᠥᠬᠦᠶ ᠬᠠᠭᠤᠳᠠᠰᠤ ᠪᠠᠷᠢᠮᠲᠠ ᠶᠢ ᠰᠦᠯᠵᠢᠶᠡᠨ ᠳᠡᠭᠡᠷ᠎ᠡ ᠬᠠᠷᠭᠤᠭᠤᠯᠤᠨ ᠪᠠᠶᠢᠴᠠᠭᠠᠬᠤ ᠶᠢ ᠠᠬᠢᠭᠤᠯᠬᠤ ᠬᠡᠷᠡᠭᠲᠡᠢ᠃ ᠰᠢᠶᠠᠩᠭᠠᠩ ᠣᠣᠮᠧᠨ ᠤ ᠪᠡᠯᠡ ᠣᠷᠣᠭᠤᠯᠤᠭᠴᠢᠳ ᠤᠨ ᠬᠤᠳᠠᠯᠳᠤᠭᠠᠨ ᠤ ᠶᠠᠪᠤᠳᠠᠯ ᠤᠨ ᠳᠠᠩᠰᠠᠯᠠᠭᠤᠯᠬᠤ ᠭᠠᠷᠳᠠᠮ ᠢ ᠬᠢᠯᠪᠠᠷᠴᠢᠯᠠᠬᠤ ᠬᠡᠷᠡᠭᠲᠡᠢ᠃ ᠤᠯᠠᠨ ᠤᠯᠤᠰ ᠤᠨ ᠠᠶᠠᠯᠠᠯ ᠤᠨ ᠣᠩᠭᠤᠴᠠ ᠶᠢᠨ ᠭᠠᠶᠢᠯᠢ ᠪᠠᠲᠤᠯᠠᠬᠤ ᠪᠠ ᠲᠤᠰᠤ ᠨᠡᠮᠡᠬᠦ ᠲᠤᠬᠠᠶᠢᠯᠠᠭᠰᠠᠨ ᠠᠵᠢᠯ ᠥᠷᠨᠢᠭᠦᠯᠬᠦ ᠶᠢ ᠳᠡᠮᠵᠢᠬᠦ ᠬᠡᠷᠡᠭᠲᠡᠢ᠃ ᠲᠠᠪᠤ ᠳᠤ᠂ ᠬᠢᠨᠠᠯᠲᠠ ᠬᠠᠮᠢᠶᠠᠷᠤᠯᠲᠠ ᠳᠤ ᠰᠢᠨ᠎ᠡ ᠶᠢ ᠡᠭᠦᠳᠬᠦ ᠶᠢ ᠲᠡᠭᠦᠯᠳᠡᠷᠵᠢᠭᠦᠯᠬᠦ ᠬᠡᠷᠡᠭᠲᠡᠢ᠃ ᠢᠳᠡᠭᠡᠨ ᠤ ᠵᠦᠢᠯ ᠂ ᠡᠮ ᠤᠨ ᠵᠦᠢᠯ᠂ ᠸᠠᠺᠼᠢᠨ ᠤ ᠵᠦᠢᠯ᠂ ᠠᠮᠤᠷ ᠲᠦᠪᠰᠢᠨ ᠵᠡᠷᠭᠡ ᠠᠷᠠᠳ ᠤᠯᠠᠨ ᠤ ᠠᠮᠢ ᠨᠠᠰᠤ ᠡᠷᠡᠭᠦᠯ ᠮᠡᠨᠳᠤ ᠳᠤ ᠬᠤᠯᠪᠣᠭᠳᠠᠬᠤ ᠬᠦᠷᠢᠶᠡᠨ ᠳᠤ ᠵᠠᠯᠬᠠᠭᠠᠨ ᠰᠢᠳᠬᠡᠬᠦ ᠴᠢᠨᠠᠷᠲᠠᠶ ᠲᠥᠯᠥᠪᠦᠷᠢ ᠶᠢᠨ ᠲᠦᠷᠢᠮ ᠢ ᠬᠡᠷᠡᠭᠵᠢᠭᠦᠯᠬᠦ ᠬᠡᠷᠡᠭᠲᠡᠢ᠃ ᠳᠤᠷ᠎ᠠ ᠪᠠᠷ ᠰᠦᠢᠳᠬᠡᠯ ᠬᠤᠷᠢᠶᠠᠬᠤ᠂ ᠳᠤᠷ᠎ᠠ ᠪᠠᠷ ᠵᠣᠭᠤᠰ ᠢᠶᠠᠷ ᠲᠣᠷᠭᠠᠬᠤ᠂ ᠳᠤᠷ᠎ᠠ ᠪᠠᠷ ᠲᠡᠰᠬᠡᠨ ᠲᠠᠲᠠᠪᠤᠷᠢᠯᠠᠬᠤ ᠶᠢ ᠬᠤᠷᠢᠭᠯᠠᠨ ᠵᠣᠭᠰᠣᠭᠠᠬᠤ ᠤᠷᠳᠤ ᠬᠤᠭᠤᠴᠠᠭᠠᠨ ᠤ ᠲᠣᠭᠲᠠᠴᠠ ᠶᠢ ᠲᠡᠭᠦᠯᠳᠡᠷᠵᠢᠭᠦᠯᠬᠦ ᠬᠡᠷᠡᠭᠲᠡᠢ᠃ ᠵᠠᠭᠤᠴᠢ ᠪᠠᠶᠢᠭᠤᠯᠤᠮᠵᠢ ᠶᠢᠨ ᠭᠠᠭᠴᠠᠭᠠᠷ ᠡᠵᠡᠮᠰᠢᠨ ᠡᠵᠡᠩᠨᠡᠬᠦ᠂ ᠠᠯᠪᠠᠳᠠᠯᠭ᠎ᠠ ᠪᠠᠷ ᠦᠢᠯᠡᠴᠢᠯᠡᠭᠡ ᠬᠠᠩᠭᠠᠬᠤ ᠵᠡᠷᠭᠡ ᠦᠢᠯᠡ ᠠᠵᠢᠯᠯᠠᠭ᠎ᠠ ᠶᠢ ᠵᠠᠯᠠᠷᠠᠭᠤᠯᠵᠤ᠂ ᠠᠵᠤ ᠠᠬᠤᠶᠢᠯᠠᠯ ᠤᠨ ᠡᠵᠡᠩᠨᠡᠯᠲᠡ ᠶᠢᠨ ᠬᠢᠷᠢ ᠴᠢᠳᠠᠮᠵᠢ ᠪᠠ ᠬᠢᠷᠢ ᠬᠡᠮ ᠤᠯᠬᠤ᠂ ᠳᠠᠭᠠᠭᠠᠴᠢᠯᠠᠯᠲᠠ ᠵᠠᠷᠯᠠᠬᠤ ᠪᠠ ᠳᠠᠭᠠᠭᠠᠴᠢᠯᠠᠯᠲᠠ ᠬᠦᠯᠢᠶᠡᠬᠦ᠂ ᠡᠷᠬᠡ ᠠᠰᠢᠭ ᠢᠶᠠᠨ ᠬᠠᠮᠠᠭᠠᠯᠠᠬᠤ ᠵᠡᠷᠭᠡ ᠲᠠᠯ᠎ᠠ ᠶᠢᠨ ᠵᠥᠷᠢᠶᠡᠴᠢᠯᠡᠭᠰᠡᠨ ᠬᠠᠷᠠᠭᠠᠯᠵᠠᠯ ᠢ ᠢᠯᠭᠠᠨ ᠴᠡᠪᠡᠷᠯᠡᠬᠦ ᠪᠠ ᠬᠦᠴᠦᠨ ᠦᠭᠡᠢ ᠪᠣᠯᠭᠠᠵᠤ᠂ ᠭᠤᠣᠯᠴᠢ ᠥᠷᠢᠰᠥᠯᠳᠦᠭᠡᠨ ᠢ ᠬᠠᠮᠠᠭᠠᠯᠠᠬᠤ ᠬᠡᠷᠡᠭᠲᠡᠢ᠃ ᠵᠢᠷᠭᠤᠭ᠎ᠠ ᠳᠤ᠂ ᠠᠵᠤ ᠠᠬᠤᠶᠢᠯᠠᠯ ᠳᠤ ᠬᠤᠯᠪᠣᠭᠳᠠᠬᠤ ᠦᠢᠯᠡᠴᠢᠯᠡᠭᠡ ᠶᠢ ᠰᠢᠯᠢᠳᠡᠭᠵᠢᠭᠦᠯᠬᠦ ᠬᠡᠷᠡᠭᠲᠡᠢ᠃ ᠲᠥᠷᠥ ᠶᠢᠨ ᠪᠣᠳᠣᠯᠭ᠎ᠠ ᠶᠢᠨ ᠬᠤᠪᠢᠷᠠᠯᠲᠠ᠂ ᠲᠥᠯᠥᠪᠵᠢᠭᠦᠯᠭᠡ ᠶᠢᠨ ᠲᠣᠬᠢᠷᠠᠭᠤᠯᠤᠯᠲᠠ ᠵᠡᠷᠭᠡ ᠠᠴᠠ ᠪᠣᠯᠵᠣ ᠠᠵᠤ ᠠᠬᠤᠶᠢᠯᠠᠯ ᠤᠨ ᠬᠠᠤᠯᠢ ᠶᠣᠰᠣᠨ ᠤ ᠠᠰᠢᠭ ᠲᠤᠰᠠ ᠳᠤ ᠬᠤᠬᠢᠷᠠᠯ ᠤᠴᠠᠷᠠᠭᠤᠯᠤᠭᠰᠠᠨ ᠨᠥᠬᠦᠪᠥᠷᠢ ᠲᠡᠳᠬᠦᠮᠵᠢ ᠶᠢᠨ ᠲᠣᠭᠲᠠᠴᠠ ᠶᠢ ᠪᠠᠶᠢᠭᠤᠯᠬᠤ ᠬᠡᠷᠡᠭᠲᠡᠢ᠃ ᠬᠦᠳᠡᠯᠦᠩᠭᠦᠢ ᠬᠦᠷᠦᠩᠭᠡ ᠪᠠ ᠡᠷᠬᠡ ᠶᠢᠨ ᠳᠠᠭᠠᠭᠠᠯᠲᠠ ᠶᠢ ᠨᠢᠭᠡᠳᠦᠯᠲᠡᠶ ᠳᠠᠩᠰᠠᠯᠠᠬᠤ ᠲᠦᠷᠢᠮ ᠢ ᠲᠡᠭᠦᠯᠳᠡᠷᠵᠢᠭᠦᠯᠬᠦ ᠬᠡᠷᠡᠭᠲᠡᠢ᠃ ᠮᠡᠳᠡᠭᠡ ᠵᠠᠩᠭᠢ ᠶᠢᠨ ᠲᠥᠭᠵᠢᠷᠡᠯ ᠢ ᠲᠦᠷᠭᠡᠪᠴᠢᠯᠡᠨ ᠡᠪᠳᠡᠵᠦ᠂ ᠰᠠᠯᠠᠭ᠎ᠠ ᠮᠥᠴᠢᠷ ᠪᠠ ᠣᠷᠣᠨ ᠨᠤᠲᠤᠭ ᠤᠨ ᠬᠤᠭᠤᠷᠣᠨᠳᠤ ᠪᠠᠨ ᠰᠢᠰᠲ᠋ᠧᠮ ᠢᠶᠠᠷ ᠬᠤᠯᠪᠣᠯᠳᠤᠨ ᠨᠡᠪᠲᠡᠷᠡᠯᠴᠡᠬᠦ ᠪᠠ ᠲᠤᠭ᠎ᠠ ᠪᠠᠷᠢᠮᠲᠠ ᠶᠢ ᠬᠠᠮᠲᠤ ᠳᠤ ᠪᠠᠨ ᠬᠦᠷᠲᠡᠬᠦ ᠬᠡᠪᠴᠢᠶ᠎ᠡ ᠶᠢ ᠥᠷᠭᠡᠳᠬᠡᠵᠦ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠤᠯᠠᠨ ᠭᠠᠵᠠᠷ ᠲᠤ ᠲᠠᠬᠢᠨ ᠳᠠᠪᠲᠠᠨ ᠮᠠᠲ᠋ᠧᠷᠢᠶᠠᠯ ᠲᠤᠰᠢᠶᠠᠬᠤ ᠠᠰᠠᠭᠤᠳᠠᠯ ᠢ ᠰᠢᠢᠳᠪᠦᠷᠢᠯᠡᠬᠦ ᠶᠢ ᠠᠬᠢᠭᠤᠯᠵᠤ᠂ ᠨᠡᠩ ᠤᠯᠠᠨ ᠤᠴᠢᠷ ᠶᠠᠪᠤᠳᠠᠯ ᠢ ᠰᠦᠯᠵᠢᠶᠡᠨ ᠳᠡᠭᠡᠷ᠎ᠡ ᠰᠢᠢᠳᠪᠦᠷᠢᠯᠡᠬᠦ᠂ ᠨᠢᠭᠡ ᠯᠡ ᠤᠳᠠᠭ᠎ᠠ ᠳᠤ ᠰᠢᠢᠳᠪᠦᠷᠢᠯᠡᠬᠦ ᠶᠢ ᠠᠬᠢᠭᠤᠯᠬᠤ ᠬᠡᠷᠡᠭᠲᠡᠢ ᠭᠡᠵᠡᠢ᠃      ᠬᠦᠷᠦᠩᠭᠡ ᠶᠢᠨ ᠵᠠᠬ᠎ᠠ ᠳᠡᠯᠭᠡᠭᠦᠷ ᠤᠨ ᠰᠠᠭᠤᠷᠢ ᠳᠦᠷᠢᠮ ᠢ ᠲᠡᠭᠦᠯᠳᠡᠷᠵᠢᠭᠦᠯᠵᠦ᠂ ᠬᠢᠨᠠᠨ ᠬᠠᠮᠢᠶᠠᠷᠬᠤ ᠦᠢᠯᠡᠳᠦᠯ ᠴᠢᠳᠠᠪᠤᠷᠢ ᠶᠢ ᠳᠡᠭᠡᠭᠰᠢᠯᠡᠭᠦᠯᠵᠦ᠂ ᠪᠡᠯᠡ ᠣᠷᠣᠭᠤᠯᠤᠭᠴᠢᠳ ᠤᠨ ᠬᠠᠤᠯᠢ ᠶᠣᠰᠣᠨ ᠤ ᠡᠷᠬᠡ ᠠᠰᠢᠭ ᠢ ᠨᠡᠩ ᠰᠠᠶᠢᠲᠤᠷ ᠬᠠᠮᠠᠭᠠᠯᠠᠬᠤ ᠶᠢᠨ ᠲᠤᠰᠠᠳᠠ᠂ ᠬᠤᠷᠠᠯ ᠠᠴᠠ ︽ᠦᠨᠡᠲᠦ ᠲᠡᠮᠳᠡᠭᠲᠦ ᠪᠠ ᠬᠤᠭᠤᠴᠠᠭᠠᠲᠤ ᠪᠠᠷᠠᠭᠠᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠤᠬᠠᠢ ᠶᠢᠨ ᠬᠥᠮᠦᠨ ᠤ ᠠᠮᠠᠯᠠᠯᠲᠠ ᠶᠢᠨ ᠳᠦᠷᠢᠮ ᠢ ᠬᠡᠷᠡᠭᠵᠢᠭᠦᠯᠬᠦ ᠠᠷᠭ᠎ᠠ ︵ᠡᠬᠡ ᠨᠣᠣᠷᠠᠭ︶︾ ᠶᠢ ᠪᠠᠲᠤᠯᠠᠪᠠ᠃ ᠲᠥᠰᠦᠯ ᠨᠢ ᠦᠨᠡᠲᠦ ᠲᠡᠮᠳᠡᠭᠲᠦ ᠶᠢᠨ ᠬᠠᠤᠯᠢ ᠵᠡᠷᠭᠡ ᠬᠤᠯᠪᠣᠭᠳᠠᠯ ᠪᠦᠬᠦᠢ ᠲᠣᠭᠲᠠᠭᠠᠯ ᠲᠠᠢ ᠵᠣᠯᠭᠠᠯᠳᠤᠭᠤᠯᠵᠤ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠤᠬᠠᠶ ᠶᠢᠨ ᠬᠥᠮᠦᠨ ᠤ ᠠᠮᠠᠯᠠᠯᠲᠠ ᠳᠤ ᠬᠠᠤᠯᠢ ᠶᠢ ᠵᠥᠷᠢᠴᠡᠭᠰᠡᠨ ᠰᠡᠵᠢᠭᠯᠡᠯᠲᠡᠶ ᠠᠵᠢᠯᠯᠠᠭ᠎ᠠ ᠶᠢ ᠵᠠᠯᠠᠷᠠᠭᠤᠯᠬᠤ᠂ ᠪᠡᠯᠡ ᠣᠷᠣᠭᠤᠯᠤᠭᠴᠢ ᠶᠢᠨ ᠬᠤᠬᠢᠷᠠᠯ ᠢ ᠲᠦᠯᠦᠬᠦ ᠵᠡᠷᠭᠡ ᠠᠷᠭ᠎ᠠ ᠬᠡᠮᠵᠢᠶ᠎ᠡ ᠠᠪᠬᠤ ᠲᠤᠬᠠᠶ ᠲᠣᠭᠲᠠᠭᠠᠯ ᠭᠠᠷᠭᠠᠵᠤ᠂ ᠠᠮᠠᠯᠠᠯᠲᠠ ᠪᠠᠨ ᠭᠦᠢᠴᠡᠳᠬᠡᠭᠰᠡᠨ ᠦᠭᠡᠢ ᠲᠤᠬᠠᠶ ᠶᠢᠨ ᠬᠥᠮᠦᠨ ᠳᠤ ᠬᠤᠯᠪᠣᠭᠠᠯᠠᠨ ᠵᠠᠯᠬᠠᠭᠠᠨ ᠴᠡᠭᠡᠷᠯᠡᠭᠦᠯᠬᠦ ᠶᠢ ᠬᠡᠷᠡᠭᠵᠢᠭᠦᠯᠵᠦ᠂ ᠵᠠᠬ᠎ᠠ ᠳᠡᠯᠭᠡᠭᠦᠷ ᠤᠨ ᠡᠮᠬᠢ ᠵᠢᠷᠤᠮ ᠢ ᠬᠠᠮᠠᠭᠠᠯᠠᠨ᠂ ᠴᠠᠭ ᠲᠤᠬᠠᠶ ᠳᠤ ᠨᠢ ᠬᠠᠤᠯᠢ ᠲᠣᠭᠲᠠᠭᠠᠯ ᠶᠣᠰᠣᠭᠠᠷ ᠪᠡᠯᠡ ᠣᠷᠣᠭᠤᠯᠤᠭᠴᠢ ᠶᠢᠨ ᠬᠤᠬᠢᠷᠠᠯ ᠳᠤ ᠵᠦᠢ ᠵᠣᠬᠢᠰᠲᠠᠶ ᠨᠥᠬᠦᠪᠥᠷᠢ ᠥᠭᠬᠦ ᠪᠠᠷ ᠲᠣᠭᠲᠠᠭᠠᠪᠠ᠃      ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃
 
ᠢᠷᠡᠯᠲᠡ᠄ ᠥᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号