ᠰᠢ ᠶᠢᠨ ᠫᠢᠩ ᠠᠮᠧᠷᠢᠺᠠ ᠶᠢᠨ ᠶᠡᠷᠦᠩᠬᠡᠶᠢᠯᠡᠭᠴᠢ ᠪᠠᠶᠢᠳᠧᠨ ᠲᠠᠢ ᠤᠲᠠᠰᠤ ᠪᠠᠷ ᠶᠠᠷᠢᠯᠴᠠᠪᠠ
ᠨᠡᠶᠢᠲᠡᠯᠡᠭᠰᠡᠨ ᠴᠠᠭ᠄
2021/9/14
       ᠰᠢᠨᠬᠤᠸᠠ ᠬᠤᠷᠢᠶᠠᠨ ᠤ ᠪᠡᠭᠡᠵᠢᠩ ᠤᠨ 9 ᠰᠠᠷ᠎ᠠ ᠶᠢᠨ 10      ᠤ ᠴᠠᠬᠢᠯᠭᠠᠨ ᠮᠡᠳᠡᠭᠡ  ᠤᠯᠤᠰ ᠤᠨ ᠲᠡᠷᠢᠭᠦᠯᠡᠭᠴᠢ ᠰᠢ ᠶᠢᠨ ᠫᠢᠩ 9 ᠰᠠᠷ᠎ᠠ ᠶᠢᠨ 10      ᠤ ᠦᠳᠡ ᠶᠢᠨ ᠡᠮᠦᠨ᠎ᠡ ᠪᠤᠯᠵᠤᠭ᠎ᠠ ᠪᠠᠷ ᠠᠮᠧᠷᠢᠺᠠ ᠶᠢᠨ ᠶᠡᠷᠦᠩᠬᠡᠶᠢᠯᠡᠭᠴᠢ ᠪᠠᠶᠢᠳᠧᠨ ᠲᠠᠢ ᠤᠲᠠᠰᠤ ᠪᠠᠷ ᠶᠠᠷᠢᠯᠴᠠᠵᠤ᠂ ᠳᠤᠮᠳᠠᠳᠤ ᠠᠮᠧᠷᠢᠺᠠ ᠶᠢᠨ ᠬᠠᠷᠢᠯᠴᠠᠭ᠎ᠠ ᠪᠣᠯᠤᠨ ᠬᠤᠶᠠᠷ ᠲᠠᠯ᠎ᠠ ᠶᠢᠨ ᠠᠩᠬᠠᠷᠴᠤ ᠪᠠᠶᠢᠭ᠎ᠠ ᠬᠤᠯᠪᠣᠭᠳᠠᠯ ᠪᠦᠬᠦᠢ ᠠᠰᠠᠭᠤᠳᠠᠯ ᠤᠨ ᠲᠤᠬᠠᠢ ᠦᠨᠡᠨᠴᠢ᠂ ᠭᠦᠨᠵᠡᠭᠡᠢ᠂ ᠥᠷᠭᠡᠨ ᠳᠡᠯᠭᠡᠷ ᠪᠠᠶᠢᠯᠳᠤᠬᠤ ᠪᠤᠳᠤᠯᠭ᠎ᠠ ᠶᠢᠨ ᠴᠢᠨᠠᠷᠲᠠᠢ ᠤᠯᠤᠯᠴᠠᠭ᠎ᠠ ᠪᠠ ᠰᠣᠯᠢᠯᠴᠠᠭ᠎ᠠ ᠬᠢᠵᠡᠢ᠃      ᠰᠢ ᠶᠢᠨ ᠫᠢᠩ ᠡᠩ ᠲᠡᠷᠢᠭᠦᠨ ᠳᠤ ᠠᠶᠤᠯᠳᠤ ᠰᠠᠯᠬᠢ ︽ᠠᠶᠢᠳᠠ︾ ᠠᠮᠧᠷᠢᠺᠠ ᠶᠢᠨ ᠤᠯᠠᠨ ᠭᠠᠵᠠᠷ ᠲᠤ ᠬᠥᠮᠦᠨ ᠬᠠᠷ᠎ᠠ ᠶᠢ ᠠᠲᠡᠬᠦᠯᠵᠥ ᠰᠢᠷᠬᠠᠳᠤᠭᠤᠯᠤᠭᠰᠠᠨ ᠪᠠ ᠡᠳ᠋ ᠬᠦᠷᠦᠩᠭᠡ ᠶᠢ ᠬᠤᠬᠢᠷᠠᠭᠤᠯᠤᠭᠰᠠᠨ ᠳᠤ ᠪᠠᠶᠢᠳᠧᠨ ᠪᠣᠯᠤᠨ ᠠᠮᠧᠷᠢᠺᠠ ᠶᠢᠨ ᠠᠷᠠᠳ ᠲᠦᠮᠡᠨ ᠢ ᠲᠣᠬᠤᠨᠢᠭᠤᠯᠵᠤ ᠪᠠᠶᠢᠬᠤ ᠪᠠᠨ ᠢᠯᠡᠳᠬᠡᠪᠡ᠃ ᠪᠠᠶᠢᠳᠧᠨ ᠡᠭᠦᠨ ᠳᠤ ᠲᠠᠯᠠᠷᠬᠠᠵᠤ ᠪᠠᠶᠢᠬᠤ ᠪᠠᠨ ᠢᠯᠡᠳᠬᠡᠪᠡ᠃      ᠰᠢ ᠶᠢᠨ ᠫᠢᠩ᠂ ᠬᠡᠰᠡᠭ ᠬᠤᠭᠤᠴᠠᠭᠠᠨ ᠤ ᠲᠤᠷᠰᠢ᠂ ᠠᠮᠧᠷᠢᠺᠠ ᠶᠢᠨ ᠳᠤᠮᠳᠠᠳᠤ ᠤᠯᠤᠰ ᠲᠤ ᠬᠠᠨᠳᠤᠭᠤᠯᠤᠭᠰᠠᠨ ᠲᠦᠷᠦ ᠶᠢᠨ ᠪᠤᠳᠤᠯᠭ᠎ᠠ ᠨᠢ ᠳᠤᠮᠳᠠᠳᠤ ᠠᠮᠧᠷᠢᠺᠠ ᠶᠢᠨ ᠬᠠᠷᠢᠯᠴᠠᠭ᠎ᠠ ᠶᠢ ᠬᠦᠨᠳᠦ ᠨᠣᠴᠢᠲᠠᠢ ᠬᠦᠴᠢᠷᠳᠡᠯ ᠳᠤ ᠤᠴᠠᠷᠠᠭᠤᠯᠵᠠᠢ᠂ ᠡᠨᠡ ᠨᠢ ᠬᠤᠶᠠᠷ ᠤᠯᠤᠰ ᠤᠨ ᠠᠷᠠᠳ ᠲᠦᠮᠡᠨ ᠤ ᠦᠨᠳᠦᠰᠦᠨ ᠠᠰᠢᠭ ᠲᠤᠰᠠ ᠪᠣᠯᠤᠨ ᠳᠡᠯᠡᠬᠡᠢ ᠶᠢᠨ ᠡᠯ᠎ᠡ ᠤᠯᠤᠰ ᠤᠨ ᠬᠠᠮᠲᠤ ᠶᠢᠨ ᠠᠰᠢᠭ ᠲᠤᠰᠠ ᠲᠠᠢ ᠨᠡᠶᠢᠴᠡᠬᠦ ᠦᠭᠡᠢ ᠶᠤᠮ᠃ ᠳᠤᠮᠳᠠᠳᠤ ᠠᠮᠧᠷᠢᠺᠠ ᠪᠣᠯ ᠲᠤᠰ ᠲᠤᠰ ᠬᠠᠮᠤᠭ ᠤᠨ ᠶᠡᠭᠡ ᠬᠥᠭᠵᠢᠵᠦ ᠪᠠᠶᠢᠭ᠎ᠠ ᠤᠯᠤᠰ ᠪᠠ ᠬᠠᠮᠤᠭ ᠤᠨ ᠶᠡᠭᠡ ᠬᠥᠭᠵᠢᠭᠰᠡᠨ ᠤᠯᠤᠰ ᠮᠥᠨ᠂ ᠳᠤᠮᠳᠠᠳᠤ ᠠᠮᠧᠷᠢᠺᠠ ᠬᠠᠷᠢᠯᠴᠠᠭ᠎ᠠ ᠪᠠᠨ ᠰᠠᠶᠢᠲᠤᠷ ᠰᠢᠢᠳᠪᠦᠷᠢᠯᠡᠵᠦ ᠴᠢᠳᠠᠬᠤ ᠡᠰᠡᠬᠦ ᠨᠢ ᠳᠡᠯᠡᠬᠡᠢ ᠶᠢᠨ ᠢᠷᠡᠭᠡᠳᠦᠢ ᠶᠢᠨ ᠬᠤᠪᠢ ᠵᠠᠶᠠᠭ᠎ᠠ ᠲᠠᠢ ᠬᠤᠯᠪᠣᠭᠳᠠᠵᠤ᠂ ᠬᠤᠶᠠᠷ ᠤᠯᠤᠰ ᠤᠨ ᠡᠷᠬᠡᠪᠰᠢ ᠰᠠᠶᠢᠲᠤᠷ ᠬᠠᠷᠢᠭᠤᠯᠬᠤ ᠴᠢᠬᠤᠯᠠᠳᠠᠢ ᠡᠷᠢᠨ ᠵᠠᠭᠤᠨ ᠤ ᠠᠰᠠᠭᠤᠯᠲᠠ ᠪᠣᠯᠤᠨ᠎ᠠ᠃ ᠳᠤᠮᠳᠠᠳᠤ ᠠᠮᠧᠷᠢᠺᠠ ᠬᠠᠮᠲᠤᠷᠠᠯᠴᠠᠪᠠᠯ ᠬᠤᠶᠠᠷ ᠤᠯᠤᠰ ᠪᠣᠯᠤᠨ ᠳᠡᠯᠡᠬᠡᠢ ᠳ᠋ᠠᠬᠢᠨ ᠴᠥᠮ ᠠᠰᠢᠭ ᠬᠦᠷᠳᠡᠨ᠎ᠠ︔ ᠳᠤᠮᠳᠠᠳᠤ ᠠᠮᠧᠷᠢᠺᠠ ᠡᠰᠡᠷᠭᠦᠴᠡᠯᠳᠦᠪᠡᠯ᠂ ᠬᠤᠶᠠᠷ ᠤᠯᠤᠰ ᠪᠠ ᠳᠡᠯᠡᠬᠡᠢ ᠶᠢᠷᠲᠢᠨᠴᠦ ᠴᠥᠮ ᠠᠶᠤᠯ ᠵᠤᠪᠠᠯᠠᠩ ᠳᠤ ᠤᠴᠠᠷᠠᠬᠤ ᠪᠣᠯᠤᠨ᠎ᠠ᠃ ᠳᠤᠮᠳᠠᠳᠤ ᠠᠮᠧᠷᠢᠺᠠ ᠶᠢᠨ ᠬᠠᠷᠢᠯᠴᠠᠭ᠎ᠠ ᠪᠣᠯ ᠰᠠᠶᠢᠨ ᠪᠤᠯᠭᠠᠬᠤ ᠡᠰᠡᠬᠦ ᠶᠢᠨ ᠰᠣᠩᠭᠤᠯᠲᠠ ᠶᠢᠨ ᠰᠡᠳᠦᠪ ᠪᠢᠰᠢ᠂ ᠬᠠᠷᠢᠨ ᠬᠡᠷᠬᠢᠨ ᠰᠠᠶᠢᠨ ᠪᠤᠯᠭᠠᠬᠤ ᠪᠤᠢ ᠭᠡᠰᠡᠨ ᠵᠠᠪᠠᠯ ᠬᠠᠷᠢᠭᠤᠯᠬᠤ ᠰᠡᠳᠦᠪ ᠮᠥᠨ ᠭᠡᠵᠤ ᠵᠢᠭᠠᠵᠤ ᠭᠠᠷᠭᠠᠵᠠᠢ᠃      ᠰᠢ ᠶᠢᠨ ᠫᠢᠩ᠂ ᠳᠤᠮᠳᠠᠳᠤ ᠤᠯᠤᠰ ᠤᠨ ᠡᠷᠲᠡᠨ ᠤ ᠰᠢᠯᠦᠭ ᠲᠤ᠄ ︽ᠠᠭᠤᠯᠠ ᠳᠠᠪᠬᠤᠷᠯᠠᠨ ᠤᠰᠤ ᠬᠦᠨᠳᠡᠯᠢᠰᠦᠨ ᠵᠠᠮ ᠮᠤᠬᠤᠷᠳᠠᠪᠠᠦ ᠬᠡᠮᠡᠳᠡᠯ᠎ᠡ᠂ ᠤᠳᠠ ᠬᠥᠬᠡᠷᠡᠨ ᠴᠡᠴᠡᠭ ᠤᠯᠠᠯᠵᠠᠵᠤ ᠨᠢᠭᠡᠨ ᠲᠣᠰᠬᠤ ᠬᠠᠷᠠᠭᠳᠠᠪᠠᠢ︾ ᠬᠡᠲᠡᠭ᠃ ᠳᠤᠮᠳᠠᠳᠤ ᠠᠮᠧᠷᠢᠺᠠ 1971 ᠣᠨ ᠳᠤ ᠬᠤᠶᠠᠷ ᠲᠠᠯ᠎ᠠ ᠶᠢᠨ ᠬᠠᠷᠢᠯᠴᠠᠭ᠎ᠠ ᠰᠠᠶᠢᠵᠢᠷᠠᠭᠰᠠᠨ ᠠᠴᠠ ᠨᠠᠭᠠᠰᠢ᠂ ᠭᠠᠷ ᠬᠤᠯᠪᠣᠨ ᠬᠠᠮᠲᠤᠷᠠᠯᠴᠠᠵᠤ᠂ ᠡᠯ᠎ᠡ ᠤᠯᠤᠰ ᠲᠤ ᠦᠨᠡᠨ ᠪᠣᠳᠠᠲᠠᠢ ᠠᠰᠢᠭ ᠬᠦᠷᠲᠡᠭᠡᠪᠡ᠃ ᠣᠳᠣᠬᠠᠨ ᠳᠤ᠂ ᠳᠡᠯᠡᠬᠡᠢ ᠨᠡᠶᠢᠭᠡᠮ ᠳᠤ ᠮᠠᠰᠢ ᠤᠯᠠᠨ ᠬᠠᠮᠲᠤ ᠶᠢᠨ ᠬᠦᠴᠢᠷ ᠠᠰᠠᠭᠤᠳᠠᠯ ᠲᠤᠯᠭᠠᠷᠠᠵᠤ ᠪᠠᠶᠢᠨ᠎ᠠ᠂ ᠳᠤᠮᠳᠠᠳᠤ ᠠᠮᠧᠷᠢᠺᠠ ᠲᠤᠮᠤ ᠪᠠᠶᠢᠷᠢᠰᠢᠯ ᠢ ᠢᠯᠡᠷᠡᠭᠦᠯᠵᠦ᠂ ᠶᠡᠭᠡ ᠡᠭᠦᠷᠭᠡᠯᠡᠯ ᠢ ᠡᠭᠦᠷᠭᠡᠯᠡᠵᠦ᠂ ᠤᠷᠤᠭᠰᠢ ᠪᠠᠨ ᠬᠠᠷᠠᠵᠤ ᠤᠷᠤᠬᠰᠢᠯᠡᠨ ᠶᠠᠪᠤᠬᠤ ᠶᠢ ᠪᠠᠷᠢᠮᠲᠠᠯᠠᠵᠤ᠂ ᠪᠠᠶᠢᠯᠳᠤᠬᠤ ᠪᠤᠳᠤᠯᠭ᠎ᠠ ᠪᠠ ᠤᠯᠤᠰ ᠲᠦᠷᠦ ᠶᠢᠨ ᠰᠥᠰᠥ ᠵᠤᠷᠢᠬ ᠢᠶᠠᠷ ᠳᠤᠮᠳᠠᠳᠤ ᠠᠮᠧᠷᠢᠺᠠ ᠶᠢᠨ ᠬᠠᠷᠢᠯᠴᠠᠭ᠎ᠠ ᠲᠣᠭᠲᠠᠭᠤᠨ ᠬᠥᠭᠵᠢᠯᠲᠡ ᠶᠢᠨ ᠵᠥᠪ ᠵᠠᠮ ᠳᠤ ᠲᠦᠷᠭᠡᠨ ᠪᠤᠴᠠᠬᠤ ᠶᠢ ᠠᠬᠢᠭᠤᠯᠵᠤ᠂ ᠬᠤᠶᠠᠷ ᠤᠯᠤᠰ ᠤᠨ ᠠᠷᠠᠳ ᠲᠦᠮᠡᠨ ᠪᠣᠯᠤᠨ ᠳᠡᠯᠡᠬᠡᠢ ᠶᠢᠨ ᠡᠯ᠎ᠡ ᠤᠯᠤᠰ ᠤᠨ ᠠᠷᠠᠳ ᠲᠦᠮᠡᠨ ᠳᠤ ᠨᠡᠩ ᠰᠠᠶᠢᠨ ᠪᠤᠶᠠᠨ ᠦᠢᠯᠡᠳᠪᠡᠯ ᠵᠣᠬᠢᠨ᠎ᠠ ᠭᠡᠵᠤ ᠴᠢᠬᠤᠯᠠᠴᠢᠯᠠᠵᠠᠢ᠃      ᠰᠢ ᠶᠢᠨ ᠫᠢᠩ ᠠᠭᠤᠷ ᠠᠮᠢᠰᠬᠤᠯ ᠤᠨ ᠬᠤᠪᠢᠷᠠᠯᠲᠠ ᠵᠡᠷᠭᠡ ᠠᠰᠠᠭᠤᠳᠠᠯ ᠤᠨ ᠲᠤᠬᠠᠢ ᠳᠤᠮᠳᠠᠳᠤ ᠤᠯᠤᠰ ᠤᠨ ᠵᠣᠭᠰᠣᠯᠲᠠ ᠶᠢ ᠲᠣᠳᠣᠷᠬᠠᠶᠢᠯᠠᠨ ᠥᠭᠦᠯᠡᠵᠦ᠂ ᠳᠤᠮᠳᠠᠳᠤ ᠤᠯᠤᠰ ᠠᠮᠢ ᠠᠬᠤᠢ ᠶᠢ ᠤᠷᠢᠳ ᠢᠶᠠᠷ ᠪᠣᠳᠣᠯᠬᠢᠯᠠᠬᠤ᠂ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠬᠥᠭᠵᠢᠯᠲᠡ ᠶᠢᠨ ᠵᠠᠮ ᠢᠶᠠᠷ ᠵᠠᠮᠨᠠᠬᠤ ᠶᠢ ᠪᠠᠷᠢᠮᠳᠠᠯᠠᠵᠤ᠂ ᠥᠪᠡᠷ ᠤᠨ ᠤᠯᠤᠰ ᠤᠨ ᠪᠠᠶᠢᠳᠠᠯ ᠲᠠᠢ ᠪᠠᠨ ᠵᠣᠬᠢᠴᠠᠭᠰᠠᠨ ᠤᠯᠠᠨ ᠤᠯᠤᠰ ᠤᠨ ᠬᠠᠷᠢᠭᠤᠴᠠᠯᠭ᠎ᠠ ᠶᠢ ᠢᠳᠡᠪᠬᠢᠲᠡᠢ ᠰᠠᠨᠠᠭᠠᠴᠢᠯᠠᠭ᠎ᠠ ᠠᠴᠠ ᠪᠠᠨ ᠡᠭᠦᠷᠭᠡᠯᠡᠭᠰᠡᠭᠡᠷ ᠢᠷᠡᠪᠡ᠃ ᠵᠥᠷᠢᠯᠳᠦᠭᠡᠨ ᠢᠶᠠᠨ ᠬᠠᠷᠢᠯᠴᠠᠨ ᠭᠤᠤᠯᠯᠠᠨ ᠠᠩᠬᠠᠷᠴᠤ᠂ ᠲᠣᠬᠢᠲᠠᠶ ᠬᠠᠮᠢᠶᠠᠷᠤᠨ ᠡᠵᠡᠮᠳᠡᠬᠦ ᠶᠢ ᠬᠦᠨᠳᠦᠳᠭᠡᠭᠰᠡᠨ ᠰᠠᠭᠤᠷᠢᠨ ᠳᠡᠭᠡᠷ᠎ᠡ᠂ ᠬᠤᠶᠠᠷ ᠤᠯᠤᠰ ᠤᠨ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠬᠢᠨ ᠦᠷᠭᠦᠯᠵᠢᠯᠡᠨ ᠶᠠᠷᠢᠯᠴᠠᠭ᠎ᠠ ᠬᠢᠵᠦ᠂ ᠠᠭᠤᠷ ᠠᠮᠢᠰᠬᠤᠯ ᠤᠨ ᠬᠤᠪᠢᠷᠠᠯᠲᠠ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ᠂ ᠠᠵᠤ ᠠᠬᠤᠶ ᠶᠢᠨ ᠰᠡᠷᠭᠦᠯᠲᠡ ᠵᠢᠴᠢ ᠳᠡᠯᠡᠬᠡᠶ ᠶᠢᠨ ᠪᠠ ᠭᠠᠵᠠᠷ ᠣᠷᠣᠨ ᠤ ᠴᠢᠬᠤᠯᠠ ᠶᠡᠭᠡ ᠠᠰᠠᠭᠤᠳᠠᠯ ᠤᠨ ᠲᠠᠯ᠎ᠠ ᠪᠠᠷ ᠬᠢ ᠵᠣᠬᠢᠴᠠᠭᠤᠯᠭ᠎ᠠ ᠪᠠ ᠬᠠᠮᠲᠤᠷᠠᠯᠴᠠᠭ᠎ᠠ ᠪᠠᠨ ᠠᠬᠢᠭᠤᠯᠬᠤ ᠶᠢᠨ ᠬᠠᠮᠲᠤ ᠨᠠᠩ ᠣᠯᠠᠨ ᠬᠠᠮᠲᠤᠷᠠᠯᠴᠠᠭᠠᠨ ᠤ ᠳᠠᠯᠳᠠ ᠬᠦᠴᠦᠨ ᠢ ᠠᠭᠤᠳᠠᠯᠵᠤ᠂ ᠬᠤᠶᠠᠷ ᠤᠯᠤᠰ ᠤᠨ ᠬᠠᠷᠢᠯᠴᠠᠭ᠎ᠠ ᠳᠤ ᠨᠠᠩ ᠣᠯᠠᠨ ᠢᠳᠡᠪᠬᠢᠲᠡᠶ ᠬᠦᠴᠦᠨ ᠵᠦᠢᠯ ᠨᠡᠮᠡᠷᠢᠯᠡᠵᠦ ᠪᠣᠯᠤᠨ᠎ᠠ ᠭᠡᠵᠤ ᠴᠢᠬᠤᠯᠠᠴᠢᠯᠠᠵᠠᠢ᠃      ᠪᠠᠶᠢᠳᠧᠨ᠂ ᠳᠡᠯᠡᠬᠡᠢ ᠳ᠋ᠡᠬᠢᠨ ᠶᠠᠭ ᠲᠦᠷᠭᠡᠨ ᠬᠤᠪᠢᠷᠠᠯᠲᠠ ᠶᠢ ᠥᠩᠭᠡᠷᠡᠭᠡᠵᠦ ᠪᠤᠢ᠂ ᠠᠮᠧᠷᠢᠺᠠ ᠳᠤᠮᠳᠠᠳᠤ ᠶᠢᠨ ᠬᠠᠷᠢᠯᠴᠠᠭ᠎ᠠ ᠪᠣᠯ ᠳᠡᠯᠡᠬᠡᠢ ᠳᠡᠭᠡᠷᠡᠬᠢ ᠬᠠᠮᠤᠭ ᠤᠨ ᠴᠢᠬᠤᠯᠠ ᠬᠤᠶᠠᠷ ᠲᠠᠯ᠎ᠠ ᠶᠢᠨ ᠬᠠᠷᠢᠯᠴᠠᠭ᠎ᠠ ᠪᠣᠯᠤᠨ᠎ᠠ᠂ ᠠᠮᠧᠷᠢᠺᠠ ᠳᠤᠮᠳᠠᠳᠤ ᠬᠡᠷᠬᠢᠨ ᠬᠠᠮᠲᠤᠷᠠᠯᠴᠠᠨ ᠶᠠᠪᠤᠯᠴᠠᠬᠤ ᠨᠢ ᠶᠡᠭᠡ ᠬᠡᠮᠵᠢᠶᠠᠨ ᠲᠡᠭᠡᠷ᠎ᠡ ᠳᠡᠯᠡᠬᠡᠢ ᠶᠢᠨ ᠢᠷᠡᠭᠡᠳᠦᠢ ᠶᠢ ᠨᠦᠯᠦᠭᠡᠯᠡᠨ᠎ᠠ᠃ ᠬᠤᠶᠠᠷ ᠤᠯᠤᠰ ᠥᠷᠢᠰᠥᠯᠳᠦᠭᠡᠨ ᠠᠴᠠ ᠪᠣᠯᠵᠤ ᠮᠥᠷᠭᠦᠯᠳᠦᠭᠡᠨ ᠤ ᠪᠠᠶᠢᠳᠠᠯ ᠳᠤ ᠣᠷᠣᠬᠤ ᠰᠢᠯᠲᠠᠭᠠᠨ ᠦᠭᠡᠢ᠃ ᠠᠮᠧᠷᠢᠺᠠ ᠶᠢᠨ ᠲᠠᠯ᠎ᠠ ᠶᠢᠨ ᠬᠢᠨ ᠨᠢᠭᠡ ᠳᠤᠮᠳᠠᠳᠤ ᠤᠯᠤᠰ ᠪᠠᠶᠢᠬᠤ ᠲᠦᠷᠦ ᠶᠢᠨ ᠪᠤᠳᠤᠯᠭ᠎ᠠ ᠶᠢ ᠶᠠᠷᠦ ᠠᠴᠠ ᠬᠤᠪᠢᠷᠠᠭᠤᠯᠬᠤ ᠰᠠᠨᠠᠭ᠎ᠠ ᠦᠭᠡᠢ᠃ ᠠᠮᠧᠷᠢᠺᠠ ᠶᠢᠨ ᠬᠢᠨ ᠳᠤᠷᠠᠲᠠᠶ᠎ᠠ ᠳᠤᠮᠳᠠᠳᠤ ᠶᠢᠨ ᠲᠠᠯ᠎ᠠ ᠲᠠᠢ ᠨᠡᠩ ᠤᠯᠠᠨ ᠦᠨᠡᠨᠴᠢ ᠰᠣᠯᠢᠯᠴᠠᠭ᠎ᠠ ᠪᠣᠯᠤᠨ ᠪᠦᠲᠦᠭᠡᠯᠴᠢ ᠴᠢᠨᠠᠷᠲᠠᠢ ᠶᠠᠷᠢᠯᠴᠠᠭ᠎ᠠ ᠥᠷᠨᠢᠭᠦᠯᠵᠦ᠂ ᠬᠤᠶᠠᠷ ᠲᠠᠯ᠎ᠠ ᠪᠠᠷ ᠢᠶᠠᠨ ᠬᠠᠮᠲᠤᠷᠠᠯᠴᠠᠭ᠎ᠠ ᠥᠷᠨᠢᠭᠦᠯᠵᠤ ᠪᠤᠯᠬᠤ ᠭᠤᠣᠯᠳᠠᠯᠭ᠎ᠠ ᠪᠣᠯᠤᠨ ᠤᠷᠢᠳ ᠢᠶᠠᠷ ᠪᠣᠳᠣᠯᠬᠢᠯᠠᠬᠤ ᠬᠦᠷᠢᠶ᠎ᠡ ᠶᠢ ᠲᠣᠭᠲᠠᠭᠠᠵᠤ᠂ ᠪᠤᠷᠤᠭᠤ ᠣᠶᠢᠯᠠᠭᠠᠯᠲᠠ ᠪᠤᠷᠤᠭᠤ ᠮᠠᠭᠠᠳᠯᠠᠯᠲᠠ ᠪᠣᠯᠤᠨ ᠰᠠᠨᠠᠭᠠᠨ ᠳᠤ ᠦᠭᠡᠢ ᠮᠥᠷᠭᠦᠯᠳᠦᠭᠡᠨ ᠡᠬᠦᠰᠬᠦ ᠠᠴᠠ ᠵᠠᠶᠢᠯᠠᠰᠬᠢᠵᠦ᠂ ᠠᠮᠧᠷᠢᠺᠠ ᠳᠤᠮᠳᠠᠳᠤ ᠶᠢᠨ ᠬᠠᠷᠢᠯᠴᠠᠭ᠎ᠠ ᠶᠢᠨ ᠲᠠᠬᠢᠨ ᠵᠥᠪ ᠵᠠᠮ ᠳᠤ ᠣᠷᠣᠬᠤ ᠶᠢ ᠠᠬᠢᠭᠤᠯᠤᠨ᠎ᠠ᠃ ᠠᠮᠧᠷᠢᠺᠠ ᠶᠢᠨ ᠬᠢᠨ ᠳᠤᠮᠳᠠᠳᠤ ᠤᠯᠤᠰ ᠯᠤᠭ᠎ᠠ ᠠᠭᠤᠷ ᠠᠮᠢᠰᠬᠤᠯ ᠤᠨ ᠬᠤᠪᠢᠷᠠᠯᠲᠠ ᠵᠡᠷᠭᠡ ᠴᠢᠬᠤᠯᠠ ᠠᠰᠠᠭᠤᠳᠠᠯ ᠤᠨ ᠲᠤᠬᠠᠢ ᠤᠯᠤᠯᠴᠠᠭ᠎ᠠ ᠬᠠᠮᠲᠤᠷᠠᠯᠴᠠᠭ᠎ᠠ ᠪᠠᠨ ᠴᠢᠩᠭᠠᠳᠬᠠᠵᠤ᠂ ᠨᠡᠩ ᠤᠯᠠᠨ ᠬᠠᠮᠲᠤ ᠶᠢᠨ ᠲᠠᠨᠢᠯᠲᠠ ᠲᠠᠢ ᠪᠣᠯᠬᠤ ᠶᠢ ᠬᠦᠰᠡᠵᠦ ᠪᠠᠶᠢᠨ᠎ᠠ ᠭᠡᠵᠦ ᠢᠯᠡᠳᠬᠡᠪᠡ᠃      ᠬᠤᠶᠠᠷ ᠲᠠᠯ᠎ᠠ ᠪᠠᠷ ᠢᠶᠠᠨ᠂ ᠳᠤᠮᠳᠠᠳᠤ ᠠᠮᠧᠷᠢᠺᠠ ᠶᠢᠨ ᠤᠯᠤᠰ ᠤᠨ ᠲᠡᠷᠢᠭᠦᠨ ᠳᠤᠮᠳᠠᠳᠤ ᠠᠮᠧᠷᠢᠺᠠ ᠶᠢᠨ ᠬᠠᠷᠢᠯᠴᠠᠭ᠎ᠠ ᠪᠣᠯᠤᠨ ᠴᠢᠬᠤᠯᠠ ᠶᠡᠭᠡ ᠤᠯᠠᠨ ᠤᠯᠤᠰ ᠤᠨ ᠠᠰᠠᠭᠤᠳᠠᠯ ᠤᠨ ᠲᠤᠬᠠᠢ ᠭᠦᠨᠵᠡᠭᠡᠢ ᠤᠯᠤᠯᠴᠠᠬᠤ ᠨᠢ ᠳᠤᠮᠳᠠᠳᠤ ᠠᠮᠧᠷᠢᠺᠠ ᠶᠢᠨ ᠬᠠᠷᠢᠯᠴᠠᠭ᠎ᠠ ᠶᠢᠨ ᠵᠥᠪ ᠬᠥᠭᠵᠢᠯᠲᠡ ᠶᠢ ᠬᠦᠳᠦᠯᠥᠨ ᠳᠠᠭᠠᠭᠤᠯᠬᠤ ᠳᠤ ᠲᠦᠢᠯ ᠤᠨ ᠴᠢᠬᠤᠯᠠ ᠶᠤᠮ ᠭᠡᠵᠦ ᠰᠠᠨᠠᠯ ᠨᠢᠭᠡᠲᠡᠢ ᠦᠵᠡᠵᠦ᠂ ᠦᠷᠭᠦᠯᠵᠢᠯᠡᠨ ᠤᠯᠠᠨ ᠵᠦᠢᠯ ᠤᠨ ᠬᠡᠯᠪᠡᠷᠢ ᠪᠠᠷ ᠪᠠᠶᠢᠩᠭᠤ ᠶᠢᠨ ᠴᠢᠨᠠᠷᠲᠠᠢ ᠬᠠᠷᠢᠯᠴᠠᠭ᠎ᠠ ᠪᠠᠨ ᠪᠠᠲᠤᠯᠠᠬᠤ ᠶᠢ ᠵᠥᠪᠰᠢᠶᠡᠷᠡᠵᠦ᠂ ᠬᠤᠶᠠᠷ ᠲᠠᠯ᠎ᠠ ᠶᠢᠨ ᠠᠵᠢᠯ ᠤᠨ ᠳᠠᠪᠬᠤᠷᠭ᠎ᠠ ᠶᠢᠨ ᠬᠢᠨ ᠱᠠᠯᠠᠪᠳᠠᠨ ᠠᠵᠢᠯᠯᠠᠵᠤ᠂ ᠥᠷᠭᠡᠨ ᠢᠶᠠᠷ ᠶᠠᠷᠢᠯᠴᠠᠵᠤ᠂ ᠳᠤᠮᠳᠠᠳᠤ ᠠᠮᠧᠷᠢᠺᠠ ᠶᠢᠨ ᠬᠠᠷᠢᠯᠴᠠᠭ᠎ᠠ ᠶᠢᠨ ᠤᠷᠤᠬᠰᠢ ᠬᠥᠭᠵᠢᠬᠦ ᠳᠤ ᠨᠥᠬᠦᠴᠡᠯ ᠪᠦᠷᠢᠯᠳᠦᠭᠦᠯᠵᠦ ᠥᠭᠬᠦ ᠶᠢ ᠲᠠᠭᠠᠭᠠᠯᠭᠠᠪᠠ᠃
 
ᠢᠷᠡᠯᠲᠡ᠄ ᠥᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号