ᠡᠷᠬᠡ ᠰᠦᠷᠲᠦ ᠨᠡᠶᠢᠲᠡᠯᠡᠯ︕ ᠨᠠᠢᠮᠠᠨ ᠰᠠᠷ᠎ᠠ ᠶᠢᠨ ᠲᠡᠷᠭᠡᠯ ᠪᠠᠶᠠᠷ᠂ ᠤᠯᠤᠰ ᠤᠨ ᠪᠠᠶᠠᠷ ᠤᠨ ᠠᠮᠠᠷᠠᠯᠲᠠ ᠳᠤ ᠬᠦᠮᠦᠨ ᠠᠷᠠᠳ ᠴᠤᠭᠯᠠᠷᠠᠵᠤ ᠨᠡᠶᠢᠯᠡᠯᠳᠦᠬᠦ ᠶᠢ ᠰᠠᠨᠠᠭᠠᠴᠢᠯᠠᠬᠤ ᠦᠭᠡᠶ᠂ ᠬᠤᠶᠠᠷ ᠺᠣᠳ᠋ ᠢ ᠬᠠᠮᠲᠤᠷᠠᠨ ᠪᠠᠶᠢᠴᠠᠭᠠᠬᠤ ᠪᠠ ᠠᠯᠪᠠᠳᠠᠯᠭ᠎ᠠ ᠶᠢᠨ ᠴᠢᠨᠠᠷᠲᠠᠶ ᠲᠠᠷᠢᠯᠭ᠎ᠠ ᠲᠠᠷᠢᠬᠤ ᠶᠢ ᠬᠠᠪᠰᠤᠷᠭᠠᠬᠤ ᠶᠢ ᠡᠷᠡᠰ ᠬᠤᠷᠢᠭᠯᠠᠨ᠎ᠠ ᠁
ᠨᠡᠶᠢᠲᠡᠯᠡᠭᠰᠡᠨ ᠴᠠᠭ᠄
2021/9/14
        ᠲᠦᠷᠦ ᠶᠢᠨ ᠶᠠᠪᠤᠳᠠᠯ ᠤᠨ ᠬᠤᠷᠢᠶᠠᠨ ᠤ ᠬᠤᠯᠪᠤᠭᠠᠯᠠᠨ ᠰᠡᠷᠭᠡᠶᠢᠯᠡᠵᠦ ᠬᠤᠯᠪᠤᠭᠠᠯᠠᠨ ᠡᠵᠡᠮᠳᠡᠬᠦ ᠲᠣᠭᠲᠠᠴᠠ 9 ᠳ᠋ᠦ᠋ᠭᠡᠷ ᠰᠠᠷ᠎ᠠ ᠶᠢᠨ 7      ᠤ ᠡᠳᠦᠷ ᠤᠨ ᠦᠳᠡ ᠶᠢᠨ ᠬᠤᠶᠢᠨ᠎ᠠ ᠰᠣᠨᠢᠨ ᠮᠡᠳᠡᠭᠡ ᠨᠡᠶᠢᠲᠡᠯᠡᠬᠦ ᠬᠤᠷᠠᠯ ᠬᠢᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠸᠠᠺᠼᠢᠨ ᠤ ᠲᠠᠷᠢᠯᠭ᠎ᠠ ᠶᠢ ᠤᠯᠠᠮ ᠨᠢᠭᠡ ᠠᠯᠬᠤᠮ ᠰᠠᠶᠢᠲᠤᠷ ᠬᠢᠬᠦ ᠲᠤᠬᠠᠢ ᠬᠤᠯᠪᠣᠭᠳᠠᠯ ᠪᠥᠬᠦᠶ ᠪᠠᠶᠢᠳᠠᠯ ᠢ ᠲᠠᠨᠢᠯᠴᠠᠭᠤᠯᠪᠠ᠃ ᠰᠣᠨᠢᠨ ᠮᠡᠳᠡᠭᠡ ᠨᠡᠶᠢᠲᠡᠯᠡᠬᠦ ᠬᠤᠷᠠᠯ ᠳᠡᠭᠡᠷᠡᠬᠢ ᠶᠠᠮᠠᠷ ᠶᠠᠮᠠᠷ ᠮᠡᠳᠡᠭᠡ ᠵᠠᠩᠭᠢ ᠶᠢ ᠠᠩᠬᠠᠷᠤᠭᠤᠰᠢᠲᠠᠶ ᠪᠤᠶ︖ ᠬᠠᠮᠲᠤ ᠪᠠᠷ ᠦᠵᠡᠶ᠎ᠡ       ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ       ᠪᠥᠬᠦ ᠤᠯᠤᠰ ᠲᠤ ᠦᠨᠳᠦᠷ ᠲᠦᠭᠰᠢᠭᠦᠷᠢᠲᠡᠢ ᠭᠠᠵᠠᠷ ᠣᠷᠣᠨ ᠦᠭᠡᠢ ᠪᠣᠯᠵᠤ᠂ ᠳᠤᠮᠳᠠ ᠲᠦᠭᠰᠢᠭᠦᠷᠢᠲᠡᠢ ᠭᠠᠵᠠᠷ ᠣᠷᠣᠨ 3 ᠪᠣᠯᠵᠤ ᠪᠠᠭᠤᠷᠠᠪᠠ      ᠦᠨᠦ ᠪᠣᠯᠬᠤ ᠳᠤ᠂ ᠪᠥᠬᠦ ᠤᠯᠤᠰ ᠲᠤ ᠦᠨᠳᠦᠷ ᠲᠦᠭᠰᠢᠭᠦᠷᠢᠲᠡᠢ ᠭᠠᠵᠠᠷ ᠣᠷᠣᠨ ᠦᠭᠡᠢ ᠪᠣᠯᠵᠤ᠂ ᠳᠤᠮᠳᠠ ᠲᠦᠭᠰᠢᠭᠦᠷᠢᠲᠡᠢ ᠭᠠᠵᠠᠷ ᠣᠷᠣᠨ 3 ᠪᠣᠯᠵᠤ ᠪᠠᠭᠤᠷᠠᠪᠠ᠃ ︽ᠭᠠᠳᠠᠭᠠᠳᠤ ᠠᠴᠠ ᠣᠷᠤᠵᠤ ᠢᠷᠡᠬᠦ ᠶᠢ ᠰᠡᠷᠭᠡᠶᠢᠯᠡᠬᠦ᠂ ᠳᠣᠲᠣᠭᠠᠳᠤ ᠳᠤ ᠪᠠᠨ ᠲᠠᠷᠬᠠᠬᠤ ᠶᠢ ᠰᠡᠷᠭᠡᠶᠢᠯᠡᠬᠦ︾ ᠪᠣᠯ ᠮᠥᠨ ᠬᠦ ᠣᠳᠣᠬᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠢᠨ ᠭᠤᠤᠯᠳᠠᠯᠭ᠎ᠠ ᠶᠢᠨ ᠳᠣᠲᠣᠷᠠᠬᠢ ᠭᠤᠤᠯᠳᠠᠯᠭ᠎ᠠ ᠪᠣᠯᠤᠨ᠎ᠠ᠂ ᠦᠨᠳᠦᠷ ᠲᠦᠭᠰᠢᠭᠦᠷᠢᠲᠡᠢ ᠠᠵᠢᠯᠲᠠᠨ ᠳᠤ ᠬᠤᠪᠢ ᠬᠥᠮᠦᠨ ᠤ ᠰᠡᠷᠭᠡᠶᠢᠯᠡᠨ ᠬᠠᠮᠠᠭᠠᠯᠠᠬᠤ ᠱᠠᠭᠠᠷᠳᠠᠯᠭ᠎ᠠ ᠪᠠ ᠪᠢᠲᠡᠭᠦᠮᠵᠢᠯᠡᠭᠰᠡᠨ ᠬᠠᠮᠢᠶᠠᠷᠤᠯᠲᠠ ᠶᠢ ᠴᠢᠩᠭ᠎ᠠ ᠨᠠᠶᠢᠳᠠᠪᠤᠷᠢᠵᠢᠭᠤᠯᠵᠤ᠂ ᠦᠨᠳᠦᠷ ᠲᠦᠭᠰᠢᠭᠦᠷᠢᠲᠡᠢ ᠣᠷᠴᠢᠨ ᠲᠣᠭᠤᠷᠢᠨ ᠪᠠ ᠡᠳ᠋ ᠪᠣᠳᠠᠰ ᠢ ᠴᠢᠩᠭ᠎ᠠ ᠠᠷᠢᠭᠤᠳᠬᠠᠵᠤ᠂ ᠪᠢᠲᠡᠭᠦᠮᠵᠢᠯᠡᠯᠲᠡ ᠬᠠᠮᠢᠶᠠᠷᠤᠯᠲᠠ ᠶᠢ ᠡᠷᠡᠰ ᠪᠡᠶᠡᠯᠡᠭᠦᠯᠬᠦ ᠬᠡᠷᠡᠭᠲᠡᠶ᠃ ᠰᠢᠨ᠎ᠡ ᠲᠢᠲᠢᠮᠯᠢᠭ ᠸᠢᠷᠦ᠋ᠰ ᠤᠨ ᠸᠠᠺᠼᠢᠨ ᠤ ᠲᠠᠷᠢᠯᠭ᠎ᠠ ᠶᠢᠨ ᠠᠵᠢᠯ ᠢ ᠦᠷᠭᠦᠯᠵᠢᠯᠡᠨ ᠠᠬᠢᠭᠤᠯᠬᠤ ᠬᠡᠷᠡᠭᠲᠡᠶ᠃       ᠨᠠᠢᠮᠠᠨ ᠰᠠᠷ᠎ᠠ ᠶᠢᠨ ᠲᠡᠷᠭᠡᠯ ᠪᠠᠶᠠᠷ᠂ ᠤᠯᠤᠰ ᠤᠨ ᠪᠠᠶᠠᠷ ᠤᠨ ᠠᠮᠠᠷᠠᠯᠲᠠ ᠳᠤ ᠬᠦᠮᠦᠨ ᠠᠷᠠᠳ ᠴᠤᠭᠯᠠᠷᠠᠵᠤ ᠨᠡᠶᠢᠯᠡᠯᠳᠦᠬᠦ ᠶᠢ ᠰᠠᠨᠠᠭᠠᠴᠢᠯᠠᠬᠤ ᠦᠭᠡᠢ      ᠨᠠᠢᠮᠠᠨ ᠰᠠᠷ᠎ᠠ ᠶᠢᠨ ᠲᠡᠷᠭᠡᠯ ᠪᠠᠶᠠᠷ᠂ ᠤᠯᠤᠰ ᠤᠨ ᠪᠠᠶᠠᠷ ᠤᠨ ᠠᠮᠠᠷᠠᠯᠲᠠ ᠤᠳᠠᠯ ᠦᠭᠡᠶ ᠬᠦᠷᠴᠦ ᠢᠷᠡᠬᠦ ᠭᠡᠵᠦ ᠪᠠᠶᠢᠨ᠎ᠠ᠂ ᠬᠥᠮᠦᠰ ᠭᠠᠳᠠᠭᠰᠢ ᠭᠠᠷᠬᠤ ᠳᠤ ᠪᠠᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠨᠡ ᠬᠦ ᠬᠥᠪᠴᠢ ᠪᠠᠨ ᠮᠥᠨ ᠬᠦ ᠴᠢᠩᠭᠠᠷᠠᠭᠤᠯᠵᠤ᠂ ᠵᠣᠬᠢᠬᠤ ᠬᠡᠮᠵᠢᠶᠡᠨ ᠤ ᠰᠣᠨᠣᠷ ᠰᠡᠷᠡᠮᠵᠢ ᠲᠠᠢ ᠪᠠᠶᠢᠬᠤ ᠬᠡᠷᠡᠭᠲᠡᠶ᠃ ᠠᠮᠠᠷᠠᠯᠲᠠ ᠶᠢᠨ ᠬᠤᠭᠤᠴᠠᠭᠠᠨ ᠳᠤ ᠴᠤᠭᠯᠠᠷᠠᠵᠤ ᠨᠡᠶᠢᠯᠡᠯᠳᠦᠬᠦ ᠶᠢ ᠰᠠᠨᠠᠭᠠᠴᠢᠯᠠᠬᠤ ᠦᠭᠡᠢ᠂ ᠢᠯᠠᠩᠭᠤᠶ᠎ᠠ ᠶᠡᠭᠡ ᠬᠡᠪᠴᠢᠶ᠎ᠡ ᠪᠠᠷ ᠴᠤᠭᠯᠠᠷᠠᠬᠤ ᠶᠢ ᠵᠥᠪᠰᠢᠶᠡᠷᠡᠬᠦ ᠦᠭᠡᠢ᠃ ᠬᠥᠮᠦᠰ ᠭᠠᠳᠠᠭᠰᠢ ᠭᠠᠷᠬᠤ ᠠᠴᠠ ᠪᠠᠨ ᠡᠮᠦᠨ᠎ᠡ᠂ ᠵᠣᠷᠢᠭᠰᠠᠨ ᠭᠠᠵᠠᠷ ᠲᠤ ᠪᠠᠨ ᠣᠴᠢᠬᠤ ᠳᠤ ᠪᠠᠨ ᠵᠣᠷᠢᠭᠰᠠᠨ ᠭᠠᠵᠠᠷ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠳᠡᠰ ᠢ ᠣᠶᠢᠯᠠᠭᠠᠬᠤ ᠬᠡᠷᠡᠭᠲᠡᠶ᠂ ᠬᠡᠷᠪᠡ ᠳᠤᠮᠳᠠ ᠦᠨᠳᠦᠷ ᠲᠦᠭᠰᠢᠭᠦᠷᠢᠲᠡᠢ ᠭᠠᠵᠠᠷ ᠣᠷᠣᠨ ᠪᠣᠯ ᠣᠴᠢᠵᠤ ᠪᠣᠯᠬᠤ ᠦᠭᠡᠶ᠂ ᠬᠡᠷᠪᠡ ᠲᠠᠨ ᠤ ᠪᠠᠶᠢᠭ᠎ᠠ ᠭᠠᠵᠠᠷ ᠳᠤᠮᠳᠠ ᠦᠨᠳᠦᠷ ᠲᠦᠭᠰᠢᠭᠦᠷᠢᠲᠡᠢ ᠭᠠᠵᠠᠷ ᠣᠷᠣᠨ ᠮᠥᠨ ᠪᠣᠯ ᠪᠠᠰᠠ ᠭᠠᠳᠠᠭᠰᠢ ᠭᠠᠷᠴᠤ ᠪᠣᠯᠬᠤ ᠦᠭᠡᠶ᠃ ᠭᠠᠳᠠᠭᠰᠢ ᠭᠠᠷᠬᠤ ᠳᠤ ᠪᠠᠨ ᠠᠮᠠᠪᠴᠢ ᠵᠡᠭᠦᠬᠦ᠂ ᠭᠠᠷ ᠢᠶᠠᠨ ᠰᠠᠶᠢᠲᠤᠷ ᠤᠬᠢᠶᠠᠬᠤ᠂ ᠭᠠᠷ ᠤᠨ ᠠᠷᠢᠭᠤᠨ ᠴᠡᠪᠡᠷ ᠢ ᠪᠠᠲᠤᠯᠠᠬᠤ᠂ ᠨᠡᠶᠢᠭᠡᠮ ᠤᠨ ᠬᠠᠷᠢᠯᠴᠠᠭᠠᠨ ᠤ ᠵᠠᠶ ᠶᠢ ᠪᠠᠲᠤᠯᠠᠬᠤ ᠂ ᠪᠦᠭᠡᠮᠨᠡᠷᠡᠬᠦ ᠥᠬᠡᠶ᠂ ᠴᠤᠭᠯᠠᠷᠠᠬᠤ ᠥᠬᠡᠶ ᠪᠠᠶᠢᠬᠤ ᠶᠢ ᠪᠠᠭᠲᠠᠭᠠᠭᠰᠠᠨ ᠬᠤᠪᠢ ᠬᠥᠮᠦᠨ ᠤ ᠬᠠᠮᠠᠭᠠᠯᠠᠯᠲᠠ ᠶᠢ ᠰᠠᠶᠢᠲᠤᠷ ᠬᠢᠬᠦ ᠨᠢ ᠲᠦᠢᠯ ᠤᠨ ᠴᠢᠬᠤᠯᠠ ᠶᠤᠮ᠃        ᠠᠰᠠᠭᠤᠨ ᠯᠠᠪᠯᠠᠬᠤ ᠦᠢᠯᠡᠴᠢᠯᠡᠭᠡ       ᠭᠠᠳᠠᠭᠰᠢ ᠭᠠᠷᠬᠤ ᠶᠢ ᠨᠢᠭᠡ ᠯᠡ ᠳᠠᠷᠤᠪᠴᠢ ᠪᠠᠷ ᠪᠠᠶᠢᠴᠠᠭᠠᠬᠤ ᠲᠦᠷᠦ ᠶᠢᠨ ᠪᠣᠳᠤᠯᠭ᠎ᠠ       ᠸᠠᠺᠼᠢᠨ ᠤ ᠲᠠᠷᠢᠯᠭ᠎ᠠ       ᠬᠤᠶᠠᠷ ᠺᠣᠳ᠋ ᠢ ᠬᠠᠮᠲᠤᠷᠠᠨ ᠪᠠᠶᠢᠴᠠᠭᠠᠬᠤ ᠪᠠ ᠠᠯᠪᠠᠳᠠᠯᠭ᠎ᠠ ᠶᠢᠨ ᠴᠢᠨᠠᠷᠲᠠᠶ ᠲᠠᠷᠢᠯᠭ᠎ᠠ ᠲᠠᠷᠢᠬᠤ ᠶᠢ ᠬᠠᠪᠰᠤᠷᠭᠠᠬᠤ ᠶᠢ ᠡᠷᠡᠰ ᠬᠤᠷᠢᠭᠯᠠᠨ᠎ᠠ      ᠣᠶᠢᠷ᠎ᠠ ᠳᠤ᠂ ᠵᠠᠷᠢᠮ ᠭᠠᠵᠠᠷ ᠣᠷᠣᠨ ᠸᠠᠺᠼᠢᠨ ᠤ ᠲᠠᠷᠢᠯᠭ᠎ᠠ ᠶᠢ ᠲᠦᠷᠭᠡᠳᠬᠡᠬᠦ ᠶᠢᠨ ᠲᠥᠯᠥᠭᠡ ᠵᠠᠷᠢᠮ ᠬᠢᠵᠠᠭᠠᠷᠯᠠᠬᠤ ᠴᠢᠨᠠᠷᠲᠠᠶ ᠠᠷᠭ᠎ᠠ ᠬᠡᠮᠵᠢᠶ᠎ᠡ ᠠᠪᠴᠤ ᠪᠠᠶᠢᠨ᠎ᠠ᠂ ᠡᠲᠡᠭᠡᠷ ᠠᠷᠭ᠎ᠠ ᠬᠢᠳᠡᠯ ᠨᠢ ᠲᠠᠷᠢᠯᠭ᠎ᠠ ᠶᠢᠨ ᠵᠠᠷᠴᠢᠮ ᠢ ᠵᠥᠷᠢᠴᠡᠭᠰᠡᠨ ᠪᠥᠭᠡᠳ ᠣᠯᠠᠨ ᠲᠦᠮᠡᠨ ᠳᠤ ᠴᠦ ᠲᠦᠪᠡᠭᠲᠡᠢ ᠪᠣᠯᠭᠠᠵᠠᠶ᠃ ᠡᠶᠢᠮᠦᠷᠬᠦᠦ ᠪᠠᠶᠢᠳᠠᠯ ᠳᠤ ᠴᠢᠭᠯᠡᠭᠦᠯᠦᠨ᠂ ᠲᠥᠷᠥ ᠶᠢᠨ ᠶᠠᠪᠤᠳᠠᠯ ᠤᠨ ᠬᠤᠷᠢᠶᠠᠨ ᠤ ᠬᠤᠯᠪᠤᠭᠠᠯᠠᠨ ᠰᠡᠷᠭᠡᠶᠢᠯᠡᠵᠦ ᠬᠤᠯᠪᠤᠭᠠᠯᠠᠨ ᠡᠵᠡᠮᠳᠡᠬᠦ ᠲᠣᠭᠲᠠᠴᠠ ᠶᠢᠨ ᠶᠡᠷᠦᠩᠬᠡᠶᠢᠯᠡᠭᠰᠡᠨ ᠳᠤᠭᠤᠶᠢᠯᠠᠩ ᠨᠢᠭᠡᠨᠲᠡ ᠲᠤᠰᠬᠠᠶ ᠸᠢᠳᠢᠤ᠋ ᠬᠤᠷᠠᠯ ᠬᠢᠵᠦ᠂ ᠡᠯ᠎ᠡ ᠭᠠᠵᠠᠷ ᠲᠤ ᠡᠶᠢᠮᠦᠷᠬᠦᠦ ᠦᠵᠡᠭᠳᠡᠯ ᠢ ᠴᠠᠭ ᠲᠤᠬᠠᠶ ᠳᠤ ᠨᠢ ᠵᠠᠯᠠᠷᠠᠭᠤᠯᠬᠤ ᠬᠡᠷᠡᠭᠲᠡᠶ ᠭᠡᠵᠦ ᠱᠠᠭᠠᠷᠳᠠᠪᠠ᠃ ᠪᠠᠶᠢᠳᠠᠯ ᠢ ᠮᠡᠳᠡᠬᠦ᠂ ᠵᠥᠪᠰᠢᠶᠡᠷᠡᠬᠦ ᠂ ᠰᠠᠶᠢᠨ ᠳᠤᠷ᠎ᠠ ᠶᠢᠨ ᠪᠠᠶᠢᠬᠤ ᠪᠠ ᠦᠨᠡᠨ ᠠᠴᠠ ᠵᠥᠪ ᠢ ᠡᠷᠢᠬᠦ ᠵᠠᠷᠴᠢᠮ ᠢᠶᠠᠷ ᠰᠢᠨ᠎ᠡ ᠲᠢᠲᠢᠮᠯᠢᠭ ᠸᠢᠷᠦ᠋ᠰ ᠤᠨ ᠸᠠᠺᠼᠢᠨ ᠤ ᠲᠠᠷᠢᠯᠭ᠎ᠠ ᠶᠢ ᠥᠷᠨᠢᠭᠦᠯᠬᠦ ᠶᠢᠨ ᠬᠠᠮᠲᠤ ᠲᠠᠷᠢᠯᠭ᠎ᠠ ᠶᠢᠨ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠲᠣᠭᠲᠠᠭᠠᠬᠤ ᠳᠤ ᠪᠠᠨ ᠡᠷᠬᠡᠪᠰᠢ ᠬᠢᠨᠠᠮᠠᠭᠠᠶ ᠪᠣᠯᠭᠤᠮᠵᠢᠲᠠᠶ ᠪᠠᠶᠢᠵᠤ᠂ ᠬᠢᠨᠠᠮᠠᠭᠠᠶ ᠦᠨᠡᠯᠡᠨ ᠵᠢᠱᠢᠵᠦ᠂ ᠬᠠᠤᠯᠢ ᠲᠣᠭᠲᠠᠭᠠᠯ ᠶᠣᠰᠣᠭᠠᠷ᠂ ᠠᠮᠤᠷ ᠲᠦᠪᠰᠢᠨ ᠤ ᠬᠤᠷᠢᠭ᠎ᠠ ᠱᠤᠭᠤᠮ ᠢ ᠴᠢᠩᠭ᠎ᠠ ᠰᠠᠬᠢᠬᠤ ᠶᠢ ᠪᠠᠲᠤᠯᠠᠬᠤ ᠬᠡᠷᠡᠭᠲᠡᠶ ᠭᠡᠵᠦ ᠴᠢᠬᠤᠯᠠᠴᠢᠯᠠᠵᠠᠶ᠃ ᠡᠭᠦᠨ ᠠᠴᠠ ᠭᠠᠳᠠᠨ᠎ᠠ᠂ ᠣᠶᠢᠷ᠎ᠠ ᠶᠢᠨ ᠬᠤᠭᠤᠴᠠᠭᠠᠨ ᠳᠤ ᠬᠡᠰᠡᠭ ᠭᠠᠵᠠᠷ ᠣᠷᠣᠨ ᠳᠤ ᠡᠷᠡᠭᠦᠯ ᠮᠡᠨᠳᠦ ᠶᠢᠨ ᠺᠣᠳ᠋᠂ ᠲᠠᠷᠢᠯᠭ᠎ᠠ ᠶᠢᠨ ᠺᠣᠳ᠋ ᠤᠨ ᠬᠤᠶᠠᠷ ᠺᠣᠳ᠋ ᠢ ᠬᠠᠮᠲᠤᠷᠠᠨ ᠪᠠᠶᠢᠴᠠᠭᠠᠬᠤ ᠠᠷᠭ᠎ᠠ ᠬᠡᠮᠵᠢᠶ᠎ᠡ ᠶᠢ ᠬᠡᠷᠡᠭᠵᠢᠭᠦᠯᠵᠦ ᠪᠤᠢ᠂ ᠲᠠᠷᠠᠭᠠᠴᠢ ᠶᠢᠨ ᠠᠯᠬᠤᠮ ᠳᠤ᠂ ᠤᠯᠤᠰ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠠᠴᠠ ᠡᠯ᠎ᠡ ᠭᠠᠵᠠᠷ ᠢ ᠵᠢᠯᠣᠭᠤᠳᠴᠤ ᠪᠠᠶᠢᠭᠠᠳ ᠬᠤᠶᠠᠷ ᠺᠣᠳ᠋ ᠢ ᠬᠠᠮᠲᠤᠷᠠᠨ ᠪᠠᠶᠢᠴᠠᠭᠠᠬᠤ ᠠᠷᠭ᠎ᠠ ᠬᠡᠮᠵᠢᠶ᠎ᠡ ᠶᠢ ᠰᠠᠶᠢᠲᠤᠷ ᠬᠡᠷᠡᠭᠯᠡᠭᠦᠯᠵᠦ᠂ ᠬᠤᠶᠠᠷ ᠺᠣᠳ᠋ ᠢ ᠬᠠᠮᠲᠤᠷᠠᠨ ᠪᠠᠶᠢᠴᠠᠭᠠᠬᠤ ᠪᠠ ᠠᠯᠪᠠᠳᠠᠯᠭ᠎ᠠ ᠶᠢᠨ ᠴᠢᠨᠠᠷᠲᠠᠶ ᠲᠠᠷᠢᠯᠭ᠎ᠠ ᠲᠠᠷᠢᠬᠤ ᠶᠢ ᠬᠠᠪᠰᠤᠷᠭᠠᠬᠤ ᠶᠢ ᠡᠷᠡᠰ ᠬᠤᠷᠢᠭᠯᠠᠨ᠎ᠠ᠃ ᠰᠢᠨ᠎ᠡ ᠲᠢᠲᠢᠮᠯᠢᠭ ᠠᠭᠤᠰᠬᠢᠨ ᠦᠷᠪᠢᠰᠦᠯ ᠪᠣᠯ ᠬᠠᠤᠯᠢ ᠪᠠᠷ ᠲᠣᠭᠲᠠᠭᠠᠭᠰᠠᠨ ᠬᠥᠬᠡᠭᠴᠢᠨ ᠲᠥᠷᠥᠯ ‍ᠤᠨ‌ᠬᠠᠯᠳᠠᠪᠤᠷᠢᠲᠤ ᠡᠪᠡᠳᠴᠢᠨ ᠢ ᠬᠥᠬᠡ ᠲᠦᠷᠦᠯ ᠤᠨ ᠬᠠᠯᠳᠠᠪᠤᠷᠢᠲᠤ ᠡᠪᠡᠳᠴᠢᠨ ᠤ ᠱᠠᠭᠠᠷᠳᠠᠯᠭ᠎ᠠ ᠪᠠᠷ ᠰᠡᠷᠭᠡᠶᠢᠯᠡᠨ ᠡᠵᠡᠮᠳᠡᠬᠦ ᠬᠠᠯᠳᠠᠪᠤᠷᠢᠲᠤ ᠡᠪᠡᠳᠴᠢᠨ ᠮᠥᠨ᠂ ᠸᠠᠺᠼᠢᠨ ᠤ ᠲᠠᠷᠢᠯᠭ᠎ᠠ ᠪᠣᠯ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠦᠲᠦᠮᠵᠢᠲᠡᠶ ᠠᠷᠭ᠎ᠠ ᠪᠠᠷᠢᠯ ᠮᠦᠨ᠂ ᠵᠣᠬᠢᠬᠤ ᠨᠠᠰᠤᠨ ᠤ ᠴᠡᠭᠡᠷᠯᠡᠯ ᠥᠬᠡᠶ ᠬᠥᠮᠦᠰ ᠴᠥᠮ ᠲᠠᠷᠢᠭᠤᠯᠬᠤ ᠬᠡᠷᠡᠭᠲᠡᠶ᠂ ᠡᠨᠡ ᠪᠣᠯ ᠠᠷᠠᠳ ᠢᠷᠭᠡᠳ ᠤᠨ ᠰᠢᠨ᠎ᠡ ᠲᠢᠲᠢᠮᠯᠢᠭ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠭᠦᠷᠭᠡ ᠶᠢ ᠭᠦᠢᠴᠡᠳᠬᠡᠬᠦ ᠶᠠᠪᠤᠳᠠᠯ ᠪᠣᠯᠤᠨ᠎ᠠ᠃      ᠰᠢᠨ᠎ᠡ ᠲᠢᠲᠢᠮᠯᠢᠭ ᠸᠠᠺᠼᠢᠨ ᠤ ᠲᠠᠷᠢᠯᠭ᠎ᠠ ᠲᠠᠷᠢᠭᠰᠠᠨ ᠰᠢᠷᠬᠡᠭ ᠤᠳᠠᠭ᠎ᠠ 21 ᠳ᠋ᠦᠩᠰᠢᠭᠤᠷ ᠢ ᠳᠠᠪᠠᠪᠠ      9 ᠳ᠋ᠦ᠋ᠭᠡᠷ ᠰᠠᠷ᠎ᠠ ᠶᠢᠨ 6      ᠤ ᠡᠳᠦᠷ ᠪᠣᠯᠲᠠᠯ᠎ᠠ᠂ ᠪᠥᠬᠦ ᠤᠯᠤᠰ ᠲᠤ ᠰᠢᠨ᠎ᠡ ᠲᠢᠲᠢᠮᠯᠢᠭ ᠸᠢᠷᠦ᠋ᠰ ᠤᠨ ᠸᠠᠺᠼᠢᠨ ᠢ ᠨᠡᠶᠢᠲᠡ 21 ᠳ᠋ᠦᠩᠰᠢᠭᠤᠷ 1308.3 ᠲᠦᠮᠡᠨ ᠰᠢᠷᠬᠡᠭ ᠤᠳᠠᠭ᠎ᠠ ᠲᠠᠷᠢᠭᠰᠠᠨ ᠢ ᠮᠡᠳᠡᠭᠦᠯᠵᠦ᠂ 9 ᠳ᠋ᠦᠩᠰᠢᠭᠤᠷ 6972 ᠲᠦᠮᠡᠨ ᠬᠥᠮᠦᠨ ᠪᠥᠬᠦ ᠶᠠᠪᠤᠴᠠ ᠶᠢᠨ ᠲᠠᠷᠢᠯᠭ᠎ᠠ ᠶᠢ ᠪᠡᠶᠡᠯᠡᠭᠦᠯᠦᠭᠰᠡᠨ ᠪᠠᠶᠢᠨ᠎ᠠ᠃     ᠸᠠᠺᠼᠢᠨ ᠤ ᠲᠠᠷᠢᠯᠭ᠎ᠠ ᠶᠢᠨ ᠭᠡᠷᠡᠴᠢ ᠶᠢ ᠮᠤᠵᠢ ᠠᠯᠤᠰᠯᠠᠨ ᠬᠠᠮᠲᠤ ᠪᠠᠷ ᠬᠦᠷᠲᠡᠵᠦ ᠪᠣᠯᠤᠨ᠎ᠠ ᠦᠦ ᠦᠭᠡᠢ ᠦᠦ︖      ᠣᠳᠣᠬᠠᠨ ᠳᠤ ᠶᠠᠭ ᠪᠥᠬᠦ ᠤᠯᠤᠰ ᠤᠨ ᠡᠭᠡᠯᠢᠯᠡᠭᠡ ᠶᠢᠨ ᠲᠥᠯᠥᠪᠵᠢᠭᠦᠯᠭᠡ ᠶᠢᠨ ᠮᠡᠳᠡᠭᠡ ᠵᠠᠩᠭᠢ ᠶᠢᠨ ᠰᠢᠰᠲ᠋ᠧᠮ ᠤᠨ ᠬᠤᠯᠪᠤᠭᠠᠯᠠᠨ ᠨᠡᠪᠲᠡᠷᠡᠭᠦᠯᠬᠦ ᠶᠢ ᠢᠳᠡᠪᠬᠢᠲᠡᠶ ᠪᠠᠷ ᠳᠥᠯᠭᠢᠨ ᠠᠬᠢᠭᠤᠯᠵᠤ ᠪᠠᠶᠢᠨ᠎ᠠ᠂ ᠣᠳᠣᠬᠠᠨ ᠳᠤ ᠲᠠᠷᠢᠯᠭ᠎ᠠ ᠶᠢᠨ ᠮᠡᠳᠡᠭᠡ ᠵᠠᠩᠭᠢ ᠶᠢ ᠮᠤᠵᠢ ᠠᠯᠤᠰᠯᠠᠨ ᠬᠤᠯᠪᠤᠭᠠᠯᠠᠨ ᠨᠡᠪᠲᠡᠷᠡᠭᠦᠯᠬᠦ ᠶᠢ ᠬᠠᠷᠠᠬᠠᠨ ᠪᠡᠶᠡᠯᠡᠭᠦᠯᠦᠭᠡᠳᠦᠶ ᠭᠠᠵᠠᠷ ᠣᠷᠣᠨ ᠳᠤ᠂ ᠲᠠᠷᠠᠭᠠᠴᠢ ᠶᠢᠨ ᠤᠳᠠᠭᠠᠨ ᠤ ᠸᠠᠺᠼᠢᠨ ᠤ ᠲᠠᠷᠢᠯᠭ᠎ᠠ ᠶᠢ ᠳᠠᠷᠢᠬᠤ ᠦᠶ᠎ᠡ ᠳᠤ ᠲᠠᠷᠢᠯᠭ᠎ᠠ ᠲᠠᠷᠢᠭᠰᠠᠨ ᠨᠢᠭᠡᠴᠢ ᠶᠢᠨ ᠬᠢᠵᠦ ᠦᠭᠭᠦᠭᠰᠡᠨ ᠴᠠᠭᠠᠰᠤᠨ ᠬᠡᠪ ᠤᠨ ᠭᠡᠷᠡᠴᠢ ᠪᠠᠷᠢᠮᠲᠠ ᠶᠢ ᠬᠠᠩᠭᠠᠬᠤ ᠴᠢᠬᠤᠯᠠᠲᠠᠢ ᠪᠠᠶᠢᠵᠤ᠂ ᠲᠠᠷᠠᠭᠠᠴᠢ ᠶᠢᠨ ᠤᠳᠠᠭᠠᠨ ᠤ ᠸᠠᠺᠼᠢᠨ ᠤ ᠲᠠᠷᠢᠯᠭ᠎ᠠ ᠶᠢ ᠴᠠᠭᠠᠰᠤᠨ ᠬᠡᠪ ᠤᠨ ᠭᠡᠷᠡᠴᠢ ᠪᠠᠷᠢᠮᠲᠠ ᠶᠢᠨ ᠲᠡᠮᠳᠡᠭᠯᠡᠯ ᠶᠣᠰᠣᠭᠠᠷ ᠳᠠᠷᠢᠭᠤᠯᠬᠤ ᠬᠡᠷᠡᠭᠲᠡᠢ ᠶᠤᠮ᠃ ᠬᠡᠷᠪᠡ ᠭᠠᠵᠠᠷ ᠣᠷᠣᠨ ᠠᠯᠤᠰᠯᠠᠨ ᠲᠠᠷᠢᠯᠭ᠎ᠠ ᠲᠠᠷᠢᠭᠤᠯᠬᠤ ᠱᠠᠭᠠᠷᠳᠠᠯᠭ᠎ᠠ ᠲᠠᠢ ᠪᠣᠯ᠂ ᠨᠢᠭᠡᠳᠦᠭᠡᠷ ᠤᠳᠠᠭᠠᠨ ᠤ ᠸᠠᠺᠼᠢᠨ ᠢ ᠳᠠᠷᠢᠭᠰᠠᠨ ᠤ ᠳᠠᠷᠠᠭ᠎ᠠ ᠲᠠᠷᠢᠭᠰᠠᠨ ᠨᠢᠭᠡᠴᠢ ᠠᠴᠠ ᠲᠠᠷᠢᠯᠭ᠎ᠠ ᠶᠢᠨ ᠴᠠᠭᠠᠰᠤᠨ ᠬᠡᠪ ᠤᠨ ᠭᠡᠷᠡᠴᠢ ᠪᠠᠷᠢᠮᠲᠠ ᠶᠢ ᠴᠠᠭ ᠲᠤᠬᠠᠶ ᠳᠤ ᠨᠢ ᠠᠪᠬᠤ ᠶᠢᠨ ᠬᠠᠮᠲᠤ ᠲᠣᠬᠢᠲᠠᠶ ᠬᠠᠳᠠᠭᠠᠯᠠᠬᠤ ᠶᠢ ᠰᠠᠨᠠᠭᠤᠯᠵᠤ ᠪᠠᠶᠢᠨ᠎ᠠ᠃      ᠨᠠᠰᠤᠨ ᠳᠤ ᠥᠯᠥ ᠭᠦᠷᠦᠭᠰᠡᠳ ᠲᠠᠷᠢᠯᠭ᠎ᠠ ᠲᠠᠷᠢᠭᠤᠯᠬᠤ ᠳᠤ ᠶᠠᠭᠤ ᠶᠢ ᠠᠩᠬᠠᠷᠬᠤ ᠴᠢᠬᠤᠯᠠᠲᠠᠢ ᠪᠤᠢ︖      ᠨᠠᠰᠤᠨ ᠳᠤ ᠥᠯᠥ ᠭᠦᠷᠦᠭᠰᠡᠳ ᠲᠤ ᠠᠪᠴᠤ ᠬᠡᠯᠡᠪᠡᠯ᠂ ᠪᠦᠷᠢᠨ ᠢᠷᠭᠡᠨ ᠤ ᠬᠡᠷᠡᠭ ᠤᠨ ᠠᠵᠢᠯᠯᠠᠭ᠎ᠠ ᠶᠢᠨ ᠴᠢᠳᠠᠪᠤᠷᠢ ᠥᠬᠡᠶ ᠤᠴᠢᠷ ᠠᠴᠠ ᠬᠡᠷ ᠤᠨ ᠠᠬᠠᠮᠠᠳ ᠨᠢ ᠪᠠᠷ᠎ᠠ ᠪᠣᠯᠬᠤ ᠬᠡᠷᠡᠭᠲᠡᠶ ᠪᠥᠭᠡᠳ ᠸᠠᠺᠼᠢᠨ ᠤ ᠲᠠᠷᠢᠯᠭ᠎ᠠ ᠶᠢᠨ ᠪᠠᠶᠢᠳᠠᠯ ᠢ ᠮᠡᠳᠡᠭᠳᠡᠬᠦ ᠵᠥᠪᠰᠢᠶᠡᠷᠡᠯ ᠤᠨ ᠪᠢᠴᠢᠭ ᠲᠤ ᠭᠠᠷ ᠤᠨ ᠥᠰᠥᠭ ᠣᠷᠤᠯᠠᠨ ᠵᠢᠷᠤᠬᠤ ᠬᠡᠷᠡᠭᠲᠡᠶ᠂ ᠲᠠᠷᠢᠯᠭ᠎ᠠ ᠲᠠᠷᠢᠬᠤ ᠠᠴᠠ ᠡᠮᠦᠨ᠎ᠡ ᠬᠡᠷ ᠤᠨ ᠠᠬᠠᠮᠠᠳ ᠪᠤᠶᠤ ᠬᠠᠷᠠᠭᠠᠯᠵᠠᠨ ᠬᠠᠮᠠᠭᠠᠯᠠᠭᠴᠢ ᠨᠢ ᠰᠢᠨ᠎ᠡ ᠲᠢᠲᠢᠮᠯᠢᠭ ᠸᠠᠺᠼᠢᠨ ᠤ ᠲᠠᠷᠢᠯᠭ᠎ᠠ ᠶᠢᠨ ᠮᠡᠳᠡᠯᠭᠡ᠂ ᠶᠠᠪᠤᠴᠠ ᠵᠢᠴᠢ ᠬᠡᠤᠬᠡᠳ ᠤᠨ ᠡᠷᠡᠭᠦᠯ ᠮᠡᠨᠳᠦ ᠶᠢᠨ ᠪᠠᠶᠢᠳᠠᠯ ᠢ ᠣᠶᠢᠯᠠᠭᠠᠵᠤ᠂ ᠲᠠᠷᠢᠯᠭ᠎ᠠ ᠶᠢᠨ ᠲᠤᠬᠠᠶ ᠶᠢᠨ ᠲᠠᠯᠠᠪᠤᠷ ᠲᠤ ᠪᠡᠶ᠎ᠡ ᠶᠢᠨ ᠦᠨᠡᠮᠯᠡᠯ᠂ ᠲᠠᠷᠢᠯᠭ᠎ᠠ ᠶᠢᠨ ᠦᠨᠡᠮᠯᠡᠯ ᠵᠡᠷᠭᠡ ᠦᠨᠡᠮᠯᠡᠯ ᠢᠶᠠᠨ ᠠᠪᠴᠤ ᠶᠠᠪᠤᠬᠤ ᠬᠡᠷᠡᠭᠲᠡᠶ᠃      ᠵᠠᠯᠠᠭᠤ ᠪᠠᠭᠠᠴᠤᠳ ᠲᠤ ᠰᠢᠨ᠎ᠡ ᠲᠢᠲᠢᠮᠯᠢᠭ ᠸᠠᠺᠼᠢᠨ ᠤ ᠲᠠᠷᠢᠯᠭ᠎ᠠ ᠲᠠᠷᠢᠬᠤ ᠳᠤ ᠲᠥᠷᠥᠯ ᠵᠦᠢᠯ ᠤᠨ ᠬᠢᠵᠠᠭᠠᠷᠯᠠᠯ ᠲᠠᠢ ᠦᠦ︖      ᠣᠳᠣᠬᠠᠨ ᠳᠤ ᠮᠠᠨ ᠤ ᠤᠯᠤᠰ ᠤᠨ ᠬᠡᠷᠡᠭᠯᠡᠬᠦ ᠶᠢ ᠵᠥᠪᠰᠢᠶᠡᠷᠡᠭᠰᠡᠨ ᠸᠠᠺᠼᠢᠨ ᠳᠤ 3 ᠵᠦᠢᠯ ᠤᠨ ᠮᠡᠷᠭᠡᠵᠢᠯ ᠤᠨ ᠱᠤᠭᠤᠮ ᠪᠣᠶ᠂ 1 ᠤᠳᠠᠭ᠎ᠠ ᠲᠠᠷᠢᠬᠤ ᠪᠤᠯᠴᠢᠷᠬᠠᠶ ᠶᠢᠨ ᠸᠢᠷᠦ᠋ᠰ ᠤᠨ ᠠᠴᠢᠶᠠᠯᠠᠭᠴᠢ ᠸᠠᠺᠼᠢᠨ᠂ 2 ᠤᠳᠠᠭ᠎ᠠ ᠲᠠᠷᠢᠬᠤ ᠢᠳᠡᠪᠬᠢ ᠦᠭᠡᠶᠢᠵᠢᠭᠦᠯᠦᠭᠰᠡᠨ ᠸᠠᠺᠼᠢᠨ᠂ ᠪᠠᠰᠠ 3 ᠤᠳᠠᠭ᠎ᠠ ᠲᠠᠷᠢᠬᠤ ᠳᠠᠬᠢᠨ ᠨᠡᠶᠢᠯᠡᠭᠦᠯᠦᠭᠰᠡᠨ ᠤᠭᠤᠷᠠᠭ ᠤᠨ ᠸᠠᠺᠼᠢᠨ ᠪᠠᠶᠢᠨ᠎ᠠ᠃ ᠣᠳᠣᠬᠠᠨ ᠳᠤ ᠤᠯᠤᠰ ᠠᠴᠠ ᠵᠥᠪᠰᠢᠶᠡᠷᠡᠭᠰᠡᠨ 3 — 17 ᠨᠠᠰᠤᠨ ᠤ ᠬᠥᠮᠦᠰ ᠲᠤ ᠪᠠᠴᠢᠮ ᠬᠡᠷᠡᠭᠯᠡᠬᠦ ᠸᠠᠺᠼᠢᠨ ᠳᠤ ᠵᠥᠪᠬᠡᠨ ᠢᠳᠡᠪᠬᠢ ᠦᠭᠡᠶᠢᠵᠢᠭᠦᠯᠦᠭᠰᠡᠨ ᠸᠠᠺᠼᠢᠨ ᠤ ᠮᠡᠷᠭᠡᠵᠢᠯ ᠤᠨ ᠱᠤᠭᠤᠮ ᠪᠤᠢ᠂ 3 — 8 ᠭᠠᠷᠠᠭ ᠠᠯᠤᠰᠯᠠᠵᠤ 2 ᠤᠳᠠᠭ᠎ᠠ ᠳᠠᠷᠢᠨ᠎ᠠ᠃      ᠬᠠᠷᠰᠢᠬᠤ ᠤᠷᠪᠠᠯ ᠡᠭᠦᠰᠬᠦ ᠨᠢ ᠸᠠᠺᠼᠢᠨ ᠤ ᠲᠠᠷᠢᠯᠭ᠎ᠠ ᠲᠠᠢ ᠬᠤᠯᠪᠣᠭ᠎ᠠ ᠲᠠᠢ ᠡᠰᠡᠬᠦ ᠶᠢ ᠬᠡᠷᠬᠢᠨ ᠮᠠᠭᠠᠳᠯᠠᠬᠤ ᠪᠣᠶ︖      ᠸᠠᠺᠼᠢᠨ ᠤ ᠲᠠᠷᠢᠯᠭ᠎ᠠ ᠲᠠᠷᠢᠭᠰᠠᠨ ᠤ ᠳᠠᠷᠠᠭ᠎ᠠ ᠬᠠᠷᠰᠢᠬᠤ ᠤᠷᠪᠠᠯ ᠡᠭᠦᠰᠴᠦ ᠸᠠᠺᠼᠢᠨ ᠲᠠᠢ ᠬᠠᠷᠢᠴᠠᠭ᠎ᠠ ᠲᠠᠢ ᠭᠡᠵᠦ ᠰᠡᠵᠢᠭᠯᠡᠵᠦ ᠪᠠᠶᠢᠪᠠᠯ ᠡᠩ ᠤᠨ ᠲᠤᠰᠬᠠᠯ ᠶᠤᠮ ᠦᠦ ᠬᠡᠪ ᠤᠨ ᠪᠤᠰᠤ ᠲᠤᠰᠬᠠᠯ ᠶᠤᠮ ᠦᠦ ᠭᠡᠳᠡᠭ ᠢ ᠳᠣᠲᠣᠯᠠᠬᠤ ᠬᠡᠷᠡᠭᠲᠡᠶ᠃ ᠬᠡᠪ ᠤᠨ ᠪᠤᠰᠤ ᠲᠤᠰᠬᠠᠯ ᠮᠥᠨ ᠡᠰᠡᠬᠦ ᠶᠢ ᠡᠯ᠎ᠡ ᠭᠠᠵᠠᠷ ᠤᠨ ᠰᠡᠷᠭᠡᠶᠢᠯᠡᠯᠲᠠ ᠶᠢᠨ ᠲᠠᠷᠢᠯᠭ᠎ᠠ ᠶᠢᠨ ᠬᠡᠪ ᠤᠨ ᠪᠤᠰᠤ ᠲᠤᠰᠬᠠᠯ ᠢ ᠪᠠᠶᠢᠴᠠᠭᠠᠨ ᠣᠨᠣᠰᠢᠯᠠᠬᠤ ᠲᠤᠰᠬᠠᠶ ᠮᠡᠷᠭᠡᠵᠢᠯᠲᠡᠨ ᠤ ᠳᠤᠭᠤᠶᠢᠯᠠᠩ ᠪᠠ ᠰᠡᠷᠭᠡᠶᠢᠯᠡᠯᠲᠠ ᠶᠢᠨ ᠲᠠᠷᠢᠯᠭ᠎ᠠ ᠶᠢᠨ ᠬᠡᠪ ᠤᠨ ᠪᠤᠰᠤ ᠲᠤᠰᠬᠠᠯ ᠢ ᠬᠢᠨᠠᠨ ᠲᠣᠭᠲᠠᠭᠠᠬᠤ ᠳᠤᠭᠤᠶᠢᠯᠠᠩ ᠬᠠᠮᠢᠶ᠎ᠠ ᠪᠥᠬᠦᠶ ᠪᠠᠶᠢᠴᠠᠭᠠᠯᠲᠠ ᠪᠠ ᠣᠨᠣᠰᠢᠯᠠᠯᠲᠠ ᠬᠢᠵᠦ᠂ ᠸᠠᠺᠼᠢᠨ ᠤ ᠣᠨᠴᠠᠯᠢᠭ ᠰᠢᠨᠵᠢ᠂ ᠲᠠᠷᠢᠭᠤᠯᠤᠭᠴᠢ ᠶᠢᠨ ᠡᠮᠴᠢᠯᠡᠭᠡᠨ ᠤ ᠢᠯᠡᠷᠡᠯ ᠪᠠ ᠥᠩᠭᠡᠷᠡᠭᠰᠡᠨ ᠤ ᠲᠡᠤᠬᠡ᠂ ᠣᠨᠣᠰᠢᠯᠠᠨ ᠵᠠᠰᠠᠭᠰᠠᠨ ᠶᠠᠪᠤᠴᠠ ᠵᠢᠴᠢ ᠸᠠᠺᠼᠢᠨ ᠤ ᠲᠠᠷᠢᠯᠭ᠎ᠠ ᠲᠠᠷᠢᠭᠤᠯᠤᠭᠰᠠᠨ ᠪᠠᠶᠢᠳᠠᠯ ᠵᠡᠷᠭᠡ ᠶᠢ ᠦᠨᠳᠦᠰᠦᠯᠡᠨ ᠶᠡᠷᠦᠩᠬᠡᠶᠢᠯᠡᠭᠰᠡᠨ ᠮᠠᠭᠠᠳᠯᠠᠯᠲᠠ ᠬᠢᠵᠦ᠂ ᠸᠠᠺᠼᠢᠨ ᠠᠴᠠ ᠪᠣᠯᠤᠭᠰᠠᠨ ᠬᠠᠷᠰᠢᠮᠠᠲᠠᠭᠠᠶ ᠲᠤᠰᠬᠠᠯ ᠮᠥᠨ ᠡᠰᠡᠬᠦ ᠶᠢ ᠲᠣᠭᠲᠠᠭᠠᠬᠤ ᠬᠡᠷᠡᠭᠲᠡᠢ᠃       ᠸᠠᠺᠼᠢᠨ ᠢ ᠰᠤᠳᠤᠯᠤᠨ ᠨᠡᠭᠡᠭᠡᠬᠦ      ᠢᠳᠡᠪᠬᠢ ᠦᠭᠡᠶᠢᠵᠢᠭᠦᠯᠦᠭᠰᠡᠨ ᠸᠠᠺᠼᠢᠨ ᠨᠢ ᠳ᠋ᠧᠯᠲ᠋ᠠ ᠣᠨᠳᠣᠣᠰᠢᠭᠰᠠᠨ ᠰᠲᠷᠡᠶᠢᠨ ᠢ ᠬᠠᠮᠠᠭᠠᠯᠠᠬᠤ ᠴᠢᠳᠠᠪᠤᠷᠢ ᠪᠠᠷ ᠬᠢᠷᠢ ᠵᠡᠷᠭᠡ ᠪᠣᠶ︖      ᠮᠠᠨ ᠤ ᠤᠯᠤᠰ ᠤᠨ ᠦᠢᠯᠡᠳᠪᠦᠷᠢᠯᠡᠭᠰᠡᠨ ᠰᠢᠨ᠎ᠡ ᠲᠢᠲᠢᠮᠯᠢᠭ ᠸᠢᠷᠦ᠋ᠰ ᠤᠨ ᠸᠠᠺᠼᠢᠨ ᠨᠢ ᠣᠳᠣᠬᠠᠨ ᠳᠤ ᠭᠤᠤᠯᠳᠠᠭᠤ ᠢᠳᠡᠪᠬᠢ ᠦᠭᠡᠶᠢᠵᠢᠭᠦᠯᠦᠭᠰᠡᠨ ᠸᠠᠺᠼᠢᠨ ᠶᠤᠮ᠂ ᠨᠢᠭᠡᠨᠲᠡ ᠪᠥᠬᠦ ᠳᠡᠯᠡᠬᠡᠶ ᠶᠢᠨ ᠬᠡᠪᠴᠢᠶᠡᠨ ᠳᠤ ᠨᠡᠯᠢᠶᠡᠳ ᠶᠡᠭᠡ ᠬᠡᠪᠴᠢᠶᠡᠨ ᠤ ᠬᠥᠮᠦᠰ ᠲᠤ ᠲᠠᠷᠢᠯᠭ᠎ᠠ ᠲᠠᠷᠢᠪᠠ᠂ ᠤᠯᠤᠰ ᠤᠨ ᠳᠣᠲᠣᠭᠠᠳᠤ ᠳᠤ ᠨᠢᠭᠡᠨᠲᠡ 20 ᠳ᠋ᠦᠩᠰᠢᠭᠤᠷ ᠰᠢᠷᠬᠡᠭ ᠤᠳᠠᠭ᠎ᠠ ᠳᠠᠷᠢᠭᠰᠠᠨ ᠪᠥᠭᠡᠳ ᠪᠠᠰᠠ ᠮᠠᠰᠢ ᠣᠯᠠᠨ ᠦᠨᠡᠨ ᠪᠣᠳᠠᠲᠤ ᠶᠢᠷᠲᠢᠨᠴᠦ ᠶᠢᠨ ᠰᠤᠳᠤᠯᠭᠠᠨ ᠤ ᠲᠤᠭ᠎ᠠ ᠪᠠᠷᠢᠮᠲᠠ ᠶᠢ ᠬᠠᠩᠭᠠᠭᠰᠠᠨ ᠪᠠᠶᠢᠨ᠎ᠠ᠂ ᠡᠭᠦᠨ ᠤ ᠳ᠋ᠦᠩ ᠠᠴᠠ ᠦᠵᠡᠪᠡᠯ᠂ ᠤᠯᠤᠰ ᠤᠨ ᠳᠣᠲᠣᠭᠠᠳᠤ ᠳᠤ ᠬᠡᠷᠡᠭᠯᠡᠭᠰᠡᠨ ᠸᠠᠺᠼᠢᠨ ᠭᠡᠰᠡᠨ ᠴᠤ ᠲᠡᠷᠡ᠂ ᠤᠯᠤᠰ ᠤᠨ ᠭᠠᠳᠠᠭᠠᠳᠤ ᠳᠤ ᠬᠡᠷᠡᠭᠯᠡᠭᠰᠡᠨ ᠸᠠᠺᠼᠢᠨ ᠭᠡᠰᠡᠨ ᠴᠤ ᠲᠡᠷᠡ ᠴᠥᠮ ᠬᠠᠯᠳᠠᠪᠤᠷᠢᠯᠠᠯ ᠢ ᠰᠡᠷᠭᠡᠶᠢᠯᠡᠬᠦ ᠳᠤ ᠵᠣᠬᠢᠬᠤ ᠦᠢᠯᠡᠳᠦᠯ ᠲᠠᠢ᠃ ᠬᠠᠯᠳᠠᠪᠤᠷᠢᠯᠠᠭᠳᠠᠭᠰᠠᠨ ᠤ ᠳᠠᠷᠠᠭ᠎ᠠ ᠳᠠᠬᠢᠨ ᠳᠡᠯᠭᠡᠷᠡᠬᠦ ᠳᠤ ᠮᠠᠰᠢ ᠦᠷ᠎ᠡ ᠪᠦᠲᠦᠮᠵᠢ ᠲᠠᠢ ᠪᠠᠶᠢᠵᠤ᠂ ᠡᠪᠡᠳᠴᠢᠨ ᠬᠦᠨᠳᠦᠷᠡᠬᠦ ᠪᠠ ᠦᠬᠦᠬᠦ ᠠᠴᠠ ᠰᠡᠷᠭᠡᠶᠢᠯᠡᠬᠦ ᠳᠤ ᠢᠯᠡᠷᠬᠡᠶ ᠦᠷ᠎ᠡ ᠪᠦᠲᠦᠮᠵᠢ ᠲᠠᠢ ᠪᠠᠶᠢᠳᠠᠭ᠂ ᠣᠳᠣᠬᠠᠨ ᠤ ᠸᠢᠷᠦ᠋ᠰ ᠤᠨ ᠣᠨᠳᠣᠣᠰᠢᠭᠰᠠᠨ ᠰᠲᠷᠡᠶᠢᠨ ᠢᠯᠠᠩᠭᠤᠶ᠎ᠠ ᠳ᠋ᠧᠯᠲ᠋ᠠ ᠰᠲᠷᠡᠶᠢᠨ ᠥᠷᠭᠡᠨ ᠢᠶᠠᠷ ᠳᠡᠯᠭᠡᠷᠡᠭᠰᠡᠨ ᠪᠠᠶᠢᠳᠠᠯ ᠳᠣᠣᠷ᠎ᠠ ᠴᠤ ᠡᠶᠢᠮᠦ ᠪᠠᠶᠢᠳᠠᠭ᠃      ᠮᠠᠨ ᠤ ᠤᠯᠤᠰ ᠤᠨ ᠣᠨᠳᠣᠣᠰᠢᠭᠰᠠᠨ ᠰᠲᠷᠡᠶᠢᠨ ᠳᠤ ᠴᠢᠭᠯᠡᠭᠦᠯᠦᠭᠰᠡᠨ ᠸᠠᠺᠼᠢᠨ ᠢ ᠰᠤᠳᠤᠯᠤᠨ ᠨᠡᠭᠡᠭᠡᠬᠦ ᠠᠵᠢᠯ ᠶᠠᠮᠠᠷ ᠶᠠᠮᠠᠷ ᠠᠬᠢᠴᠠ ᠲᠠᠢ ᠪᠣᠯᠤᠭᠰᠠᠨ ᠪᠤᠢ︖      ᠡᠯ᠎ᠡ ᠸᠠᠺᠼᠢᠨ ᠤ ᠰᠤᠳᠤᠯᠭᠠᠨ ᠤ ᠨᠢᠭᠡᠴᠢ ᠬᠢᠵᠢᠭ ᠤᠨ ᠪᠠᠶᠢᠳᠠᠯ ᠡᠭᠦᠰᠦᠭᠰᠡᠨ ᠠᠴᠠ ᠨᠠᠭᠠᠰᠢ᠂ ᠢᠯᠠᠩᠭᠤᠶ᠎ᠠ ᠣᠨᠳᠣᠣᠰᠢᠭᠰᠠᠨ ᠰᠲᠷᠡᠶᠢᠨ ᠢᠯᠡᠷᠡᠭᠰᠡᠨ ᠠᠴᠠ ᠨᠠᠭᠠᠰᠢ᠂ ᠡᠯ᠎ᠡ ᠵᠦᠢᠯ ᠤᠨ ᠣᠨᠳᠣᠣᠰᠢᠭᠰᠠᠨ ᠰᠲᠷᠡᠶᠢᠨ ᠳᠤ ᠴᠢᠭᠯᠡᠭᠦᠯᠦᠭᠰᠡᠨ ᠸᠠᠺᠼᠢᠨ ᠤ ᠰᠤᠳᠤᠯᠭᠠᠨ ᠤ ᠠᠵᠢᠯ ᠢ ᠠᠯᠢ ᠣᠯᠠᠨ ᠦᠷᠨᠢᠭᠦᠯᠦᠭᠰᠡᠨ ᠪᠠᠶᠢᠨ᠎ᠠ᠃      ᠨᠢᠭᠡ ᠳᠤ ᠮᠠᠨ ᠤ ᠤᠯᠤᠰ ᠤᠨ ᠸᠠᠺᠼᠢᠨ ᠢ ᠰᠤᠳᠤᠯᠤᠨ ᠨᠡᠭᠡᠭᠡᠬᠦ ᠨᠢᠭᠡᠴᠢ Gamma ᠰᠲᠷᠡᠶᠢᠨ ᠪᠠ Delta ᠰᠲᠷᠡᠶᠢᠨ ᠤ ᠢᠳᠡᠪᠬᠢ ᠦᠭᠡᠶᠢᠵᠢᠭᠦᠯᠦᠭᠰᠡᠨ ᠸᠠᠺᠼᠢᠨ ᠤ ᠰᠤᠳᠤᠯᠭᠠᠨ ᠢ ᠨᠢᠭᠡᠨᠲᠡ ᠥᠷᠨᠢᠭᠦᠯᠵᠦ᠂ ᠣᠳᠣᠬᠠᠨ ᠳᠤ ᠡᠮᠴᠢᠯᠡᠭᠡ ᠠᠴᠠ ᠡᠮᠦᠨᠡᠬᠢ ᠰᠤᠳᠤᠯᠭᠠᠨ ᠢ ᠨᠢᠭᠡᠨᠲᠡ ᠪᠡᠶᠡᠯᠡᠭᠦᠯᠵᠦ᠂ ᠬᠡᠰᠡᠭ ᠨᠢᠭᠡᠴᠢ ᠨᠢᠭᠡᠨᠲᠡ ᠡᠮ ᠤᠨ ᠵᠦᠢᠯ ᠢ ᠬᠢᠨᠠᠨ ᠦᠨᠡᠯᠡᠬᠦ ᠲᠥᠪ ᠲᠤ ᠡᠮᠴᠢᠯᠡᠭᠡᠨ ᠤ ᠲᠤᠷᠰᠢᠯᠲᠠ ᠶᠢᠨ ᠮᠡᠳᠡᠭᠦᠯᠦᠯᠲᠡ ᠶᠢᠨ ᠮᠠᠲ᠋ᠧᠷᠢᠶᠠᠯ ᠢ ᠲᠤᠰᠢᠶᠠᠭᠰᠠᠨ ᠪᠠᠶᠢᠨ᠎ᠠ᠃      ᠬᠤᠶᠠᠷ ᠲᠤ ᠠᠳᠠᠯᠢ ᠪᠤᠰᠤ ᠣᠨᠳᠣᠣᠰᠢᠭᠰᠠᠨ ᠰᠲᠷᠡᠶᠢᠨ ᠳᠤ ᠴᠢᠭᠯᠡᠭᠦᠯᠦᠭᠰᠡᠨ ᠦᠷᠭᠡᠨ ᠦᠢᠯᠡᠳᠦᠯᠳᠦ ᠪᠤᠶᠤ ᠣᠯᠠᠨ ᠸᠠᠯᠧᠨ᠋ᠰ ᠤᠨ ᠳᠠᠬᠢᠨ ᠨᠡᠶᠢᠯᠡᠭᠦᠯᠦᠭᠰᠡᠨ ᠤᠭᠤᠷᠠᠭ ᠤᠨ ᠸᠠᠺᠼᠢᠨ ᠤ ᠲᠤᠬᠠᠶ ᠰᠤᠳᠤᠯᠭᠠᠨ ᠢ ᠥᠷᠨᠢᠭᠦᠯᠵᠦ᠂ ᠬᠡᠰᠡᠭ ᠨᠢᠭᠡᠴᠢ ᠡᠮ ᠤᠨ ᠵᠦᠢᠯ ᠢ ᠬᠢᠨᠠᠨ ᠦᠨᠡᠯᠡᠬᠦ ᠲᠥᠪ ᠲᠤ ᠡᠮᠴᠢᠯᠡᠭᠡᠨ ᠤ ᠲᠤᠷᠰᠢᠯᠲᠠ ᠶᠢᠨ ᠮᠡᠳᠡᠭᠦᠯᠦᠯᠲᠡ ᠶᠢᠨ ᠮᠠᠲ᠋ᠧᠷᠢᠶᠠᠯ ᠢᠶᠠᠨ ᠦᠷᠭᠦᠯᠵᠢᠯᠡᠨ ᠲᠤᠰᠢᠶᠠᠭᠰᠠᠨ ᠪᠠᠶᠢᠨ᠎ᠠ᠃      ᠭᠤᠷᠪᠠ ᠳᠤ Beta ᠰᠲᠷᠡᠶᠢᠨ᠂ Delta ᠰᠲᠷᠡᠶᠢᠨ ᠳᠤ ᠴᠢᠭᠯᠡᠭᠦᠯᠦᠭᠰᠡᠨ ᠪᠤᠯᠴᠢᠷᠬᠠᠶ ᠶᠢᠨ ᠸᠢᠷᠦ᠋ᠰ ᠤᠨ ᠠᠴᠢᠶᠠᠯᠠᠭᠴᠢ ᠸᠠᠺᠼᠢᠨ ᠪᠠ ᠪᠥᠭᠡᠮ ᠬᠦᠴᠢᠯ ᠤᠨ ᠸᠠᠺᠼᠢᠨ ᠢ ᠰᠤᠳᠤᠯᠤᠨ ᠨᠡᠭᠡᠭᠡᠬᠦ ᠠᠵᠢᠯ ᠢ ᠥᠷᠨᠢᠭᠦᠯᠵᠦ᠂ ᠬᠡᠰᠡᠭ ᠨᠢᠭᠡᠴᠢ ᠴᠦ ᠠᠮᠢᠲᠠᠨ ᠤ ᠠᠰᠢᠭᠲᠤ ᠴᠢᠨᠠᠷ ᠪᠠ ᠠᠶᠤᠯ ᠦᠭᠡᠢ ᠴᠢᠨᠠᠷ ᠤᠨ ᠲᠤᠷᠰᠢᠯᠲᠠ ᠶᠢ ᠨᠢᠭᠡᠨᠲᠡ ᠪᠡᠶᠡᠯᠡᠭᠦᠯᠵᠦ᠂ ᠣᠲᠣ ᠶᠠᠭ ᠡᠮᠴᠢᠯᠡᠭᠡᠨ ᠤ ᠲᠤᠷᠰᠢᠯᠲᠠ ᠬᠢᠯᠭᠡᠬᠦ ᠪᠠᠷ ᠪᠡᠯᠡᠳᠬᠡᠵᠦ ᠪᠠᠶᠢᠨ᠎ᠠ᠃
 
ᠢᠷᠡᠯᠲᠡ᠄ ᠥᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号