ᠵᠦᠩ ᠾᠧ ᠪᠠᠯᠭᠠᠰᠤ ᠠᠶᠤᠯᠭᠦᠢ ᠦᠢᠯᠡᠳᠪᠦᠷᠢᠯᠡᠯ ᠵᠢᠴᠢ ᠵᠠᠮ ᠬᠠᠷᠢᠯᠴᠠᠭᠠᠨ ᠤ ᠠᠮᠤᠷ ᠲᠦᠪᠰᠢᠨ ᠤ ᠠᠵᠢᠯ ᠤᠨ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2021/9/16
      9 ᠰᠠᠷ᠎ᠠ ᠶᠢᠨ 14      ᠤ ᠡᠳᠦᠷ᠂ ᠵᠥᠩ ᠾᠧ ᠪᠠᠯᠭᠠᠰᠤᠨ ᠤ ᠬᠢᠨ ᠥᠷᠭᠡᠳᠬᠡᠭᠰᠡᠨ ᠬᠤᠷᠠᠯ ᠢ ᠵᠣᠬᠢᠶᠠᠨ ᠪᠠᠶᠢᠭᠤᠯᠤᠨ ᠬᠤᠷᠠᠯᠳᠤᠭᠤᠯᠵᠤ᠂ ︽ᠮᠡᠳᠡᠭᠳᠡᠯ︾ ᠤᠨ ᠵᠣᠷᠢᠭ ᠰᠠᠨᠠᠭ᠎ᠠ ᠶᠢ ᠭᠦᠨᠵᠡᠭᠡᠶ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠣᠶᠢᠷ᠎ᠠ ᠶᠢᠨ ᠬᠤᠭᠤᠴᠠᠭᠠᠨ ᠤ ᠠᠶᠤᠯᠭᠦᠶ  ᠦᠢᠯᠡᠳᠪᠦᠷᠢᠯᠡᠯ ᠪᠠ ᠵᠠᠮ ᠬᠠᠷᠢᠯᠴᠠᠭᠠᠨ ᠤ ᠠᠮᠤᠷ ᠲᠦᠪᠰᠢᠨ ᠤ ᠠᠵᠢᠯ ᠢ ᠪᠥᠬᠦ ᠲᠠᠯ᠎ᠠ ᠪᠠᠷ ᠪᠠᠶᠢᠷᠢᠯᠠᠭᠤᠯᠪᠠ᠂ ᠬᠤᠷᠠᠯ ᠢ ᠪᠠᠯᠭᠠᠰᠤᠨ ᠤ ᠳᠡᠳ᠋ ᠳᠠᠷᠤᠭ᠎ᠠ ᡂᠢ ᠰᠢᠶᠤᠤ ᠮᠢᠩ ᠡᠷᠭᠢᠯᠡᠵᠦ᠂ ᠪᠠᠯᠭᠠᠰᠤᠨ ᠤ ᠨᠠᠮ ᠵᠠᠰᠠᠭ ᠤᠨ ᠤᠳᠤᠷᠢᠳᠬᠤ ᠪᠠᠭ ᠤᠨ ᠪᠦᠷᠢᠯᠳᠦᠬᠦᠨ᠂ ᠡᠯ᠎ᠡ ᠲᠣᠰᠬᠤᠨ ︵ᠨᠡᠶᠢᠭᠡᠮ ᠲᠣᠭᠤᠷᠢᠭ︶ ᠤ ᠱᠦᠵᠢ ᠬᠤᠷᠠᠯ ᠳᠤ ᠣᠷᠣᠯᠴᠠᠵᠠᠶ᠃      ᠬᠤᠷᠠᠯ ᠠᠴᠠ᠂ ᠨᠢᠭᠡ ᠳᠤ᠂ ᠤᠯᠤᠰ ᠲᠦᠷᠦ ᠶᠢ ᠡᠷᠬᠢᠮᠯᠡᠬᠦ ᠦᠨᠳᠦᠷᠴᠡ ᠠᠴᠠ ᠠᠶᠤᠯᠭᠦᠢ ᠦᠢᠯᠡᠳᠪᠦᠷᠢᠯᠡᠯ ᠪᠣᠯᠤᠨ ᠵᠠᠮ ᠤᠨ ᠠᠮᠤᠷ ᠲᠦᠪᠰᠢᠨ ᠢ ᠭᠤᠣᠯᠳᠠᠯᠭ᠎ᠠ ᠶᠢᠨ ᠳᠣᠲᠣᠷᠠᠬᠢ ᠭᠤᠣᠯᠳᠠᠯᠭ᠎ᠠ ᠪᠣᠯᠭᠠᠵᠤ᠂ ᠤᠬᠠᠭᠤᠯᠤᠨ ᠳᠠᠶᠢᠴᠢᠯᠠᠬᠤ ᠲᠠᠯ᠎ᠠ ᠪᠠᠷ᠂ ᠠᠵᠢᠯᠳᠠᠨ ᠤ ᠪᠦᠲᠦᠴᠡ ᠶᠢᠨ ᠲᠠᠯ᠎ᠠ ᠪᠠᠷ᠂ ᠠᠵᠢᠯ ᠢᠶᠠᠨ ᠥᠷᠨᠢᠭᠦᠯᠬᠦ ᠲᠠᠯ᠎ᠠ ᠪᠠᠷ᠂ ᠠᠶᠤᠯᠭᠦᠢ ᠦᠢᠯᠡᠳᠪᠦᠷᠢᠯᠡᠯ ᠢ ᠴᠢᠬᠤᠯᠠᠴᠢᠯᠠᠬᠤ ᠲᠠᠯ᠎ᠠ ᠪᠠᠷ ᠤᠯᠠᠮ ᠴᠢᠨᠠᠭᠰᠢᠳᠠ ᠳᠡᠭᠡᠭᠰᠢᠯᠡᠭᠦᠯᠬᠦ ᠶᠢᠨ ᠬᠠᠮᠲᠤ ᠰᠢᠨ᠎ᠡ ᠪᠠᠷ ᠬᠡᠷᠡᠭᠵᠢᠭᠦᠯᠦᠭᠰᠡᠨ ︽ᠠᠶᠤᠯᠭᠦᠢ ᠦᠢᠯᠡᠳᠪᠦᠷᠢᠯᠡᠯ ᠤᠨ ᠬᠠᠤᠯᠢ︾ ᠶᠢ ᠤᠬᠠᠭᠤᠯᠤᠨ ᠬᠥᠮᠦᠵᠢᠭᠦᠯᠬᠦ ᠪᠠ ᠲᠤᠤᠱᠯᠠᠭᠤᠯᠬᠤ ᠠᠵᠢᠯ ᠢ ᠰᠠᠶᠢᠲᠤᠷ ᠬᠢᠬᠦ ᠶᠢ ᠴᠢᠬᠤᠯᠠᠴᠢᠯᠠᠬᠤ ᠬᠡᠷᠡᠭᠲᠡᠢ᠃ ᠬᠤᠶᠠᠷ ᠲᠤ᠂ ᠡᠷᠬᠡᠪᠰᠢ ᠤᠢᠢᠷ᠎ᠠ ᠶᠢᠨ ᠬᠤᠭᠤᠴᠠᠭᠠᠨ ᠤ ᠠᠳᠡᠯ ᠠᠴᠠ ᠭᠦᠨᠵᠡᠭᠡᠢ ᠰᠤᠷᠭᠠᠮᠵᠢ ᠠᠪᠴᠤ᠂ ᠨᠢᠭᠡ ᠠᠴᠠ ᠵᠦᠢᠴᠢᠯᠡᠵᠦ ᠨᠦᠬᠦᠭᠡ ᠶᠢ ᠮᠡᠳᠡᠵᠦ᠂ ᠠᠳᠡᠯ ᠢ ᠰᠡᠷᠭᠡᠶᠢᠯᠡᠬᠦ  ᠬᠠᠨ᠎ᠠ ᠶᠢ ᠪᠠᠲᠤ ᠴᠣᠭᠴᠠᠯᠠᠵᠤ᠂ ᠵᠠᠮ ᠬᠠᠷᠢᠯᠴᠠᠭᠠᠨ ᠤ ᠲᠡᠭᠡᠭᠡᠪᠦᠷᠢ ᠶᠢᠨ ᠠᠮᠤᠷ ᠲᠦᠪᠰᠢᠨ ᠤ ᠭᠡᠮ ᠰᠣᠭᠤᠭ ᠢ ᠲᠣᠣᠷᠯᠠᠨ ᠪᠠᠶᠢᠴᠠᠭᠠᠵᠤ᠂ ᠠᠶᠤᠯᠲᠠᠢ ᠵᠠᠮ ᠤᠨ ᠬᠡᠰᠡᠭ ᠪᠣᠯᠤᠨ ᠠᠳᠡᠯ ᠤᠯᠠᠨ ᠭᠠᠷᠳᠠᠭ ᠵᠠᠮ ᠤᠨ ᠬᠡᠰᠡᠭ ᠤᠨ ᠠᠮᠤᠷ ᠲᠦᠪᠰᠢᠨ ᠤ ᠢᠯᠡᠳᠬᠡᠮᠵᠢ ᠳᠡᠮᠳᠡᠭ ᠢ ᠴᠢᠩᠭ᠎ᠠ ᠠᠩᠬᠠᠷᠴᠤ᠂ ᠲᠠᠷᠢᠶᠠᠯᠠᠩ ᠳᠤ ᠬᠡᠷᠡᠭᠯᠡᠬᠦ ᠲᠡᠷᠭᠡᠨ ᠳᠤ ᠲᠡᠭᠡᠭᠡᠬᠦ ᠬᠥᠮᠦᠨ ᠤ ᠠᠰᠠᠭᠤᠳᠠᠯ ᠤᠨ ᠬᠠᠮᠢᠶᠠᠷᠤᠯᠲᠠ ᠶᠢ ᠴᠢᠩᠭᠠᠳᠬᠠᠵᠤ᠂ ᠵᠠᠮ ᠬᠠᠷᠢᠯᠴᠠᠭᠠᠨ ᠤ ᠠᠮᠤᠷ ᠲᠦᠪᠰᠢᠨ ᠤ ᠬᠠᠮᠠᠭᠠᠯᠠᠯᠲᠠ ᠶᠢᠨ ᠲᠣᠣᠷ ᠢ ᠨᠢᠭᠲᠠ ᠪᠥᠭᠡᠳ ᠪᠠᠲᠤ ᠰᠦᠯᠵᠢᠬᠦ ᠬᠡᠷᠡᠭᠲᠡᠢ᠃ ᠭᠤᠷᠪᠠ ᠳᠤ  ᠨᠠᠶᠢᠮᠠᠨ ᠰᠠᠷ᠎ᠠ ᠶᠢᠨ ᠲᠡᠷᠭᠡᠯ ᠪᠠᠶᠠᠷ᠂ ᠤᠯᠤᠰ ᠤᠨ ᠪᠠᠶᠠᠷ ᠤᠨ ᠬᠤᠭᠤᠴᠠᠭᠠᠨ ᠳᠠᠬᠢ ᠠᠮᠤᠷ ᠲᠦᠪᠰᠢᠨ ᠤ ᠰᠡᠷᠭᠡᠶᠢᠯᠡᠯᠲᠡ ᠶᠢᠨ ᠶᠡᠭᠡ ᠪᠠᠶᠢᠴᠠᠭᠠᠯᠲᠠ ᠶᠡᠭᠡ ᠴᠡᠭᠴᠡᠯᠡᠯᠲᠡ ᠶᠢ ᠦᠳᠲᠡᠷ ᠲᠦᠷᠭᠡᠨ ᠥᠷᠨᠢᠭᠦᠯᠵᠦ᠂ ᠬᠠᠷᠢᠶᠠᠲᠤ ᠣᠷᠣᠨ ᠤ ᠳᠣᠲᠣᠷᠠᠬᠢ ᠵᠣᠴᠢᠳ ᠤᠨ ᠪᠠᠭᠤᠳᠠᠯ᠂ ᠬᠡᠲᠦ ᠳᠡᠯᠭᠡᠭᠦᠷ ᠵᠡᠷᠭᠡ ︽ᠬᠤᠤᠰ ᠪᠠᠶᠠᠷ︾ ᠤᠨ ᠬᠤᠭᠤᠴᠠᠭᠠᠨ ᠳᠠᠬᠢ ᠬᠥᠮᠦᠨ ᠬᠠᠷ᠎ᠠ ᠨᠢᠭᠲᠠᠷᠠᠭᠰᠠᠨ ᠲᠠᠯᠠᠪᠤᠷ ᠭᠠᠵᠠᠷ᠂ ᠬᠦᠷᠢᠶ᠎ᠡ ᠴᠠᠷᠠᠭ᠎ᠠ ᠶᠢᠨ ᠳᠠᠯᠳᠠ ᠬᠡᠮ ᠢ ᠵᠢᠭᠰᠠᠭᠠᠨ ᠪᠠᠶᠢᠴᠠᠭᠠᠬᠤ ᠪᠠ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠠᠮᠤᠷ ᠲᠦᠪᠰᠢᠨ ᠤ ᠰᠡᠷᠭᠡᠶᠢᠯᠡᠯᠲᠡ ᠶᠢᠨ ᠨᠢᠭᠲᠠ ᠤᠶᠠᠯᠳᠤᠯ ᠲᠠᠢ᠂ ᠥᠴᠦᠬᠡᠨ ᠴᠦ ᠣᠷᠬᠢᠭᠳᠠᠭᠤᠯᠬᠤ ᠥᠬᠡᠶ ᠪᠠᠶᠢᠬᠤ ᠶᠢ ᠦᠨᠡᠨ ᠬᠦ ᠪᠠᠲᠤᠯᠠᠨ᠎ᠠ᠃    ᠵᠠᠯᠭᠠᠭᠠᠳ᠂ ᠵᠥᠩ ᠾᠧ ᠪᠠᠯᠭᠠᠰᠤᠨ ᠤ ᠬᠢᠨ ᠠᠶᠤᠯᠭᠦᠶ ᠦᠶ᠋ᠯᠡᠳᠪᠦᠷᠢᠯᠡᠯ ᠪᠠ ᠵᠠᠮ ᠬᠠᠷᠢᠯᠴᠠᠭᠠᠨ ᠤ ᠠᠮᠤᠷ ᠲᠦᠪᠰᠢᠨ ᠤ ᠬᠡᠮ ᠰᠣᠭᠤᠭ ᠤᠨ ᠪᠠᠶᠢᠴᠠᠭᠠᠯᠲᠠ ᠶᠢ ᠦᠷᠭᠦᠯᠵᠢᠯᠡᠨ ᠳᠥᠯᠭᠢᠨ ᠠᠬᠢᠭᠤᠯᠵᠤ᠂ ᠪᠠᠯᠭᠠᠰᠤ ᠲᠣᠰᠬᠤᠨ ᠤ ᠺᠠᠳ᠋ᠷ ᠵᠢᠴᠢ ᠰᠦᠯᠵᠢᠶᠡᠨ ᠤ ᠠᠵᠢᠯᠲᠠᠨ ᠢ ᠢᠳᠡᠪᠬᠢᠲᠡᠶ ᠪᠠᠷ ᠵᠣᠬᠢᠶᠠᠨ ᠪᠠᠶᠢᠭᠤᠯᠤᠨ ᠲᠣᠤᠷᠵᠢᠭᠤᠯᠤᠨ ᠪᠠᠶᠢᠴᠠᠭᠠᠵᠤ᠂ ᠴᠡᠭᠴᠡᠯᠡᠨ ᠵᠠᠰᠠᠬᠤ ᠡᠷᠴᠢᠮ ᠢᠶᠠᠨ ᠴᠢᠩᠭᠠᠷᠠᠭᠤᠯᠬᠤ ᠶᠢᠨ ᠬᠠᠮᠲᠤ ︽ᠰᠦᠯᠵᠢᠶᠡᠨ ᠳᠡᠭᠡᠷ᠎ᠡ + ᠰᠦᠯᠵᠢᠶᠡᠨ ᠠᠴᠠ ᠭᠠᠳᠠᠨ᠎ᠠ︾ ᠠᠷᠭ᠎ᠠ ᠮᠠᠶ᠋ᠢᠭ ᠢᠶᠠᠷ ᠵᠠᠮ ᠬᠠᠷᠢᠯᠴᠠᠭᠠᠨ ᠤ ᠠᠮᠤᠷ ᠲᠦᠪᠰᠢᠨ ᠤ ᠤᠬᠠᠭᠤᠯᠭ᠎ᠠ ᠶᠢ ᠥᠷᠨᠢᠭᠦᠯᠵᠦ᠂ ᠲᠣᠰᠬᠤᠨ ᠤ ᠠᠷᠠᠳ ᠢ ᠬᠥᠲᠥᠯᠥᠨ ᠵᠢᠯᠣᠭᠤᠳᠴᠤ ᠪᠠᠶᠢᠭᠠᠳ ᠵᠠᠮ ᠬᠠᠷᠢᠯᠴᠠᠭᠠᠨ ᠤ ᠠᠮᠤᠷ ᠲᠦᠪᠰᠢᠨ ᠢ ᠤᠬᠠᠮᠰᠠᠷ ᠠᠴᠠ ᠪᠠᠨ  ᠰᠠᠬᠢᠵᠣ᠂ ᠣᠯᠠᠨ ᠲᠦᠮᠡᠨ ᠤ ᠠᠮᠤᠷ ᠲᠦᠪᠰᠢᠨ ᠤ ᠤᠬᠠᠮᠰᠠᠷ ᠢ ᠳᠡᠭᠡᠭᠰᠢᠯᠡᠭᠦᠯᠦᠨ᠎ᠡ᠃
 
ᠢᠷᠡᠯᠲᠡ᠄ ᠵᠠᠯᠠᠨ ᠠᠶᠢᠯ ᠬᠤᠲᠠ ᠶᠢᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号