ᠲᠠᠷᠢᠶᠠᠯᠠᠩ ᠮᠠᠯ ᠠᠵᠤ ᠠᠬᠤᠶ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠰᠠᠮᠠ ᠵᠡᠭᠡᠯᠢ ᠶᠢᠨ ᠡᠸᠡᠩᠬᠢ ᠦᠨᠳᠦᠰᠦᠲᠡᠨ ᠤ ᠰᠢᠶᠠᠩ ᠤᠨ ᠵᠠᠮ ᠤᠨ ᠠᠮᠤᠷ ᠲᠦᠪᠰᠢᠨ ᠤ ᠤᠬᠠᠭᠤᠯᠭ᠎ᠠ ᠶᠢᠨ ᠠᠵᠢᠯᠯᠠᠭ᠎ᠠ ᠳᠤ ᠣᠷᠣᠯᠴᠠᠪᠠ
ᠨᠡᠶᠢᠲᠡᠯᠡᠭᠰᠡᠨ ᠴᠠᠭ᠄
2021/9/16
     ᠤᠢᠢᠷ᠎ᠠ ᠶᠢᠨ ᠡᠳᠦᠷ᠂  ᠬᠠᠮᠢᠶ᠎ᠠ ᠪᠦᠬᠦᠢ ᠰᠠᠯᠠᠭ᠎ᠠ ᠮᠥᠴᠢᠷ ᠤᠨ ᠪᠢᠴᠢᠭ  ᠮᠠᠲ᠋ᠧᠷᠢᠶᠠᠯ  ᠤᠨ ᠵᠣᠷᠢᠭ ᠰᠠᠨᠠᠭ᠎ᠠ ᠪᠠᠷ᠂ ᠰᠠᠮᠠ ᠵᠡᠭᠡᠯᠢ ᠶᠢᠨ ᠡᠸᠡᠩᠬᠢ ᠦᠨᠳᠦᠰᠦᠲᠡᠨ ᠤ ᠰᠢᠶᠠᠩ ᠤᠨ ᠵᠠᠰᠠᠭ ᠤᠨ ᠣᠷᠳᠣᠨ ᠠᠴᠠ ᠬᠤᠳᠠ ᠶᠢᠨ ᠲᠠᠷᠢᠶᠠᠯᠠᠩ ᠤᠨ ᠰᠢᠨᠵᠢᠯᠡᠬᠦ ᠤᠬᠠᠭᠠᠨ ᠤ  ᠲᠣᠪᠴᠢᠶ᠎ᠠ ᠶᠢᠨ ᠬᠠᠷᠢᠶ᠎ᠠ ᠲᠠᠷᠢᠶᠠᠯᠠᠩ ᠮᠠᠯ ᠠᠵᠤ ᠠᠬᠤᠢ ᠶᠢᠨ ᠬᠠᠤᠯᠢ ᠬᠡᠷᠡᠭᠵᠢᠭᠦᠯᠬᠦ ᠶᠡᠭᠡ ᠠᠩᠬᠢ᠂ ᠵᠠᠯᠠᠨ ᠠᠶᠢᠯ ᠬᠤᠳᠠ ᠶᠢᠨ ᠮᠦᠬᠦᠴᠢ ᠵᠠᠮ ᠬᠠᠷᠢᠯᠴᠠᠭᠠᠨ ᠤ ᠴᠠᠭᠳᠠᠭ᠎ᠠ ᠶᠢᠨ ᠳᠤᠮᠳᠠ ᠠᠩᠬᠢ ᠵᠡᠷᠭᠡ ᠤᠯᠠᠨ ᠨᠢᠭᠡᠴᠡ ᠲᠠᠢ ᠬᠠᠮᠲᠤᠷᠠᠨ ᠰᠠᠮᠠ ᠵᠡᠭᠡᠯᠢ ᠶᠢᠨ ᠡᠸᠡᠩᠬᠢ ᠦᠨᠳᠦᠰᠦᠲᠡᠨ ᠤ ᠰᠢᠶᠠᠩ ᠤᠨ ᠦᠨᠳᠦᠰᠦᠲᠡᠨ ᠤ ᠰᠤᠷᠭᠠᠭᠤᠯᠢ ᠶᠢᠨ ᠠᠭᠤᠳᠠᠮ ᠲᠠᠯᠠᠪᠠᠢ ᠳᠤ ᠠᠶᠤᠯᠭᠦᠢ ᠦᠢᠯᠡᠳᠪᠦᠷᠢᠯᠡᠯ ᠵᠢᠴᠢ ᠵᠠᠮ ᠬᠠᠷᠢᠯᠴᠠᠭᠠᠨ ᠤ ᠠᠮᠤᠷ ᠲᠦᠪᠰᠢᠨ ᠤ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠵᠡᠢ᠃     ᠲᠣᠰ ᠤᠳᠠᠭᠠᠨ ᠤ ᠤᠬᠠᠭᠤᠯᠭ᠎ᠠ ᠶᠢᠨ ᠠᠵᠢᠯᠯᠠᠭ᠎ᠠ ᠳᠤ᠂ ᠲᠠᠭᠤᠨ  ᠰᠢᠩᠭᠡᠭᠡᠯᠲᠡ ᠶᠢ ᠰᠢᠩᠭᠡᠭᠡᠵᠦ ᠨᠡᠪᠲᠡᠷᠡᠭᠦᠯᠬᠦ᠂ ᠤᠬᠠᠭᠤᠯᠭ᠎ᠠ ᠶᠢᠨ ᠬᠠᠭᠤᠳᠠᠰᠤ ᠲᠠᠷᠬᠠᠭᠠᠬᠤ᠂ ᠲᠤᠬᠠᠶ ᠶᠢᠨ ᠲᠠᠯᠠᠪᠤᠷ ᠲᠤ ᠲᠠᠶᠢᠯᠤᠮᠵᠢ ᠬᠢᠬᠦ ᠵᠡᠷᠭᠡ ᠠᠷᠭ᠎ᠠ ᠮᠠᠶ᠋ᠢᠭ ᠢ ᠠᠪᠴᠤ᠂ ᠵᠠᠮ ᠬᠠᠷᠢᠯᠴᠠᠭ᠎ᠠ᠂ ᠲᠠᠷᠢᠶᠠᠯᠠᠩ ᠤᠨ ᠮᠠᠰᠢᠨ ᠪᠠᠭᠠᠵᠢ ᠶᠢᠨ ᠬᠡᠷᠡᠭᠯᠡᠯᠲᠡ᠂ ᠭᠠᠯ ᠤᠨᠲᠠᠷᠠᠭᠠᠬᠤ ᠵᠡᠷᠭᠡ ᠲᠠᠯ᠎ᠠ ᠶᠢᠨ ᠠᠮᠤᠷ ᠲᠦᠪᠰᠢᠨ ᠤ ᠶᠡᠷᠦ ᠶᠢᠨ ᠮᠡᠳᠡᠯᠭᠡ ᠶᠢ ᠤᠬᠠᠭᠤᠯᠪᠠ᠃ ᠠᠵᠢᠯᠯᠠᠭ᠎ᠠ ᠶᠢᠨ ᠳᠤᠮᠳᠠ ᠲᠠᠷᠢᠶᠠᠯᠠᠩ ᠤᠨ ᠮᠠᠰᠢᠨ ᠤ ᠲᠠᠯ᠎ᠠ ᠪᠠᠷ ᠬᠢ ᠤᠬᠠᠭᠤᠯᠭ᠎ᠠ ᠶᠢᠨ ᠬᠠᠭᠤᠳᠠᠰᠤ 300 ᠭᠠᠷᠤᠶ ᠬᠤᠪᠢ᠂ ᠤᠬᠠᠭᠤᠯᠭ᠎ᠠ ᠶᠢᠨ ᠳᠡᠪᠲᠡᠷ 100 ᠭᠠᠷᠤᠶ ᠬᠤᠪᠢ᠂ ᠤᠬᠠᠭᠤᠯᠭ᠎ᠠ ᠶᠢᠨ ᠮᠠᠲ᠋ᠧᠷᠢᠶᠠᠯ 100 ᠭᠠᠷᠤᠶ ᠬᠤᠪᠢ᠂ ᠵᠠᠮ ᠬᠠᠷᠢᠯᠴᠠᠭᠠᠨ ᠤ ᠤᠬᠠᠭᠤᠯᠭ᠎ᠠ ᠶᠢᠨ ᠬᠠᠭᠤᠳᠠᠰᠤ 200 ᠭᠠᠷᠤᠶ ᠬᠤᠪᠢ᠂ ᠭᠠᠯ ᠤᠨᠲᠠᠷᠠᠭᠠᠬᠤ ᠤᠬᠠᠭᠤᠯᠭ᠎ᠠ ᠶᠢᠨ ᠬᠠᠭᠤᠳᠠᠰᠤ 100 ᠭᠠᠷᠤᠶ ᠬᠤᠪᠢ ᠲᠠᠷᠬᠠᠭᠠᠵᠤ᠂  20 ᠭᠠᠷᠤᠶ ᠬᠥᠮᠦᠨ  ᠣᠳᠠᠭᠠᠨ ᠤ ᠠᠰᠠᠭᠤᠯᠲᠠ ᠯᠠᠪᠯᠠᠯᠲᠠ ᠶᠢ ᠬᠠᠷᠢᠭᠤᠯᠵᠠᠢ᠃    ᠡᠨᠡ ᠤᠳᠠᠭ᠎ᠠ ᠶᠢᠨ ᠤᠬᠠᠭᠤᠯᠭ᠎ᠠ ᠬᠥᠮᠦᠵᠢᠯ ᠤᠨ ᠠᠵᠢᠯᠯᠠᠭ᠎ᠠ ᠨᠢ ᠲᠠᠷᠢᠶᠠᠴᠢᠨ ᠲᠦᠮᠡᠨ ᠤ ᠵᠠᠮ ᠬᠠᠷᠢᠯᠴᠠᠭᠠᠨ ᠤ ᠠᠮᠤᠷ ᠲᠦᠪᠰᠢᠨ ᠤ ᠬᠠᠤᠯᠢ ᠲᠦᠷᠢᠮ ᠤᠨ  ᠲᠣᠬᠠᠢ ᠲᠠᠨᠢᠯᠲᠠ ᠶᠢ ᠪᠦᠲᠦᠮᠵᠢᠲᠡᠢ ᠳᠡᠭᠡᠭᠰᠢᠯᠡᠭᠦᠯᠵᠦ᠂ ᠵᠠᠮ ᠬᠠᠷᠢᠯᠴᠠᠭᠠᠨ ᠤ ᠠᠮᠤᠷ ᠲᠦᠪᠰᠢᠨ ᠤ ᠮᠡᠳᠡᠯᠭᠡ ᠶᠢ ᠪᠠᠶᠠᠯᠢᠭᠵᠢᠭᠤᠯᠵᠤ᠂ ᠵᠠᠮ ᠬᠠᠷᠢᠯᠴᠠᠭᠠᠨ ᠤ ᠠᠮᠤᠷ ᠲᠦᠪᠰᠢᠨ ᠤ ᠰᠡᠷᠭᠡᠶᠢᠯᠡᠯᠲᠡ ᠶᠢᠨ ᠤᠬᠠᠮᠰᠠᠷ ᠢ ᠴᠢᠩᠭᠠᠳᠬᠠᠵᠤ᠂ ᠨᠠᠮᠤᠷ ᠤᠨ ᠬᠤᠷᠢᠶᠠᠯᠲᠠ ᠶᠢᠨ ᠠᠶᠤᠯᠭᠦᠢ ᠦᠢᠯᠡᠳᠪᠦᠷᠢᠯᠡᠯ ᠤᠨ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠪᠠᠬᠢᠵᠢᠭᠦᠯᠵᠡᠢ᠃
 
ᠢᠷᠡᠯᠲᠡ᠄ ᠵᠠᠯᠠᠨ ᠠᠶᠢᠯ ᠬᠤᠲᠠ ᠶᠢᠨ ᠵᠠᠰᠠᠭ ᠤᠨ ᠤᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号