| | | ᠬᠥᠯᠥᠨ ᠪᠤᠶᠢᠷ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠲᠠ ᠶᠢᠨ ᠳᠡᠳ᠋ | ᠳᠠᠷᠤᠭ᠎ᠠ ᠪᠠᠶ ᠬᠠᠶ ᠯᠢᠨ ᠤ ᠠᠵᠢᠯ ᠤᠨ ᠱᠠᠭᠠᠷᠳᠠᠯᠭ᠎ᠠ ᠶᠣᠰᠣᠭᠠᠷ᠂ 9 ᠰᠠᠷ᠎ᠠ ᠶᠢᠨ 15 ᠤ ᠡᠳᠦᠷ ᠤᠨ | ᠦᠳᠡ ᠶᠢᠨ ᠡᠮᠦᠨ᠎ᠡ᠂ ᠵᠠᠯᠠᠨ ᠠᠶᠢᠯ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ | ᠸᠠᠩ ᠪᠥᠸᠧ ᠬᠤᠲᠠ ᠶᠢᠨ ᠳᠡᠳ᠋ ᠳᠠᠷᠤᠭ᠎ᠠ ᠯᠦ ᠶᠠ ᠭᠤᠸᠠᠩ᠂ ᠬᠤᠲᠠ ᠶᠢᠨ ᠵᠠᠰᠠᠭ ᠤᠨ ᠣᠷᠳᠣᠨ ᠤ ᠠᠯᠪᠠᠨ | ᠬᠡᠷ ᠤᠨ ᠡᠷᠬᠢᠯᠡᠭᠴᠢ ᠷᠧᠨ ᠰᠢ ᠴᠢᠩ ᠪᠠᠷ᠎ᠠ ᠪᠣᠯᠵᠣ᠂ ᠬᠥᠭᠵᠢᠭᠦᠯᠦᠯᠲᠡ ᠥᠭᠡᠷᠡᠴᠢᠯᠡᠯᠲᠡ᠂ ᠪᠠᠶᠢᠭᠠᠯᠢ ᠶᠢᠨ ᠡᠬᠢ | ᠪᠠᠶᠠᠯᠢᠭ᠂ ᠡᠪᠡᠰᠦ ᠪᠡᠯᠴᠢᠭᠡᠷ᠂ ᠬᠤᠸᠠ ᠨᠧᠩ ᠺᠣᠮᠫᠠᠨᠢ ᠵᠡᠷᠭᠡ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ | ᠬᠠᠷᠢᠭᠤᠴᠠᠯᠭᠠᠲᠠᠨ ᠨᠥᠬᠦᠳ ᠢ ᠳᠠᠭᠠᠭᠤᠯᠤᠨ᠂ ᠥᠪᠥᠷ ᠮᠣᠩᠭᠤᠯ ᠤᠨ ᠵᠡᠭᠦᠨ ᠬᠡᠰᠡᠭ ᠤᠨ ᠰᠠᠭᠤᠷᠢᠨ ᠭᠠᠵᠠᠷ ᠤᠨ | ᠢᠮᠦ᠋ ᠶᠢᠨ ᠲᠣᠭᠲᠠᠮᠠᠯ ᠤᠷᠤᠰᠬᠠᠯᠲᠤ ᠳᠠᠪᠠᠭ᠎ᠠ ᠶᠢᠨ ᠵᠡᠭᠦᠨ ᠬᠡᠰᠡᠭ ᠤᠨ 200 ᠲᠦᠮᠡᠨ ᠺᠢᠯᠣᠸᠠᠲ ᠤᠨ ᠭᠠᠳᠠᠭᠰᠢ | ᠬᠦᠷᠭᠡᠬᠦ ᠵᠦᠢᠯᠡᠰ ᠤᠨ ᠲᠤᠬᠠᠶ ᠶᠢᠨ ᠲᠠᠯᠠᠪᠤᠷ ᠲᠤ ᠬᠦᠷᠴᠦ᠂ ᠵᠦᠢᠯᠡᠰ ᠤᠨ ᠰᠣᠩᠭᠤᠭᠰᠠᠨ ᠭᠠᠵᠠᠷ ᠢ ᠲᠤᠬᠠᠶ ᠶᠢᠨ | ᠭᠠᠵᠠᠷ ᠲᠤᠨᠢ ᠪᠠᠶᠢᠴᠠᠭᠠᠨ ᠦᠵᠡᠵᠦ᠂ ᠲᠤᠬᠠᠶ ᠶᠢᠨ ᠲᠠᠯᠠᠪᠤᠷ ᠲᠤ ᠠᠵᠢᠯᠯᠠᠪᠠ᠃ | | ᠸᠠᠩ ᠪᠥᠸᠧ ᠵᠢᠭᠠᠵᠤ ᠭᠠᠷᠭᠠᠭᠰᠠᠨ ᠨᠢ᠂ ᠠᠷᠢᠭᠤᠨ ᠴᠡᠪᠡᠷ ᠡᠨᠧᠷᠭᠢ ᠶᠢᠨ ᠰᠤᠷᠪᠤᠯᠵᠢ ᠶᠢ ᠶᠡᠬᠡᠪᠡᠷ | ᠬᠥᠭᠵᠢᠭᠦᠯᠵᠦ᠂ ᠦᠢᠯᠡᠳᠪᠦᠷᠢᠯᠡᠯ ᠤᠨ ᠬᠡᠷᠡᠭᠴᠡᠭᠡ ᠶᠢ ᠬᠠᠩᠭᠠᠵᠤ ᠴᠢᠳᠠᠬᠤ ᠪᠠᠷ ᠪᠠᠷᠠᠬᠤ ᠦᠭᠡᠢ ᠪᠠᠰᠠ ᠰᠠᠯᠬᠢᠨ | ᠬᠦᠴᠦᠨ ᠤ ᠴᠠᠬᠢᠯᠭᠠᠨ ᠤ ᠰᠣᠯᠢᠭᠳᠠᠯ ᠢ ᠪᠡᠶᠡᠯᠡᠭᠦᠯᠵᠦ᠂ ︽ᠨᠡᠭᠦᠷᠡᠰᠦᠲᠥ᠋ᠷᠥᠭᠴᠢ ᠶᠢᠨ ᠤᠷᠬᠢᠯ ᠳᠤ ᠬᠦᠷᠬᠦ︾ ︽ | ᠨᠡᠭᠦᠷᠡᠰᠦᠲᠥ᠋ᠷᠥᠭᠴᠢ ᠶᠢᠨ ᠰᠠᠭᠠᠷᠮᠠᠭᠵᠢᠯᠲᠠ︾ ᠶᠢ ᠪᠡᠶᠡᠯᠡᠭᠦᠯᠬᠦ ᠳᠤ ᠰᠠᠭᠤᠷᠢ ᠲᠠᠯᠪᠢᠵᠤ᠂ ᠠᠵᠤ ᠠᠬᠤᠢ | ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠪᠣᠯᠤᠨ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ | ᠬᠡᠷᠡᠭᠴᠡᠭᠡ ᠳᠤ ᠨᠡᠶᠢᠴᠡᠵᠦ᠂ ᠣᠨᠴᠠᠭᠠᠶᠢᠯᠠᠨ ᠰᠢᠨ᠎ᠡ ᠪᠠᠷ ᠮᠠᠨᠳᠤᠭᠰᠠᠨ ᠠᠵᠤ ᠦᠢᠯᠡᠰ ᠢ ᠢᠳᠡᠪᠬᠢᠲᠡᠢ ᠪᠤᠶᠢᠵᠢᠭᠤᠯᠤᠨ | ᠪᠤᠵᠠᠭᠠᠶᠢᠷᠠᠭᠤᠯᠵᠤ᠂ ᠰᠠᠯᠬᠢᠨ ᠬᠦᠴᠦᠨ ᠤ ᠴᠠᠬᠢᠯᠭᠠᠨ ᠤ ᠲᠦᠷᠦᠯ ᠵᠦᠢᠯ ᠢ ᠲᠥᠯᠥᠪᠵᠢᠭᠦᠯᠦᠨ ᠬᠥᠭᠵᠢᠭᠦᠯᠬᠦ ᠪᠣᠯ | ᠬᠤᠳᠠ ᠶᠢᠨ ᠶᠢᠰᠦᠳᠦᠭᠡᠷ ᠤᠳᠠᠭ᠎ᠠ ᠶᠢᠨ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠵᠣᠷᠢᠭ ᠰᠠᠨᠠᠭ᠎ᠠ ᠶᠢ | ᠲᠤᠤᠱᠯᠠᠭᠤᠯᠤᠨ ᠨᠠᠶᠢᠳᠠᠪᠤᠷᠢᠵᠢᠭᠤᠯᠬᠤ ᠪᠣᠳᠠᠲᠠᠢ ᠬᠥᠭᠵᠢᠯᠲᠡ ᠶᠢᠨ ᠠᠷᠭ᠎ᠠ ᠬᠡᠮᠵᠢᠶ᠎ᠡ ᠪᠣᠯᠤᠨ᠎ᠠ᠃ | | | ᠸᠠᠩ ᠪᠥᠸᠧ ᠱᠠᠭᠠᠷᠳᠠᠭᠰᠠᠨ ᠨᠢ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠪᠣᠯᠤᠨ ᠠᠵᠤ | ᠠᠬᠤᠶᠢᠯᠠᠯ ᠤᠨ ᠬᠢᠨ ᠪᠣᠬᠢᠷᠲᠤᠯ ᠦᠭᠡᠢ᠂ ᠨᠡᠭᠦᠷᠡᠰᠦᠲᠥ᠋ᠷᠥᠭᠴᠢ ᠪᠠᠭ᠎ᠠ᠂ ᠡᠷᠬᠢᠯᠳᠡᠳᠦ ᠬᠥᠭᠵᠢᠯᠲᠡ ᠶᠢᠨ | ᠤᠢᠢᠯᠠᠭᠠᠭᠳᠠᠬᠤᠨ ᠢ ᠪᠠᠲᠤ ᠪᠤᠢ ᠪᠣᠯᠭᠠᠵᠤ᠂ ᠰᠠᠯᠬᠢᠨ ᠬᠦᠴᠦᠨ ᠤ ᠴᠠᠬᠢᠯᠭᠠᠨ ᠤ ᠲᠦᠷᠦᠯ ᠵᠦᠢᠯ ᠤᠨ ᠪᠦᠳᠦᠭᠡᠨ | ᠪᠠᠶᠢᠭᠤᠯᠤᠯᠲᠠ ᠶᠢ ᠬᠠᠮᠲᠤᠪᠠᠷ ᠰᠠᠶᠢᠲᠤᠷ ᠬᠢᠵᠦ᠂ ᠰᠢᠨ᠎ᠡ ᠡᠨᠧᠷᠭᠢ ᠶᠢᠨ ᠠᠵᠤ ᠦᠢᠯᠡᠰ ᠤᠨ ᠮᠠᠨ ᠤ ᠬᠤᠳᠠ ᠳᠠᠬᠢ | ᠭᠦᠨᠵᠡᠭᠡᠶᠢᠷᠡᠨ ᠬᠥᠭᠵᠢᠬᠦ ᠶᠢ ᠲᠠᠰᠤᠷᠠᠯᠳᠡ ᠦᠭᠡᠢ ᠠᠬᠢᠭᠤᠯᠬᠤ ᠪᠠᠷ ᠪᠠᠷᠠᠬᠤ ᠦᠭᠡᠢ ᠪᠠᠰᠠ ᠣᠷᠴᠢᠨ ᠲᠣᠭᠤᠷᠢᠨ ᠤ | ᠬᠠᠮᠠᠭᠠᠯᠠᠯᠲᠠ ᠶᠢᠨ ᠬᠤᠷᠢᠭ᠎ᠠ ᠱᠤᠭᠤᠮ ᠪᠣᠯᠤᠨ ᠠᠮᠢ ᠠᠬᠤᠢ ᠶᠢᠨ ᠤᠯᠠᠭᠠᠨ ᠱᠤᠭᠤᠮ ᠢ ᠡᠷᠡᠰ ᠰᠠᠬᠢᠵᠤ᠂ 1 | ᠺᠢᠯᠣᠸᠠᠲ ᠳᠤᠲᠠᠭᠤ ᠪᠠᠶᠢᠭᠤᠯᠬᠤ ᠠᠴᠠ ᠪᠢᠰᠢ ᠵᠠᠭᠠᠭ ᠱᠤᠭᠤᠮ ᠠᠴᠠ1 ᠰᠠᠨᠲ᠋ᠢᠮᠧᠲᠷ ᠢ ᠴᠦ ᠳᠠᠪᠠᠭ᠋ᠤ ᠦᠭᠡᠢ | ᠪᠠᠶᠢᠬᠤ ᠶᠢ ᠪᠡᠶᠡᠯᠡᠭᠦᠯᠵᠦ᠂ ᠡᠨᠡᠬᠦ ᠬᠥᠬᠡᠮᠳᠦᠭ ᠨᠣᠭᠤᠭᠠᠨ᠂ ᠡᠨᠡᠬᠦ ᠴᠡᠪᠡᠷ ᠠᠷᠢᠭᠤᠨ ᠢ ᠪᠦᠬᠦ ᠬᠦᠴᠦᠨ ᠢᠶᠠᠷ ᠢᠶᠠᠨ | ᠰᠠᠶᠢᠲᠤᠷ ᠰᠠᠬᠢᠨ ᠬᠠᠮᠠᠭᠠᠯᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃ |