ᠰᠢᠨᠬᠤᠸᠠ ᠬᠤᠷᠢᠶᠠᠨ ᠤ ᠪᠡᠭᠡᠵᠢᠩ ᠤᠨ 9 ᠰᠠᠷ᠎ᠠ ᠶᠢᠨ 13 ᠤ ᠴᠠᠬᠢᠯᠭᠠᠨ ᠮᠡᠳᠡᠭᠡ ᠨᠠᠮ ᠤᠨ ᠲᠥᠪ | ᠬᠤᠷᠢᠶᠠᠨ ᠤ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ | ᠲᠡᠷᠢᠭᠦᠯᠡᠭᠴᠢ ᠰᠢ ᠶᠢᠨ ᠫᠢᠩ ᠤᠵᠢᠷ᠎ᠠ ᠳᠤ ︽ᠥᠨᠳᠦᠷᠯᠢᠭ ᠤᠨ ᠬᠢᠯᠢ ᠶᠢ ᠬᠠᠮᠠᠭᠠᠯᠠᠬᠰᠠᠨ ᠵᠢᠱᠢᠶᠡᠴᠢ ᠪᠠᠲᠯᠢᠶᠣᠨ︾ | ᠤ ᠪᠦᠬᠦ ᠳᠠᠷᠤᠭ᠎ᠠ ᠪᠠᠶᠢᠯᠳᠤᠭᠴᠢ ᠳᠤ ᠬᠠᠷᠢᠭᠤ ᠵᠠᠬᠢᠳᠠᠯ ᠢᠯᠡᠬᠡᠵᠤ᠂ ᠳᠡᠳᠡᠨ ᠳᠤ ᠴᠢᠩ ᠰᠡᠳᠬᠢᠯ ᠤᠨ ᠮᠡᠨᠳᠦᠴᠢᠯᠡᠯ | ᠳᠡᠪᠰᠢᠭᠦᠯᠪᠡ᠃ | | ᠰᠢ ᠶᠢᠨ ᠫᠢᠩ ᠬᠠᠷᠢᠭᠤ ᠵᠠᠬᠢᠳᠠᠯ ᠳᠠᠭᠠᠨ᠂ 5 ᠵᠢᠯ ᠤᠨ ᠲᠤᠷᠰᠢ᠂ ᠲᠠ ᠨᠠᠷ ᠨᠠᠮ ᠪᠣᠯᠤᠨ ᠠᠷᠠᠳ | ᠲᠦᠮᠡᠨ ᠠᠴᠠ ᠤᠯᠭᠤᠬᠰᠠᠨ ᠡᠭᠦᠷᠭᠡ ᠬᠠᠷᠢᠭᠤᠴᠠᠯᠭ᠎ᠠ ᠶᠢ ᠪᠠᠲᠤ ᠴᠡᠭᠡᠵᠢᠯᠡᠵᠦ᠂ ᠠᠮᠢ ᠨᠠᠰᠤᠨ ᠤ ᠬᠤᠷᠢᠭᠠᠲᠤ | ᠣᠷᠣᠨ ᠢ ᠪᠠᠲᠤ ᠰᠠᠬᠢᠨ᠂ ᠵᠠᠯᠠᠭᠤ ᠨᠠᠰᠤ ᠪᠣᠯᠤᠨ ᠬᠠᠯᠠᠭᠤᠨ ᠴᠢᠰᠤ ᠪᠠᠷ ᠡᠬᠡ ᠤᠯᠤᠰ ᠤᠨ ᠢᠶᠠᠨ ᠲᠠᠷᠬᠠᠨ ᠨᠤᠲᠤᠭ | ᠳᠡᠪᠢᠰᠬᠡᠷ ᠢ ᠰᠠᠬᠢᠨ ᠬᠠᠮᠠᠭᠠᠯᠠᠵᠤ᠂ ᠡᠭᠦᠷᠭᠡᠯᠡᠭᠰᠡᠨ ᠡᠭᠦᠷᠭᠡ ᠪᠠᠨ ᠭᠠᠷᠮᠠᠭᠠᠢ ᠪᠡᠶᠡᠯᠡᠭᠦᠯᠪᠡ᠃ ᠪᠦᠭᠦᠳᠡᠭᠡᠷ ᠢᠶᠠᠨ | ᠪᠤᠯᠵᠤ ᠪᠠᠶᠢᠨ᠎ᠠ ᠬᠡᠵᠤ ᠢᠯᠡᠳᠬᠡᠪᠡ᠃ | | ᠰᠢ ᠶᠢᠨ ᠫᠢᠩ᠂ ᠬᠢᠯᠢ ᠶᠢᠨ ᠬᠠᠮᠠᠭᠠᠯᠠᠯᠲᠠ ᠶᠢᠨ ᠴᠡᠷᠢᠭ ᠠᠩᠭᠢ ᠬᠢᠯᠢ ᠶᠢ ᠬᠦᠴᠦᠷᠬᠡᠭᠵᠢᠭᠦᠯᠵᠦ | ᠰᠡᠷᠭᠡᠶᠢᠯᠡᠯᠲᠡ ᠶᠢ ᠪᠠᠬᠢᠵᠢᠭᠦᠯᠬᠦ ᠡᠮᠦᠨ᠎ᠡ ᠹᠷᠣᠨᠲ ᠲᠤ ᠪᠠᠶᠢᠯᠳᠤᠵᠤ᠂ ᠡᠭᠦᠷᠭᠡ ᠬᠠᠲᠠᠭᠤ ᠪᠡᠷᠬᠡ᠂ ᠬᠠᠷᠢᠭᠤᠴᠠᠯᠭ᠎ᠠ | ᠬᠦᠨᠳᠦ ᠶᠡᠭᠡ ᠶᠤᠮ᠃ ᠨᠥᠬᠦᠳ ᠨᠡᠷ ᠬᠠᠷᠢᠭᠤᠴᠠᠯᠭ᠎ᠠ ᠡᠭᠦᠷᠭᠡᠯᠡᠯ ᠢᠶᠠᠨ ᠴᠢᠩᠭᠠᠳᠬᠠᠵᠤ᠂ ᠰᠢᠯᠢᠳᠡᠭ | ᠤᠯᠠᠮᠵᠢᠯᠠᠯ ᠢᠶᠠᠨ ᠪᠠᠳᠠᠷᠠᠭᠤᠯᠵᠤ᠂ ᠴᠡᠷᠢᠭ ᠪᠣᠯᠪᠠᠰᠤᠷᠠᠭᠤᠯᠤᠨ ᠲᠠᠶᠢᠨ ᠳᠤ ᠪᠡᠯᠡᠳᠬᠡᠬᠦ ᠪᠠᠨ ᠴᠢᠩᠭᠠᠳᠬᠠᠵᠤ᠂ ᠡᠬᠡ | ᠤᠯᠤᠰ ᠢᠶᠠᠨ ᠬᠠᠮᠠᠭᠠᠯᠠᠵᠤ ᠬᠢᠯᠢ ᠶᠢ ᠬᠠᠮᠠᠭᠠᠯᠠᠬᠤ ᠡᠭᠦᠷᠭᠡ ᠬᠠᠷᠢᠭᠤᠴᠠᠯᠭ᠎ᠠ ᠪᠠᠨ ᠰᠢᠳᠤᠷᠭᠤ ᠪᠠᠷ ᠰᠠᠶᠢᠲᠤᠷ | ᠭᠦᠢᠴᠡᠳᠬᠡᠵᠦ᠂ ᠨᠠᠮ ᠪᠣᠯᠤᠨ ᠠᠷᠠᠳ ᠲᠦᠮᠡᠨ ᠳᠡᠭᠡᠨ ᠲᠠᠬᠢᠨ ᠰᠢᠨ᠎ᠡ ᠭᠠᠪᠢᠶ᠎ᠠ ᠵᠢᠳᠬᠦᠯ ᠪᠠᠶᠢᠭᠤᠯᠬᠤ ᠪᠠᠷ | ᠴᠢᠷᠮᠠᠶᠢᠬᠤ ᠶᠢ ᠬᠦᠰᠡᠵᠦ ᠪᠠᠶᠢᠨ᠎ᠠ ᠭᠡᠵᠦ ᠴᠢᠬᠤᠯᠠᠴᠢᠯᠠᠪᠠ᠃ | | ︽ᠥᠨᠳᠦᠷᠯᠢᠭ ᠤᠨ ᠬᠢᠯᠢ ᠶᠢ ᠬᠠᠮᠠᠭᠠᠯᠠᠬᠰᠠᠨ ᠵᠢᠱᠢᠶᠡᠴᠢ ᠪᠠᠲᠯᠢᠶᠣᠨ︾ ᠪᠣᠯ ᠨᠢᠬᠡᠨ ᠰᠠᠯᠠᠭ᠎ᠠ ᠰᠢᠯᠢᠳᠡᠭ | ᠤᠯᠠᠮᠵᠢᠯᠠᠯ ᠲᠠᠢ ᠪᠠᠭᠠᠲᠤᠷᠯᠢᠭ ᠴᠡᠷᠢᠭ ᠠᠩᠭᠢ ᠪᠣᠯᠤᠨ᠎ᠠ᠃ ᠲᠤᠰ ᠪᠠᠲᠯᠢᠶᠣᠨ ᠤ ᠰᠠᠭᠤᠭ᠎ᠠ ᠭᠠᠵᠠᠷ ᠨᠢ ᠳᠠᠯᠠᠶ ᠶᠢᠨ | ᠲᠦᠪᠰᠢᠨ ᠠᠴᠠ ᠳᠤᠮᠳᠠᠴᠢ ᠪᠠᠷ 4800 ᠭᠠᠷᠤᠶ ᠮᠧᠲᠷ ᠡᠷᠭᠦᠭᠳᠡᠵᠦ᠂ ᠬᠠᠮᠤᠭ ᠤᠨ ᠳᠣᠣᠷ᠎ᠠ ᠠᠭᠠᠷ ᠤᠨ | ᠳᠤᠯᠠᠭᠠᠨ ᠨᠢ ᠲᠡᠭ ᠠᠴᠠ ᠳᠣᠷᠣᠭᠰᠢ 40 ᠭᠷᠠᠳᠦ᠋ᠰ ᠪᠠᠶᠢᠵᠤ᠂ ᠨᠢᠬᠡ ᠵᠢᠯ ᠤᠨ 200 ᠭᠠᠷᠤᠢ ᠡᠳᠤᠷ ᠲᠤ 8 | ᠳᠡᠰ ᠠᠴᠠ ᠳᠡᠭᠡᠭᠰᠢ ᠶᠡᠭᠡ ᠰᠠᠯᠬᠢ ᠰᠠᠯᠬᠢᠯᠠᠳᠠᠬ᠃ ᠤᠷᠳᠤ ᠬᠤᠭᠤᠴᠠᠭᠠᠨ᠎ᠠ᠂ ᠴᠡᠷᠢᠭ ᠠᠩᠬᠢ ᠶᠢᠨ ᠳᠠᠷᠤᠭ᠎ᠠ | ᠪᠠᠶᠢᠯᠳᠤᠭᠴᠢᠳ ᠴᠠᠰᠤᠲᠤ ᠥᠨᠳᠦᠷᠯᠢᠭ ᠲᠤ ᠦᠨᠳᠦᠰᠦᠯᠡᠵᠦ᠂ ᠡᠭᠦᠷᠭᠡ ᠬᠠᠷᠢᠭᠤᠴᠠᠯᠭ᠎ᠠ ᠪᠠᠨ ᠦᠨᠡᠨᠴᠢ ᠪᠠᠷ | ᠭᠦᠢᠴᠡᠳᠬᠡᠵᠦ᠂ ᠤᠷᠢᠳ ᠬᠤᠵᠢᠳ 9 ᠤᠳᠠᠭ᠎ᠠ ᠪᠦᠬᠦ ᠤᠯᠤᠰ ᠪᠦᠬᠦ ᠴᠡᠷᠢᠭ ᠤᠨ ᠬᠥᠬᠢᠭᠦᠯᠦᠯ ᠢ ᠬᠦᠷᠳᠡᠵᠦ᠂ 5 | ᠤᠳᠠᠭ᠎ᠠ ᠢᠷᠠᠭᠤ ᠠᠯᠳᠠᠷ ᠤᠨ ᠴᠣᠯᠠ ᠬᠦᠷᠳᠡᠵᠦ᠂ 5 ᠨᠠᠷᠠ ᠨᠢᠭᠡᠳᠦᠭᠡᠷ ᠳᠡᠰ ᠤᠨ ᠭᠠᠪᠢᠶᠠᠳᠠᠨ᠂ 44 ᠨᠠᠷᠠ | ᠬᠤᠶᠠᠳᠤᠭᠠᠷ ᠳᠡᠰ ᠤᠨ ᠭᠠᠪᠢᠶᠠᠳᠠᠨ ᠵᠡᠷᠭᠡ ᠨᠢᠭᠡ ᠪᠦᠯᠦᠭ ᠲᠡᠷᠢᠭᠦᠨ ᠤ ᠬᠠᠮᠲᠤ ᠪᠠ ᠬᠤᠪᠢ ᠬᠥᠮᠦᠨ ᠴᠣᠯᠭᠤᠷᠠᠨ | ᠭᠠᠷᠴᠠᠢ᠃ 2016 ᠣᠨ ᠤ 8 ᠰᠠᠷ᠎ᠠ ᠳᠤ᠂ ᠰᠢ ᠶᠢᠨ ᠫᠢᠩ ᠲᠥᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ | ᠵᠠᠷᠯᠢᠭ ᠲᠤ ᠭᠠᠷ ᠤᠨ ᠦᠰᠦᠭ ᠵᠢᠷᠤᠵᠤ᠂ ᠲᠤᠰ ᠪᠠᠲᠯᠢᠶᠣᠨ ᠳᠤ ︽ᠥᠨᠳᠦᠷᠯᠢᠭ ᠤᠨ ᠬᠢᠯᠢ ᠶᠢ ᠬᠠᠮᠠᠭᠠᠯᠠᠬᠰᠠᠨ | ᠵᠢᠱᠢᠶᠡᠴᠢ ᠪᠠᠲᠯᠢᠶᠣᠨ︾ ᠤ ᠢᠷᠠᠭᠤ ᠠᠯᠳᠠᠷ ᠤᠨ ᠴᠣᠯᠠ ᠣᠯᠭᠤᠪᠠ᠃ ᠤᠵᠢᠷ᠎ᠠ ᠶᠢᠨ ᠡᠳᠦᠷ᠂ ᠪᠦᠬᠦ ᠪᠠᠲᠯᠢᠶᠣᠨ ᠤ | ᠳᠠᠷᠤᠭ᠎ᠠ ᠪᠠᠶᠢᠯᠳᠤᠭᠴᠢᠳ ᠲᠡᠷᠢᠭᠦᠯᠡᠭᠴᠢ ᠰᠢ ᠶᠢᠨ ᠫᠢᠩ ᠳᠤ ᠵᠠᠬᠢᠳᠠᠯ ᠪᠢᠴᠢᠵᠦ᠂ 5 ᠵᠢᠯ ᠤᠨ ᠲᠤᠷᠰᠢᠬᠢ | ᠠᠵᠢᠯ ᠤᠨ ᠪᠠᠶᠢᠳᠠᠯ ᠢᠶᠠᠨ ᠬᠠᠷᠢᠭᠤ ᠮᠡᠳᠡᠭᠦᠯᠵᠦ᠂ ᠲᠡᠷᠢᠭᠦᠯᠡᠭᠴᠢ ᠰᠢ ᠶᠢᠨ ᠫᠢᠩ ᠤᠨ ᠬᠦᠰᠡᠯ ᠨᠠᠶᠢᠳᠠᠯᠭ᠎ᠠ ᠶᠢ ᠪᠠᠲᠤ | ᠴᠡᠭᠡᠵᠢᠯᠡᠵᠦ᠂ ᠦᠨᠡᠨᠴᠢ ᠰᠢᠳᠤᠷᠭᠤ ᠪᠠᠷ ᠤᠯᠤᠰ ᠢᠶᠠᠨ ᠬᠠᠮᠠᠭᠠᠯᠠᠵᠤ ᠬᠢᠯᠢ ᠪᠠᠨ ᠰᠠᠬᠢᠬᠤ ᠡᠷᠡᠰ ᠪᠠᠲᠤ ᠢᠲᠡᠭᠡᠯ | ᠵᠣᠷᠢᠭ ᠢᠶᠠᠨ ᠢᠯᠡᠳᠬᠡᠭᠰᠡᠨ ᠪᠠᠶᠢᠨ᠎ᠠ᠃ | | |