ᠰᠢᠨᠬᠤᠸᠠ ᠬᠤᠷᠢᠶᠠᠨ ᠤ ᠪᠡᠭᠡᠵᠢᠩ ᠤᠨ 9 ᠰᠠᠷ᠎ᠠ ᠶᠢᠨ 15 ᠤ ᠴᠠᠬᠢᠯᠭᠠᠨ ᠮᠡᠳᠡᠭᠡ 9 ᠰᠠᠷ᠎ᠠ ᠶᠢᠨ 15 | ᠤ ᠡᠳᠦᠷ᠂ ᠤᠯᠤᠰ ᠤᠨ ᠲᠡᠷᠢᠭᠦᠯᠡᠭᠴᠢ ᠰᠢ ᠶᠢᠨ ᠫᠢᠩ 2021 ︽ᠨᠢᠭᠡ ᠪᠦᠰᠡ ᠨᠢᠭᠡ ᠵᠠᠮ︾ · ᠤᠷᠳᠤ | ᠴᠠᠭᠠᠨ ᠬᠡᠷᠡᠮ ᠤᠨ ᠤᠯᠠᠨ ᠤᠯᠤᠰ ᠤᠨ ᠠᠷᠠᠳ ᠤᠨ ᠰᠣᠶᠣᠯ ᠤᠷᠠᠯᠢᠭ ᠤᠨ ᠨᠠᠶᠢᠷ ᠲᠤ ᠪᠠᠶᠠᠷ ᠤᠨ ᠵᠠᠬᠢᠳᠠᠯ | ᠢᠯᠡᠭᠡᠪᠡ᠃ | | ᠰᠢ ᠶᠢᠨ ᠫᠢᠩ᠂ ᠪᠣᠯᠪᠠᠰᠤᠨ ᠨᠢ ᠰᠣᠯᠢᠯᠴᠠᠭ᠎ᠠ ᠪᠠᠷ ᠲᠠᠮᠵᠢᠨ ᠪᠠᠶᠠᠯᠢᠭ ᠰᠠᠶᠢᠬᠠᠨ ᠪᠤᠯᠳᠠᠭ᠃ ᠪᠢ ︽ᠨᠢᠭᠡ | ᠪᠦᠰᠡ ᠨᠢᠭᠡ ᠵᠠᠮ︾ ᠤᠨ ᠰᠠᠨᠠᠭᠠᠴᠢᠯᠠᠭ᠎ᠠ ᠶᠢ ᠳᠤᠷᠠᠳᠤᠭᠰᠠᠨ 8 ᠵᠢᠯ ᠤᠨ ᠲᠤᠷᠰᠢ᠂ ᠡᠯ᠎ᠡ ᠲᠠᠯ᠎ᠠ ᠶᠢᠨ ᠬᠠᠮᠲᠤ ᠶᠢᠨ | ᠤᠷᠤᠯᠴᠠᠯᠭ᠎ᠠ ᠪᠠ ᠴᠢᠷᠮᠠᠶᠢᠯᠭ᠎ᠠ ᠪᠠᠷ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠦᠳᠦᠭᠡᠨ ᠪᠠᠶᠢᠭᠤᠯᠬᠤ | ᠲᠠᠯ᠎ᠠ ᠳᠤ ᠢᠳᠡᠪᠬᠢᠲᠡᠢ ᠦᠷ᠎ᠡ ᠪᠦᠲᠦᠭᠡᠯ ᠣᠯᠵᠤ᠂ ᠬᠠᠮᠲᠤ ᠪᠠᠷ ᠪᠦᠳᠦᠭᠡᠨ ᠪᠠᠶᠢᠭᠤᠯᠤᠭᠰᠠᠨ ᠤᠯᠤᠰ ᠤᠳ ᠤᠨ | ᠠᠷᠠᠳ ᠲᠦᠮᠡᠨ ᠤ ᠵᠤᠯ ᠵᠢᠷᠭᠠᠯ ᠢ ᠨᠡᠮᠡᠭᠳᠡᠭᠦᠯᠦᠭᠰᠡᠨ ᠪᠥᠭᠡᠳ ᠬᠠᠮᠲᠤ ᠪᠠᠷ ᠪᠦᠳᠦᠭᠡᠨ ᠪᠠᠶᠢᠭᠤᠯᠤᠭᠰᠠᠨ | ᠤᠯᠤᠰ ᠤᠳ ᠤᠨ ᠪᠣᠯᠪᠠᠰᠤᠨ ᠤ ᠰᠣᠯᠢᠯᠴᠠᠭ᠎ᠠ ᠶᠠᠷᠢᠯᠴᠠᠭ᠎ᠠ ᠶᠢ ᠠᠬᠢᠭᠤᠯᠪᠠ᠃ | | ︽ᠨᠢᠭᠡ ᠪᠦᠰᠡ ᠨᠢᠭᠡ ᠵᠠᠮ︾ · ᠣᠷᠳᠣ ᠴᠠᠭᠠᠨ ᠬᠡᠷᠡᠮ ᠣᠯᠠᠨ ᠤᠯᠤᠰ ᠤᠨ ᠠᠷᠠᠳ ᠤᠨ ᠰᠣᠶᠣᠯ | ᠤᠷᠠᠯᠢᠭ ᠤᠨ ᠨᠠᠶᠢᠷ ᠢ ᠡᠷᠭᠢᠯᠡᠬᠦ ᠨᠢ ᠲᠣᠷᠭᠠᠨ ᠵᠠᠮ ᠪᠣᠯᠤᠨ ᠲᠦᠮᠡᠨ ᠭᠠᠵᠠᠷ ᠤᠨ ᠣᠷᠳᠣ ᠴᠠᠭᠠᠨ ᠬᠡᠷᠡᠮ ᠤᠨ | ᠳᠡᠯᠡᠬᠡᠶ ᠶᠢᠨ ᠰᠣᠶᠣᠯ ᠤᠨ ᠥᠪ ᠤᠨ ᠥᠷᠲᠡᠭ ᠢ ᠪᠠᠳᠠᠷᠠᠭᠤᠯᠬᠤ ᠳᠤ ᠠᠰᠢᠭᠳᠠᠢ ᠪᠠᠶᠢᠵᠤ᠂ ᠡᠯ᠎ᠡ ᠤᠯᠤᠰ ᠤᠨ | ᠠᠷᠠᠳ ᠤᠨ ᠰᠣᠶᠣᠯ ᠤᠷᠠᠯᠢᠭ ᠲᠤ ᠲᠠᠪᠴᠠᠩ ᠬᠠᠩᠭᠠᠵᠤ᠂ ᠡᠯ᠎ᠡ ᠤᠯᠤᠰ ᠤᠨ ᠠᠷᠠᠳ ᠲᠦᠮᠡᠨ ᠤ ᠰᠣᠯᠢᠯᠴᠠᠭ᠎ᠠ | ᠶᠠᠷᠢᠯᠴᠠᠭ᠎ᠠ ᠳᠤ ᠬᠥᠭᠦᠷᠭᠡ ᠲᠠᠯᠪᠢᠵᠤ᠂ ᠠᠳᠠᠯᠢ ᠪᠤᠰᠤ ᠪᠣᠯᠪᠠᠰᠤᠨ ᠤ ᠬᠠᠷᠢᠯᠴᠠᠨ ᠰᠣᠯᠢᠯᠴᠠᠵᠤ ᠬᠠᠷᠢᠯᠴᠠᠨ ᠲᠣᠯᠢ | ᠪᠤᠯᠭᠠᠬᠤ ᠬᠤᠯᠪᠣᠭᠠᠰᠤ ᠶᠢ ᠪᠠᠶᠢᠭᠤᠯᠵᠤ ᠦᠭᠴᠠᠢ᠃ ᠳᠤᠮᠳᠠᠳᠤ ᠤᠯᠤᠰ ᠡᠷᠬᠡ ᠲᠡᠭᠰᠢ᠂ ᠬᠠᠷᠢᠯᠴᠠᠨ ᠲᠤᠯᠢ | ᠪᠤᠯᠭᠠᠬᠤ᠂ ᠶᠠᠷᠢᠯᠴᠠᠭ᠎ᠠ ᠬᠢᠬᠦ᠂ ᠪᠠᠭᠲᠠᠭᠠᠮᠵᠢᠲᠠᠢ ᠪᠠᠶᠢᠬᠤ ᠪᠣᠯᠪᠠᠰᠤᠨ ᠤ ᠦᠵᠡᠯᠲᠡ ᠶᠢ ᠪᠠᠷᠢᠮᠲᠠᠯᠠᠵᠤ᠂ ᠳᠤᠷᠠᠲᠠᠶ᠎ᠠ | ᠡᠯ᠎ᠡ ᠤᠯᠤᠰ ᠲᠠᠢ ᠬᠠᠮᠲᠤ ᠪᠠᠷ ︽ᠨᠢᠭᠡ ᠪᠦᠰᠡ ᠨᠢᠭᠡ ᠵᠠᠮ︾ ᠢ ᠪᠦᠳᠦᠭᠡᠨ ᠪᠠᠶᠢᠭᠤᠯᠬᠤ ᠶᠢ ᠠᠬᠢᠭᠤᠯᠵᠤ᠂ ᠡᠶ᠎ᠡ | ᠨᠠᠶᠢᠷᠲᠠᠢ ᠠᠳᠠᠯ᠎ᠠ ᠦᠪᠠᠷ ᠤᠨ ᠢᠶᠠᠨ ᠪᠠᠷᠢᠮᠳᠠᠯᠠᠬᠤ᠂ ᠡᠯ᠎ᠠ ᠵᠦᠢᠯ ᠤᠨ ᠭᠤᠸ᠎ᠠ ᠰᠠᠶᠢᠬᠠᠨ ᠬᠠᠮᠲᠤ ᠪᠠᠷ ᠤᠷᠤᠰᠢᠬᠤ ᠶᠢ | ᠰᠠᠨᠠᠭᠠᠴᠢᠯᠠᠵᠤ᠂ ᠬᠥᠮᠦᠨ ᠲᠥᠷᠥᠯᠬᠢᠲᠡᠨ ᠤ ᠪᠣᠯᠪᠠᠰᠤᠨ ᠤ ᠲᠠᠪᠰᠢᠯᠳᠠ ᠳᠤ ᠨᠡᠩ ᠶᠡᠭᠡ ᠬᠤᠪᠢ ᠨᠡᠮᠡᠷᠢ | ᠦᠵᠡᠭᠦᠯᠦᠨ᠎ᠡ ᠭᠡᠵᠤ ᠵᠢᠭᠠᠵᠤ ᠭᠠᠷᠭᠠᠵᠠᠢ᠃ | | 2021 ︽ᠨᠢᠭᠡ ᠪᠦᠰᠡ ᠨᠢᠭᠡ ᠵᠠᠮ︾ · ᠣᠷᠳᠣ ᠴᠠᠭᠠᠨ ᠬᠡᠷᠡᠮ ᠣᠯᠠᠨ ᠤᠯᠤᠰ ᠤᠨ ᠠᠷᠠᠳ ᠤᠨ ᠰᠣᠶᠣᠯ | ᠤᠷᠠᠯᠢᠭ ᠤᠨ ᠨᠠᠶᠢᠷ ᠲᠣᠰ ᠡᠳᠦᠷ ᠾᠧᠪᠸᠢ ᠮᠤᠵᠢ ᠶᠢᠨ ᠯᠠᠩᠹᠠᠩ ᠬᠤᠲᠠ ᠳᠤ ᠡᠬᠢᠯᠡᠵᠦ᠂ ︽ᠰᠣᠶᠣᠯ | ᠤᠷᠠᠯᠢᠭ ᠤᠨ ᠠᠭᠤᠰᠤᠯᠴᠠᠯ · ︿ᠨᠢᠭᠡ ᠪᠦᠰᠡ ᠨᠢᠭᠡ ᠵᠠᠮ﹀ ᠢ ᠬᠠᠮᠲᠤ ᠪᠠᠷ ᠪᠥᠲᠥᠭᠡᠨ ᠪᠠᠶᠢᠭᠤᠯᠤᠶ᠎ᠠ︾ ᠪᠠᠷ ᠭᠤᠤᠯ | ᠰᠡᠳᠦᠪ ᠪᠤᠯᠭᠠᠵᠤ᠂ ᠰᠣᠶᠣᠯ ᠪᠠ ᠵᠢᠭᠤᠯᠴᠢᠯᠠᠯ ᠤᠨ ᠶᠠᠮᠤᠨ᠂ ᠾᠧᠪᠸᠢ ᠮᠤᠵᠢ ᠶᠢᠨ ᠠᠷᠠᠳ ᠤᠨ ᠵᠠᠰᠠᠭ ᠤᠨ | ᠣᠷᠳᠣᠨ ᠬᠠᠮᠲᠤ ᠪᠠᠷ ᠡᠷᠭᠢᠯᠡᠪᠡ᠃ | | |