| 9 ᠰᠠᠷ᠎ᠠ ᠶᠢᠨ 15 ᠤ ᠡᠳᠦᠷ᠂ ᠨᠠᠮ ᠤᠨ ᠲᠦᠪ ᠬᠤᠷᠢᠶᠠᠨ ᠤ ᠶᠡᠷᠦᠩᠬᠡᠢ ᠱᠦᠵᠢ᠂ ᠤᠯᠤᠰ ᠤᠨ | ᠲᠡᠷᠢᠭᠦᠯᠡᠭᠴᠢ᠂ ᠲᠦᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠲᠡᠷᠢᠭᠦᠯᠡᠭᠴᠢ ᠰᠢ ᠶᠢᠨ ᠫᠢᠩ ᠱᠠᠨᠰᠢ ᠳᠤ | ᠰᠠᠭᠤᠭ᠎ᠠ ᠴᠡᠷᠢᠭ ᠠᠩᠭᠢ ᠶᠢᠨ ᠨᠢᠭᠡᠨ ᠰᠠᠭᠤᠷᠢᠨ ᠭᠠᠵᠠᠷ ᠢᠶᠠᠷ ᠰᠢᠨᠵᠢᠯᠡᠨ ᠪᠠᠶᠢᠴᠠᠭᠠᠪᠠ᠃ ᠵᠢᠷᠤᠭ ᠪᠤᠯ ᠰᠢ ᠶᠢᠨ | ᠫᠢᠩ ᠰᠠᠭᠤᠷᠢᠨ ᠭᠠᠵᠠᠷ ᠤᠨ ᠠᠵᠢᠯ ᠤᠨ ᠬᠠᠷᠢᠭᠤ ᠮᠡᠳᠡᠭᠦᠯᠦᠯᠳᠡ ᠶᠢ ᠰᠤᠨᠤᠰᠤᠭᠰᠠᠨ ᠤ ᠳᠠᠷᠠᠭ᠎ᠠ ᠴᠢᠬᠤᠯᠠ ᠶᠠᠷᠢᠶ᠎ᠠ | ᠲᠠᠯᠪᠢᠵᠤ ᠪᠠᠶᠢᠭ᠎ᠠ ᠨᠢ᠃ | | ᠰᠢᠨᠬᠤᠸᠠ ᠬᠤᠷᠢᠶᠠᠨ ᠤ ᠰᠤᠷᠪᠤᠯᠵᠢᠯᠠᠭᠴᠢ ᠯᠢ ᠭᠠᠩ ᠰᠡᠭᠦᠳᠡᠷᠯᠡᠪᠡ | | | | | | 9 ᠰᠠᠷ᠎ᠠ ᠶᠢᠨ 15 ᠤ ᠡᠳᠦᠷ᠂ ᠨᠠᠮ ᠤᠨ ᠲᠦᠪ ᠬᠤᠷᠢᠶᠠᠨ ᠤ ᠶᠡᠷᠦᠩᠬᠡᠢ ᠱᠦᠵᠢ᠂ ᠤᠯᠤᠰ ᠤᠨ | ᠲᠡᠷᠢᠭᠦᠯᠡᠭᠴᠢ᠂ ᠲᠦᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠲᠡᠷᠢᠭᠦᠯᠡᠭᠴᠢ ᠰᠢ ᠶᠢᠨ ᠫᠢᠩ ᠱᠠᠨᠰᠢ ᠳᠤ | ᠰᠠᠭᠤᠭ᠎ᠠ ᠴᠡᠷᠢᠭ ᠠᠩᠭᠢ ᠶᠢᠨ ᠨᠢᠭᠡᠨ ᠰᠠᠭᠤᠷᠢᠨ ᠭᠠᠵᠠᠷ ᠢᠶᠠᠷ ᠰᠢᠨᠵᠢᠯᠡᠨ ᠪᠠᠶᠢᠴᠠᠭᠠᠪᠠ᠃ ᠵᠢᠷᠤᠭ ᠪᠤᠯ ᠰᠢ ᠶᠢᠨ | ᠫᠢᠩ ᠱᠠᠨᠰᠢ ᠳᠤ ᠰᠠᠭᠤᠭ᠎ᠠ ᠴᠡᠷᠢᠭ ᠠᠩᠭᠢ ᠶᠢᠨ ᠳᠠᠷᠤᠭ᠎ᠠ ᠪᠠᠶᠢᠯᠳᠤᠭᠴᠢᠳ ᠤᠨ ᠲᠦᠯᠦᠭᠡᠯᠡᠭᠴᠢᠳ ᠲᠠᠢ | ᠳᠤᠳᠤᠨᠤ ᠪᠠᠷ ᠠᠭᠤᠯᠵᠠᠵᠤ ᠪᠠᠶᠢᠭ᠎ᠠ ᠨᠢ᠃ | | | ᠰᠢᠨᠬᠤᠸᠠ ᠬᠤᠷᠢᠶᠠᠨ ᠤ ᠰᠤᠷᠪᠤᠯᠵᠢᠯᠠᠭᠴᠢ ᠯᠢ ᠭᠠᠩ ᠰᠡᠭᠦᠳᠡᠷᠯᠡᠪᠡ | | ᠰᠢᠨᠬᠤᠸᠠ ᠬᠤᠷᠢᠶᠠᠨ ᠤ ᠰᠢ ᠠᠨ ᠤ 9 ᠰᠠᠷ᠎ᠠ ᠶᠢᠨ 16 ᠤ ᠴᠠᠬᠢᠯᠭᠠᠨ ᠮᠡᠳᠡᠭᠡ ᠨᠠᠮ ᠤᠨ ᠲᠦᠪ | ᠬᠤᠷᠢᠶᠠᠨ ᠤ ᠶᠠᠷᠤᠩᠬᠡᠢ ᠱᠦᠵᠢ᠂ ᠤᠯᠤᠰ ᠤᠨ ᠲᠡᠷᠢᠬᠦᠯᠡᠭᠴᠢ᠂ ᠲᠦᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ | ᠲᠡᠷᠢᠬᠦᠯᠡᠭᠴᠢ ᠰᠢ ᠶᠢᠨ ᠫᠢᠩ 15 ᠤ ᠡᠳᠤᠷ ᠱᠠᠨᠰᠢ ᠳᠤ ᠰᠠᠭᠤᠭ᠎ᠠ ᠴᠡᠷᠢᠭ ᠠᠩᠬᠢ ᠶᠢᠨ ᠨᠢᠬᠡᠨ ᠰᠠᠭᠤᠷᠢᠨ | ᠭᠠᠵᠠᠷ ᠲᠤ ᠰᠢᠨᠵᠢᠯᠠᠨ ᠪᠠᠶᠢᠴᠠᠭᠠᠵᠤ᠂ ᠨᠠᠮ ᠤᠨ ᠲᠦᠪ ᠬᠤᠷᠢᠶ᠎ᠠ ᠪᠤᠯᠤᠨ ᠲᠦᠪ ᠤᠨ ᠴᠡᠷᠢᠭ ᠤᠨ ᠶᠠᠪᠤᠳᠠᠯ ᠤᠨ | ᠬᠤᠷᠢᠶ᠎ᠠ ᠶᠢᠨ ᠡᠮᠤᠨ᠎ᠠ ᠠᠴᠠ ᠰᠠᠭᠤᠷᠢᠨ ᠭᠠᠵᠠᠷ ᠤᠨ ᠪᠦᠬᠦ ᠲᠠᠷᠤᠭ᠎ᠠ ᠪᠠᠶᠢᠯᠳᠤᠬᠴᠢ ᠳᠤ ᠴᠢᠩ ᠰᠡᠳᠬᠢᠯ ᠤᠨ | ᠮᠡᠨᠳᠤᠴᠢᠯᠠᠯ ᠬᠦᠷᠬᠡᠪᠡ᠃ ᠲᠡᠷᠡ᠂ ᠰᠢᠨ᠎ᠡ ᠴᠠᠭ ᠦᠶ᠎ᠡ ᠶᠢᠨ ᠨᠠᠮ ᠤᠨ ᠴᠡᠷᠢᠭ ᠢ ᠬᠦᠴᠦᠷᠬᠡᠭᠵᠢᠭᠦᠯᠬᠦ ᠦᠵᠡᠯ | ᠰᠠᠨᠠᠭ᠎ᠠ ᠶᠢ ᠲᠤᠭᠤᠰᠢᠯᠠᠭᠤᠯᠵᠤ᠂ ᠰᠢᠨ᠎ᠡ ᠴᠠᠭ ᠦᠶ᠎ᠡ ᠶᠢᠨ ᠴᠡᠷᠢᠭ ᠤᠨ ᠶᠠᠪᠤᠳᠠᠯ ᠤᠨ ᠪᠠᠶᠢᠯᠳᠤᠬᠤ ᠪᠣᠳᠣᠯᠭ᠎ᠠ ᠶᠢᠨ | ᠴᠢᠭᠯᠡᠯᠲᠡ ᠶᠢ ᠲᠤᠭᠤᠰᠢᠯᠠᠭᠤᠯᠵᠤ᠂ ᠲᠡᠶᠢᠨ ᠳᠤ ᠪᠡᠯᠡᠳᠬᠡᠵᠦ ᠲᠡᠶᠢᠨ ᠬᠢᠬᠦ ᠳᠤ ᠠᠩᠬᠠᠷᠤᠯ ᠢᠶᠠᠨ ᠲᠥᠪᠯᠡᠷᠡᠭᠦᠯᠵᠦ᠂ | ᠰᠢᠨ᠎ᠡ ᠶᠢ ᠡᠬᠦᠤᠨᠬᠦ ᠬᠦᠭᠵᠢᠯᠳᠡ ᠶᠢ ᠲᠦᠷᠭᠡᠳᠬᠡᠵᠦ᠂ ᠡᠭᠦᠷᠭᠡ ᠬᠠᠷᠢᠭᠤᠴᠠᠯᠭ᠎ᠠ ᠪᠠᠨ ᠭᠦᠶᠴᠡᠳᠬᠡᠬᠦ ᠴᠢᠳᠠᠪᠤᠷᠢ ᠪᠠᠨ | ᠪᠥᠬᠦ ᠲᠠᠯ᠎ᠠ ᠪᠠᠷ ᠳᠡᠭᠡᠭᠰᠢᠯᠡᠭᠦᠯᠵᠦ᠂ ᠳᠡᠯᠡᠬᠡᠶ ᠶᠢᠨ ᠲᠡᠷᠢᠭᠦᠨ ᠤ ᠴᠡᠷᠢᠭ ᠠᠩᠭᠢ ᠶᠢ ᠪᠠᠶᠢᠭᠤᠯᠬᠤ᠂ ᠰᠠᠨᠰᠠᠷ ᠤᠨ | ᠠᠶᠠᠯᠠᠯ ᠤᠨ ᠬᠦᠴᠦᠷᠬᠡᠭ ᠤᠯᠤᠰ ᠢ ᠪᠥᠲᠥᠭᠡᠨ ᠪᠠᠶᠢᠭᠤᠯᠬᠤ ᠳᠤ ᠨᠠᠩ ᠶᠡᠭᠡ ᠬᠤᠪᠢ ᠨᠡᠮᠡᠷᠢ ᠦᠵᠡᠭᠦᠯᠬᠦ ᠬᠡᠷᠡᠭᠲᠡᠶ | ᠭᠡᠵᠦ ᠴᠢᠬᠤᠯᠠᠴᠢᠯᠠᠪᠠ᠃ | | ᠠᠯᠲᠠᠨ ᠨᠠᠮᠤᠷ ᠤᠨ ᠤᠯᠠᠷᠢᠯ ᠳᠤ᠂ ᠡᠷᠲᠡᠨ ᠤ ᠬᠤᠲᠠ ᠰᠢ ᠠᠨ ᠤ ᠲᠩᠷᠢ ᠨᠢ ᠴᠡᠯᠮᠡᠭ ᠠᠭᠠᠷ ᠨᠢ ᠲᠤᠩᠭᠠᠯᠠᠭ | ᠂ ᠥᠩᠭᠡ ᠦᠵᠡᠮᠵᠢ ᠦᠵᠡᠰᠬᠦᠯᠡᠩ᠃ ᠦᠳᠡ ᠶᠢᠨ ᠡᠮᠦᠨᠡᠬᠢ 10 ᠴᠠᠭ 30 ᠮᠢᠨᠦ᠋ᠲ ᠤᠨ ᠦᠶ᠎ᠡ ᠪᠠᠷ᠂ ᠰᠢ ᠶᠢᠨ | ᠫᠢᠩ ᠰᠠᠭᠤᠷᠢᠨ ᠤ ᠴᠡᠷᠢᠭ ᠤᠨ ᠬᠤᠸᠠᠷᠠᠨ ᠳᠤ ᠢᠷᠡᠪᠡ᠃ ᠬᠠᠯᠠᠭᠤᠨ ᠠᠯᠠᠭ᠎ᠠ ᠲᠠᠰᠢᠯᠳᠠ ᠶᠢᠨ ᠳᠤᠮᠳᠠ᠂ ᠰᠢ ᠶᠢᠨ | ᠫᠢᠩ ᠰᠢ ᠠᠨ ᠳᠤ ᠰᠠᠭᠤᠭ᠎ᠠ ᠴᠡᠷᠢᠭ ᠠᠩᠬᠢ ᠶᠢᠨ ᠳᠠᠷᠤᠭ᠎ᠠ ᠪᠠᠶᠢᠯᠳᠤᠭᠴᠢᠳ ᠤᠨ ᠲᠥᠯᠥᠭᠡᠯᠡᠭᠴᠢᠳ ᠲᠠᠢ | ᠳᠣᠲᠣᠨᠣ ᠪᠠᠷ ᠠᠭᠤᠯᠵᠠᠵᠤ᠂ ᠤᠯᠠᠨ ᠲᠠᠢ ᠬᠠᠮᠲᠤ ᠭᠡᠷᠡᠯ ᠵᠢᠷᠤᠭ ᠲᠠᠲᠠᠭᠤᠯᠵᠤ ᠳᠤᠷᠠᠰᠬᠠᠯ ᠦᠯᠡᠳᠡᠭᠡᠪᠡ᠃ | | ᠳᠠᠷᠠᠭ᠎ᠠ ᠳᠤᠨᠢ᠂ ᠰᠢ ᠶᠢᠨ ᠫᠢᠩ ᠰᠠᠭᠤᠷᠢᠨ ᠭᠠᠵᠠᠷ ᠤᠨ ᠠᠵᠢᠯ ᠤᠨ ᠬᠠᠷᠢᠭᠤ ᠮᠡᠳᠡᠭᠦᠯᠦᠯᠲᠡ ᠶᠢ | ᠰᠣᠨᠣᠰᠤᠭᠰᠠᠨ ᠪᠥᠭᠡᠳ ᠴᠢᠬᠤᠯᠠ ᠶᠠᠷᠢᠶ᠎ᠠ ᠲᠠᠯᠪᠢᠪᠠ᠃ ᠰᠢ ᠶᠢᠨ ᠫᠢᠩ ᠰᠠᠭᠤᠷᠢᠨ ᠭᠠᠵᠠᠷ ᠤᠨ ᠤᠷᠳᠤ | ᠬᠤᠭᠤᠴᠠᠭᠠᠨ ᠤ ᠲᠤᠷᠰᠢ ᠮᠠᠨ ᠤ ᠤᠯᠤᠰ ᠤᠨ ᠰᠠᠨᠰᠠᠷ ᠤᠨ ᠠᠶᠠᠯᠠᠯ ᠤᠨ ᠦᠢᠯᠡᠰ ᠤᠨ ᠬᠥᠭᠵᠢᠯᠲᠡ ᠳᠤ | ᠦᠵᠡᠭᠦᠯᠦᠭᠰᠡᠨ ᠴᠢᠬᠤᠯᠠ ᠦᠢᠯᠡᠳᠦᠯ ᠢ ᠭᠦᠢᠴᠡᠳ ᠨᠤᠲᠠᠯᠠᠪᠠ᠃ ᠲᠡᠷᠡ᠂ ᠰᠠᠨᠰᠠᠷ ᠤᠨ ᠠᠶᠠᠯᠠᠯ ᠤᠨ | ᠬᠠᠷᠪᠤᠯᠲᠠ ᠶᠢᠨ ᠲᠤᠭ᠎ᠠ ᠨᠡᠮᠡᠭᠳᠡᠵᠤ᠂ ᠱᠠᠭᠠᠷᠳᠠᠯᠭ᠎ᠠ ᠲᠡᠭᠡᠭᠰᠢᠯᠡᠭᠰᠡᠨ ᠪᠣᠳᠠᠲᠤ ᠪᠠᠶᠢᠳᠠᠯ ᠳᠤ ᠵᠣᠬᠢᠴᠠᠵᠤ᠂ ᠵᠣᠬᠢᠶᠠᠨ | ᠪᠠᠶᠢᠭᠤᠯᠤᠯᠲᠠ ᠶᠢᠨ ᠵᠠᠭᠪᠤᠷ ᠢ ᠰᠢᠯᠢᠳᠡᠭᠵᠢᠭᠦᠯᠵᠦ᠂ ᠬᠡᠮᠵᠢᠨ ᠡᠵᠡᠮᠳᠡᠬᠦ ᠮᠡᠷᠭᠡᠵᠢᠯ ᠪᠠ ᠠᠷᠭ᠎ᠠ ᠪᠠᠷᠢᠯ ᠤᠨ ᠰᠢᠨ᠎ᠡ ᠶᠢ | ᠡᠭᠦᠳᠴᠦ᠂ ᠬᠡᠮᠵᠢᠨ ᠡᠵᠡᠮᠳᠡᠬᠦ ᠶᠢᠨ ᠨᠠᠷᠢᠯᠢᠭ ᠣᠨᠣᠴᠠᠲᠠᠢ ᠨᠠᠶᠢᠳᠠᠪᠤᠷᠢᠲᠠᠢ᠂ ᠲᠡᠭᠦᠰ ᠠᠮᠵᠢᠯᠲᠠ ᠲᠠᠢ ᠪᠠᠶᠢᠬᠤ ᠶᠢ | ᠪᠠᠲᠤᠯᠠᠬᠤ ᠬᠡᠷᠡᠭᠲᠡᠢ᠃ ᠤᠯᠤᠰ ᠤᠨ ᠰᠠᠨᠰᠠᠷ ᠤᠨ ᠰᠢᠰᠲ᠋ᠧᠮ ᠤᠨ ᠠᠵᠢᠯᠯᠠᠭᠠᠨ ᠤ ᠬᠠᠮᠢᠶᠠᠷᠤᠯᠲᠠ ᠶᠢ ᠨᠢᠭᠡᠳᠦᠯᠲᠡᠶ | ᠲᠥᠯᠥᠪᠵᠢᠬᠦᠯᠤᠨ ᠬᠡᠷᠡᠭᠵᠢᠭᠦᠯᠵᠦ᠂ ᠬᠠᠮᠢᠶᠠᠷᠤᠯᠲᠠ ᠪᠠ ᠬᠡᠷᠡᠭᠯᠡᠯᠲᠡ ᠶᠢᠨ ᠦᠷ᠎ᠡ ᠠᠰᠢᠭ ᠢ ᠳᠡᠭᠡᠭᠰᠢᠯᠡᠭᠦᠯᠬᠦ ᠬᠡᠷᠡᠭᠲᠡᠶ | ᠭᠡᠵᠦ ᠴᠢᠬᠤᠯᠠᠴᠢᠯᠠᠪᠠ᠃ | | ᠰᠢ ᠶᠢᠨ ᠫᠢᠩ᠂ ᠰᠠᠨᠰᠠᠷ ᠤᠨ ᠡᠳ᠋ ᠬᠥᠷᠥᠩᠭᠡ ᠪᠣᠯ ᠤᠯᠤᠰ ᠤᠨ ᠪᠠᠶᠢᠯᠳᠤᠬᠤ ᠪᠣᠳᠣᠯᠭ᠎ᠠ ᠶᠢᠨ ᠡᠳ᠋ | ᠬᠥᠷᠥᠩᠭᠡ ᠮᠥᠨ᠂ ᠲᠡᠭᠦᠨ ᠢ ᠰᠠᠶᠢᠲᠤᠷ ᠬᠠᠮᠢᠶᠠᠷᠴᠤ ᠰᠠᠶᠢᠲᠤᠷ ᠬᠡᠷᠡᠭᠯᠡᠬᠦ ᠬᠡᠷᠡᠭᠲᠡᠶ ᠪᠥᠭᠡᠳ ᠨᠡᠩ ᠴᠤ ᠰᠠᠶᠢᠲᠤᠷ | ᠬᠠᠮᠠᠭᠠᠯᠠᠬᠤ ᠬᠡᠷᠡᠭᠲᠡᠶ᠃ ᠰᠡᠷᠭᠡᠶᠢᠯᠡᠨ ᠬᠠᠮᠠᠭᠠᠯᠠᠬᠤ ᠬᠦᠴᠦᠨ ᠤ ᠪᠠᠶᠢᠭᠤᠯᠤᠯᠲᠠ ᠶᠢ ᠪᠥᠬᠦ ᠲᠠᠯ᠎ᠠ ᠪᠠᠷ ᠴᠢᠩᠭᠠᠳᠬᠠᠵᠤ | ᠂ ᠭᠠᠮᠰᠢᠭ ᠢ ᠪᠦᠳᠦᠮᠵᠢᠳᠡᠢ ᠠᠷᠭᠠᠴᠠᠭᠠᠬᠤ ᠪᠡᠯᠡᠳᠬᠡᠯ ᠳ᠋ᠠᠶᠢᠲ᠋ᠠ᠂ ᠡᠪᠳᠡᠯᠡᠭᠡ ᠶᠢ ᠡᠰᠡᠷᠭᠦᠴᠡᠨ ᠣᠷᠣᠰᠢᠨ | ᠲᠣᠭᠲᠠᠨᠢᠬᠤ᠂ ᠮᠡᠳᠡᠭᠡ ᠵᠠᠩᠭᠢ ᠶᠢᠨ ᠰᠡᠷᠭᠡᠶᠢᠯᠡᠨ ᠬᠠᠮᠠᠭᠠᠯᠠᠬᠤ ᠴᠢᠳᠠᠪᠤᠷᠢ ᠶᠢ ᠳᠡᠭᠡᠭᠰᠢᠯᠡᠭᠦᠯᠬᠦ ᠬᠡᠷᠡᠭᠲᠡᠶ᠃ | ᠰᠠᠨᠰᠠᠷ ᠤᠨ ᠵᠠᠮ ᠬᠠᠷᠢᠯᠴᠠᠭᠠᠨ ᠤ ᠬᠠᠮᠢᠶᠠᠷᠤᠯᠲᠠ ᠶᠢ ᠴᠢᠩᠭᠠᠳᠬᠠᠵᠤ᠂ ᠰᠠᠨᠰᠠᠷ ᠤᠨ ᠰᠢᠰᠲ᠋ᠧᠮ ᠤᠨ ᠲᠣᠭᠲᠠᠭᠤᠨ | ᠪᠥᠭᠡᠳ ᠡᠮᠬᠢ ᠵᠢᠷᠤᠮ ᠲᠠᠢ ᠠᠵᠢᠯᠯᠠᠬᠤ ᠶᠢ ᠦᠨᠡᠨ ᠬᠦ ᠪᠠᠲᠤᠯᠠᠬᠤ ᠬᠡᠷᠡᠭᠲᠡᠶ᠃ | | ᠰᠠᠨᠰᠠᠷ ᠤᠨ ᠠᠮᠤᠷ ᠲᠦᠪᠰᠢᠨ ᠤ ᠤᠯᠠᠨ ᠤᠯᠤᠰ ᠤᠨ ᠬᠠᠮᠲᠤᠷᠠᠯᠴᠠᠭ᠎ᠠ ᠶᠢ ᠥᠷᠨᠢᠭᠦᠯᠵᠦ᠂ ᠰᠠᠨᠰᠠᠷ ᠤᠨ | ᠬᠢᠮᠤᠷᠠᠯ ᠢ ᠬᠠᠮᠢᠶᠠᠷᠤᠨ ᠡᠵᠡᠮᠳᠡᠬᠦ ᠪᠠ ᠶᠡᠷᠦᠩᠬᠡᠶᠢᠯᠡᠨ ᠵᠠᠰᠠᠬᠤ ᠪᠦᠲᠦᠮᠵᠢ ᠴᠢᠳᠠᠪᠦᠷᠢ ᠶᠢ ᠳᠡᠭᠡᠭᠰᠢᠯᠡᠭᠦᠯᠬᠦ ᠬᠡᠷᠡᠭᠲᠡᠢ | ᠬᠡᠵᠤ ᠵᠢᠭᠠᠵᠤ ᠭᠠᠷᠭᠠᠪᠠ᠃ | | ᠰᠢ ᠶᠢᠨ ᠫᠢᠩ᠂ ᠰᠠᠭᠤᠷᠢᠨ ᠤ ᠡᠭᠦᠷᠭᠡᠯᠡᠭᠰᠡᠨ ᠡᠯ᠎ᠡ ᠵᠦᠢᠯ ᠤᠨ ᠡᠭᠦᠷᠭᠡ ᠪᠠᠨ ᠰᠠᠶᠢᠲᠤᠷ ᠪᠡᠶᠡᠯᠡᠭᠦᠯᠵᠦ᠂ | ᠡᠷᠬᠡᠪᠰᠢ ᠨᠠᠮ ᠤᠨ ᠤᠯᠤᠰ ᠲᠦᠷᠦ ᠶᠢᠨ ᠪᠠᠶᠢᠭᠤᠯᠤᠯᠲᠠ ᠪᠠᠷ ᠶᠡᠷᠦᠩᠬᠡᠶᠢᠯᠡᠨ ᠵᠢᠯᠤᠭᠤᠳᠤᠭᠤᠯᠵᠤ᠂ ᠨᠠᠮ ᠤᠨ ᠡᠯ᠎ᠡ | ᠲᠠᠯ᠎ᠠ ᠶᠢᠨ ᠪᠠᠶᠢᠭᠤᠯᠤᠯᠲᠠ ᠶᠢ ᠪᠦᠬᠦ ᠲᠠᠯ᠎ᠠ ᠪᠠᠷ ᠠᠬᠢᠭᠤᠯᠵᠤ᠂ ᠨᠠᠮ ᠤᠨ ᠰᠢᠨ᠎ᠡ ᠶᠢ ᠡᠭᠦᠳᠬᠦ ᠤᠨᠤᠯ ᠢᠶᠠᠷ | ᠵᠡᠪᠰᠡᠭᠯᠡᠬᠦ ᠶᠢ ᠭᠦᠨᠵᠡᠭᠡᠶᠢᠷᠡᠭᠦᠯᠵᠦ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠰᠠᠶᠢᠲᠤᠷ ᠠᠳᠬᠤᠵᠤ᠂ ︽ | ᠬᠤᠶᠠᠷ ᠪᠥᠮᠪᠦᠭᠡ ᠨᠢᠭᠡ ᠤᠳᠤᠨ︾ ᠤ ᠵᠣᠷᠢᠭ ᠰᠠᠨᠠᠭ᠎ᠠ᠂ ᠰᠠᠨᠰᠠᠷ ᠤᠨ ᠠᠶᠠᠯᠠᠯ ᠤᠨ ᠬᠢᠨᠠᠨ ᠡᠵᠡᠮᠳᠡᠬᠦ ᠵᠣᠷᠢᠭ | ᠰᠠᠨᠠᠭ᠎ᠠ ᠶᠢ ᠰᠠᠶᠢᠲᠤᠷ ᠪᠠᠳᠠᠷᠠᠭᠤᠯᠵᠤ᠂ ᠳᠠᠷᠤᠭ᠎ᠠ ᠪᠠᠶᠢᠯᠳᠤᠭᠴᠢᠳ ᠤᠨ ᠨᠠᠮ ᠤᠨ ᠵᠢᠯᠤᠭᠤᠳᠤᠯᠭ᠎ᠠ ᠶᠢ ᠳᠠᠭᠠᠬᠤ᠂ | ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠦᠵᠡᠯ ᠰᠠᠨᠠᠭ᠎ᠠ ᠤᠯᠤᠰ ᠲᠦᠷᠦ ᠶᠢᠨ ᠰᠠᠭᠤᠷᠢ ᠶᠢ ᠪᠠᠬᠢᠵᠢᠬᠦᠯᠵᠤ᠂ | ᠴᠡᠷᠢᠭ ᠠᠩᠬᠢ ᠶᠢᠨ ᠠᠷᠢᠭᠤᠨ ᠴᠢᠬᠡᠴᠢ ᠪᠠᠬᠢᠵᠢᠯ ᠪᠠ ᠳᠡᠭᠡᠳᠦ ᠬᠡᠮᠵᠢᠶᠡᠨ ᠤ ᠲᠥᠪᠯᠡᠷᠡᠩᠬᠦᠢ ᠨᠢᠭᠡᠳᠦᠯ ᠢ ᠪᠠᠲᠤᠯᠠᠬᠤ | ᠬᠡᠷᠡᠭᠲᠡᠢ᠃ ᠴᠢᠳᠠᠪᠤᠷᠢᠲᠠᠨ ᠤ ᠠᠵᠢᠯ ᠢ ᠬᠠᠨᠳᠤᠯᠭ᠎ᠠ ᠲᠠᠢ ᠪᠠᠷ ᠰᠠᠶᠢᠲᠤᠷ ᠬᠢᠵᠦ᠂ ᠴᠢᠳᠠᠪᠤᠷᠢᠲᠠᠨ ᠤ | ᠲᠤᠯᠭᠠᠭᠤᠷᠢᠯᠠᠯ ᠢ ᠪᠠᠲᠤᠳᠬᠠᠬᠤ ᠬᠡᠷᠡᠭᠲᠡᠢ᠃ ᠦᠨᠳᠦᠰᠦᠨ ᠱᠠᠳᠤ ᠶᠢ ᠴᠢᠩᠭ᠎ᠠ ᠠᠳᠬᠤᠨ ᠰᠠᠭᠤᠷᠢ ᠶᠢ ᠴᠤᠬᠴᠠᠯᠠᠵᠤ | ᠂ ᠬᠡᠬᠦᠳᠡᠭ ᠳᠦᠭᠦᠷᠡᠩ ᠬᠠᠯᠠᠭᠤᠨ ᠰᠡᠳᠬᠢᠯᠭᠡ ᠪᠠᠷ ᠳᠠᠷᠤᠭ᠎ᠠ ᠪᠠᠶᠢᠯᠳᠤᠭᠴᠢᠳ ᠤᠨ ᠬᠦᠴᠢᠷ ᠵᠣᠪᠠᠭᠤᠷᠢ ᠶᠢ | ᠰᠢᠢᠳᠪᠦᠷᠢᠯᠡᠨ ᠥᠭᠴᠦ᠂ ᠠᠵᠢᠯ ᠬᠢᠵᠦ ᠦᠢᠯᠡᠰ ᠪᠤᠰᠬᠠᠬᠤ ᠢᠳᠡᠪᠬᠢᠵᠢᠯ ᠢ ᠭᠦᠢᠴᠡᠳ ᠲᠠᠶᠢᠴᠢᠯᠠᠵᠦ᠂ | ᠰᠠᠭᠤᠷᠢᠨ ᠤ ᠪᠦᠳᠦᠭᠡᠨ ᠪᠠᠶᠢᠭᠤᠯᠤᠯᠲᠠ ᠶᠢᠨ ᠰᠢᠨ᠎ᠡ ᠪᠠᠶᠢᠳᠠᠯ ᠢ ᠳᠠᠰᠤᠷᠠᠯᠳᠠ ᠦᠬᠡᠢ ᠡᠭᠦᠳᠬᠦ ᠬᠡᠷᠡᠭᠲᠡᠢ ᠭᠡᠵᠦ | ᠴᠢᠬᠤᠯᠠᠴᠢᠯᠠᠪᠠ᠃ | | ᠰᠢᠦᠢ ᠴᠢ ᠯᠢᠶᠠᠩ ᠨᠠᠷ ᠠᠵᠢᠯᠯᠠᠭ᠎ᠠ ᠳᠤ ᠤᠷᠤᠯᠴᠠᠵᠠᠢ᠃ | | | |