︽ᠰᠣᠪᠠᠭ︾ APP ᠶᠢ ᠳᠡᠯᠭᠡᠷᠡᠭᠦᠯᠦᠨ ᠬᠡᠷᠡᠭᠯᠡᠬᠦ ᠠᠵᠢᠯ ᠢ ᠪᠦᠲᠦᠮᠵᠢᠲᠡᠶ ᠨᠠᠶᠢᠳᠠᠪᠤᠷᠢᠵᠢᠭᠤᠯᠬᠤ ᠶᠢ | ᠤᠯᠠᠮ ᠨᠢᠭᠡ ᠠᠯᠬᠤᠮ ᠳᠥᠯᠭᠢᠨ ᠠᠬᠢᠭᠤᠯᠵᠤ᠂ ᠣᠯᠠᠨ ᠲᠦᠮᠡᠨ ᠤ ᠣᠶᠢᠯᠠᠭᠠᠬᠤ ᠨᠣᠷᠮ᠎ᠠ ᠶᠢ ᠳᠡᠭᠡᠭᠰᠢᠯᠡᠭᠦᠯᠦᠨ᠂ | ᠥᠷᠭᠡᠨ ᠣᠯᠠᠨ ᠲᠦᠮᠡᠨ ᠳᠤ ᠰᠦᠯᠵᠢᠶᠡᠨ ᠳᠡᠭᠡᠷᠡᠬᠢ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠳᠥᠭᠦᠮ ᠳᠥᠲᠡ | ᠲᠦᠷᠭᠡᠨ ᠪᠠᠶᠢᠬᠤ ᠶᠢ ᠦᠨᠡᠨ ᠬᠦ ᠮᠡᠳᠡᠷᠡᠭᠦᠯᠬᠦ ᠶᠢᠨ ᠲᠥᠯᠥᠭᠡ᠂ ᠳ᠋ᠠ ᠾᠧ ᠸᠠᠨ ᠪᠠᠯᠭᠠᠰᠤᠨ ᠤ ᠳᠡᠭᠡᠳᠦ ᠳᠣᠤᠷᠠᠳᠤ | ᠱᠠᠲᠤ ᠬᠤᠯᠪᠣᠭᠠᠯᠠᠨ ᠬᠥᠳᠡᠯᠦᠯᠴᠡᠵᠦ ︽ᠰᠣᠪᠠᠭ︾ APP ᠶᠢ ᠤᠬᠠᠭᠤᠯᠤᠨ ᠳᠡᠯᠭᠡᠷᠡᠭᠦᠯᠬᠦ ᠳᠤ ᠬᠦᠴᠦᠨ | ᠨᠡᠮᠡᠷᠢᠯᠡᠪᠡ᠃ | | ᠳ᠋ᠠ ᠾᠧ ᠸᠠᠨ ᠪᠠᠯᠭᠠᠰᠤᠨ ᠤ ᠨᠠᠮ ᠤᠨ ᠭᠡᠰᠢᠭᠦᠨ ᠺᠠᠳ᠋ᠷᠴᠤᠳ ᠡᠩ ᠲᠡᠷᠢᠭᠦᠨ ᠳᠤ ︽ᠰᠣᠪᠠᠭ︾ APP ᠶᠢ | ᠪᠠᠭᠤᠯᠭᠠᠵᠤ ᠬᠡᠷᠡᠭᠯᠡᠵᠦ᠂ ᠡᠳᠦᠷ ᠲᠤᠲᠤᠮ ᠤᠨ ᠠᠵᠢᠯ ᠲᠠᠢ ᠪᠠᠨ ᠤᠶᠠᠯᠳᠤᠭᠤᠯᠤᠨ ᠰᠠᠭᠤᠭᠠᠯᠢ ᠠᠷᠠᠳ ᠤᠨ ᠳᠤᠮᠳᠠ | ᠢᠳᠡᠪᠬᠢᠲᠡᠶ ᠳᠡᠯᠭᠡᠷᠡᠭᠦᠯᠪᠡ᠃ ︽ᠪᠢ ᠴᠢᠮᠠᠶᠢ ᠬᠠᠪᠰᠤᠷᠤᠨ᠎ᠠ︾ ᠭᠡᠬᠦ ᠰᠠᠶᠢᠨ ᠳᠤᠷ᠎ᠠ ᠶᠢᠨ ᠠᠵᠢᠯᠯᠠᠭᠴᠢᠳ ᠢ | ᠵᠣᠬᠢᠶᠠᠨ ᠪᠠᠶᠢᠭᠤᠯᠵᠤ ᠠᠶᠢᠯ ᠲᠣᠰᠬᠤᠨ ᠳᠤ ᠣᠴᠢᠭᠤᠯᠤᠨ ︽ᠰᠣᠪᠠᠭ︾ APP ᠪᠠᠭᠤᠯᠭᠠᠬᠤ ᠳᠡᠯᠭᠡᠷᠡᠭᠦᠯᠬᠦ | ᠠᠵᠢᠯᠯᠠᠭ᠎ᠠ ᠶᠢ ᠥᠷᠨᠢᠭᠦᠯᠵᠦ᠂ ᠣᠯᠠᠨ ᠲᠦᠮᠡᠨ ᠳᠤ ᠬᠡᠷᠬᠢᠨ ᠤᠭᠰᠠᠷᠠᠬᠤ ᠪᠠ ᠬᠡᠷᠡᠭᠯᠡᠬᠦ ᠶᠢ ᠵᠢᠭᠠᠵᠤ ᠥᠭᠬᠦ ᠶᠢᠨ | ᠬᠠᠮᠲᠤ ᠣᠯᠠᠨ ᠲᠦᠮᠡᠨ ᠳᠤ ︽ᠰᠣᠪᠠᠭ︾ APP ᠶᠢᠨ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ | ᠰᠢᠨ᠎ᠡ ᠵᠠᠭᠪᠤᠷ ᠢ ᠨᠠᠷᠢᠨ ᠲᠠᠶᠢᠯᠪᠤᠷᠢᠯᠠᠨ ᠥᠭᠴᠦ᠂ ᠬᠤᠯᠪᠣᠭᠳᠠᠯ ᠪᠥᠬᠦᠶ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠠᠷᠠᠳ ᠲᠤ ᠲᠥᠬᠦᠮ ᠦᠵᠡᠭᠦᠯᠬᠦ ᠰᠢᠨ᠎ᠡ ᠠᠷᠭ᠎ᠠ ᠬᠡᠮᠵᠢᠶ᠎ᠡ ᠶᠢ ᠲᠦᠭᠡᠮᠡᠯᠵᠢᠭᠦᠯᠦᠨ᠎ᠡ᠃ ᠡᠭᠦᠨ ᠤ | ᠵᠡᠷᠭᠡ ᠳᠤ ᠳ᠋ᠡ ᠾᠧ ᠸᠠᠨ ᠪᠠᠯᠭᠠᠰᠤᠨ ᠤ ᠸᠢᠴᠠᠲ ᠤᠨ ᠨᠡᠶᠢᠲᠡ ᠶᠢᠨ ᠳ᠋ᠤᠭᠠᠷ ᠵᠡᠷᠭᠡ ᠰᠦᠯᠵᠢᠶᠡᠨ ᠳᠡᠭᠡᠷ᠎ᠡ ︽ | ᠰᠣᠪᠠᠭ︾ APP ᠪᠠᠭᠤᠯᠭᠠᠬᠤ ᠬᠤᠶᠠᠷ ᠬᠡᠮᠵᠢᠯᠳᠦ ᠺᠣᠳ᠋᠂ ᠬᠡᠷᠡᠭᠴᠡᠭᠡ ᠪᠠ ᠴᠢᠳᠠᠮᠵᠢ ᠶᠢ ᠠᠷᠭ᠎ᠠ ᠵᠠᠮ ᠢᠶᠠᠷ | ᠨᠡᠶᠢᠲᠡᠯᠡᠵᠦ᠂ ᠳᠡᠯᠭᠡᠷᠡᠭᠦᠯᠬᠦ ᠬᠡᠪᠴᠢᠶ᠎ᠡ ᠶᠢ ᠥᠷᠭᠡᠳᠬᠡᠪᠡ᠃ ᠣᠶᠢᠷ᠎ᠠ ᠶᠢᠨ ᠨᠢᠭᠡ ᠬᠤᠭᠤᠴᠠᠭᠠᠨ ᠤ | ᠴᠢᠷᠮᠠᠶᠢᠯᠭ᠎ᠠ ᠪᠠᠷ ᠳᠡᠮᠵᠢᠨ᠂ ᠳ᠋ᠠ ᠾᠧ ᠸᠠᠨ ᠪᠠᠯᠭᠠᠰᠤ ᠶᠢᠨ ︽ᠰᠣᠪᠠᠭ︾ APP ᠤᠨ ᠬᠠᠮᠤᠷᠬᠤ ᠬᠡᠪᠴᠢᠶ᠎ᠡ ᠪᠠ | ᠳᠡᠯᠭᠡᠷᠡᠭᠦᠯᠬᠦ ᠨᠣᠷᠮ᠎ᠠ ᠶᠢ ᠶᠡᠭᠡ ᠪᠠᠷ ᠳᠡᠭᠡᠭᠰᠢᠯᠡᠭᠦᠯᠵᠦ᠂ ᠵᠠᠰᠠᠭ ᠤᠨ ᠶᠠᠪᠤᠳᠠᠯ ᠤᠨ ᠦᠢᠯᠡᠴᠢᠯᠡᠭᠡ ᠬᠢᠭᠡᠳ ︽ᠢᠨᠲ᠋ᠧᠷ | ᠰᠦᠯᠵᠢᠶ᠎ᠡ +︾ ᠶᠢᠨ ᠭᠦᠨᠵᠡᠭᠡᠶ ᠠᠭᠤᠰᠤᠯᠴᠠᠯ ᠢ ᠦᠨᠡᠨ ᠬᠦ ᠠᠬᠢᠭᠤᠯᠪᠠ᠃ | | ᠲᠠᠷᠠᠭᠠᠴᠢ ᠶᠢᠨ ᠠᠯᠬᠤᠮ ᠳᠤ᠂ ᠳ᠋ᠠ ᠾᠧ ᠸᠠᠨ ᠪᠠᠯᠭᠠᠰᠤ ᠶᠢᠨ ᠬᠢᠨ ᠤᠬᠠᠭᠤᠯᠭ᠎ᠠ ᠶᠢᠨ ᠡᠷᠴᠢᠮ ᠢᠶᠠᠨ | ᠦᠷᠭᠦᠯᠵᠢᠯᠡᠨ ᠴᠢᠩᠭᠠᠷᠠᠭᠤᠯᠵᠤ᠂ ᠭᠤᠤᠯ ᠴᠣᠭᠴᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠤᠨ᠂ ᠵᠠᠰᠠᠭ ᠤᠨ | ᠶᠠᠪᠤᠳᠠᠯ ᠤᠨ ᠦᠢᠯᠡᠴᠢᠯᠡᠭᠡᠨ ᠤ ᠰᠠᠶᠢᠨ ᠰᠠᠶᠢᠬᠠᠨ ᠠᠭᠤᠷ ᠠᠮᠢᠰᠬᠤᠯ ᠢ ᠦᠷᠭᠦᠯᠵᠢᠯᠡᠨ ᠪᠣᠶ ᠪᠣᠯᠭᠠᠵᠤ᠂ ᠬᠠᠷᠢᠶᠠᠲᠤ | ᠣᠷᠣᠨ ᠤ ᠰᠠᠭᠤᠭᠠᠯᠢ ᠠᠷᠠᠳ ᠤᠨ ︽ᠰᠣᠪᠠᠭ︾ APP ᠶᠢᠨ ᠲᠤᠬᠠᠶ ᠲᠠᠨᠢᠯᠲᠠ᠂ ᠭᠥᠯᠢᠶᠡᠨ ᠠᠪᠬᠤ ᠬᠡᠮᠵᠢᠶ᠎ᠡ | ᠪᠠ ᠣᠷᠣᠯᠴᠠᠬᠤ ᠬᠡᠮᠵᠢᠶ᠎ᠡ ᠶᠢ ᠳᠡᠭᠡᠭᠰᠢᠯᠡᠭᠦᠯᠦᠨ᠎ᠡ᠃ | | |