ᠰᠢᠩ ᠬᠤᠸᠠ ᠵᠡᠭᠡᠯᠢ ᠭᠤᠳᠤᠮᠵᠢ ᠳᠤ ᠲᠡᠮᠦᠷ ᠵᠠᠮ ᠤᠨ ᠵᠠᠮ ᠢ ᠬᠠᠮᠠᠭᠠᠯᠠᠬᠤ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2021/9/2
     ᠬᠠᠷᠢᠶᠠᠲᠤ ᠣᠷᠣᠨ ᠤ ᠲᠡᠮᠦᠷ ᠵᠠᠮ ᠳᠠᠭᠠᠤ ᠶᠢᠨ ᠰᠠᠭᠤᠭᠠᠯᠢ ᠠᠷᠠᠳ ᠤᠨ ᠬᠠᠤᠯᠢ ᠲᠦᠷᠢᠮ ᠤᠨ ᠦᠵᠡᠯᠲᠡ ᠪᠠ ᠵᠠᠮ ᠢᠶᠠᠨ ᠬᠠᠶᠢᠷᠠᠯᠠᠵᠤ ᠵᠠᠮ ᠬᠠᠮᠠᠭᠠᠯᠠᠬᠤ ᠦᠵᠡᠯ ᠤᠬᠠᠮᠰᠠᠷ ᠢ ᠤᠯᠠᠮ ᠨᠢᠭᠡ ᠠᠯᠬᠤᠮ ᠴᠢᠩᠭᠠᠳᠬᠠᠵᠤ᠂ ᠲᠡᠮᠦᠷ ᠵᠠᠮ ᠤᠨ ᠵᠠᠮ ᠬᠠᠮᠠᠭᠠᠯᠠᠬᠤ ᠠᠵᠢᠯ ᠢ ᠦᠨᠡᠨᠬᠦ ᠰᠠᠶᠢᠲᠤᠷ ᠬᠢᠵᠦ᠂ ᠠᠳᠡᠯ ᠭᠠᠷᠬᠤ ᠶᠢ ᠰᠡᠷᠭᠡᠶᠢᠯᠡᠬᠦ ᠶᠢᠨ ᠲᠤᠰᠠᠳᠠ  ᠂ 8 ᠰᠠᠷ᠎ᠠ ᠶᠢᠨ 31 ᠤ ᠡᠳᠦᠷ᠂ ᠰᠢᠩ ᠬᠤᠸᠠ ᠵᠡᠭᠡᠯᠢ ᠭᠤᠳᠤᠮᠵᠢ ᠶᠢᠨ ᠲᠡᠮᠦᠷ ᠵᠠᠮ ᠤᠨ ᠨᠡᠶᠢᠭᠡᠮ ᠲᠣᠭᠤᠷᠢᠭ ᠤᠨ ᠬᠢᠨ ᠲᠡᠮᠦᠷ ᠵᠠᠮ ᠳᠠᠭᠠᠤ ᠳᠤ ᠲᠡᠮᠦᠷ ᠵᠠᠮ ᠤᠨ ᠬᠠᠮᠠᠭᠠᠯᠠᠯᠲᠠ ᠶᠢᠨ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠦᠭᠰᠡᠨ ᠪᠥᠭᠡᠳ ᠲᠡᠮᠦᠷ ᠵᠠᠮ ᠳᠠᠭᠠᠤ ᠶᠢᠨ ᠠᠮᠤᠷ ᠲᠦᠪᠰᠢᠨ ᠤ ᠬᠡᠮ ᠰᠣᠭᠤᠭ ᠢ ᠵᠢᠭᠰᠠᠭᠠᠨ  ᠪᠠᠶᠢᠴᠠᠭᠠᠪᠠ    ᠲᠣᠰ ᠤᠳᠠᠭᠠᠨ ᠤ ᠲᠣᠭᠤᠷᠢᠨ ᠪᠠᠶᠢᠴᠠᠭᠠᠯᠲᠠ ᠨᠢ ᠭᠤᠤᠯᠳᠠᠭᠤ ᠬᠠᠷᠢᠶ᠎ᠠ ᠣᠷᠣᠨ ᠤ ᠲᠡᠮᠦᠷ ᠵᠠᠮ ᠳᠠᠭᠠᠤ ᠶᠢᠨ ᠬᠤᠶᠠᠷ ᠲᠠᠯ᠎ᠠ ᠶᠢᠨ ᠬᠠᠮᠠᠭᠠᠯᠠᠯᠲᠠ ᠶᠢᠨ ᠲᠣᠤᠷ ᠨᠢ ᠪᠦᠷᠢᠨ ᠪᠦᠲᠦᠨ ᠪᠠᠶᠢᠬᠤ ᠡᠰᠡᠬᠦ᠂ ᠲᠡᠮᠦᠷ ᠵᠠᠮ ᠤᠨ ᠬᠤᠶᠠᠷ ᠲᠠᠯ᠎ᠠ ᠳᠤ  ᠣᠪᠣᠭᠠᠯᠠᠵᠣ᠂ ᠪᠣᠰᠬᠠᠭᠰᠠᠨ ᠵᠡᠷᠭᠡ ᠲᠡᠮᠦᠷ ᠵᠠᠮ ᠳᠤ ᠠᠮᠤᠷ ᠲᠦᠪᠰᠢᠨ ᠤ ᠳᠠᠯᠳᠠ ᠬᠡᠮ ᠣᠷᠣᠰᠢᠵᠤ ᠪᠠᠶᠢᠬᠤ ᠡᠰᠡᠬᠦ ᠵᠡᠷᠭᠡ ᠳᠤ ᠴᠢᠭᠯᠡᠭᠦᠯᠦᠭᠰᠡᠨ ᠶᠤᠮ᠃ ᠪᠠᠶᠢᠴᠠᠭᠠᠬᠤ ᠶᠠᠪᠤᠴᠠ ᠳᠤ᠂ ᠨᠡᠶᠢᠭᠡᠮ ᠲᠣᠭᠤᠷᠢᠭ ᠤᠨ ᠠᠵᠢᠯᠲᠠᠳ ᠣᠷᠣᠰᠢᠵᠤ ᠪᠠᠶᠢᠭ᠎ᠠ ᠠᠮᠤᠷ ᠲᠦᠪᠰᠢᠨ ᠤ ᠳᠠᠯᠳᠠ ᠬᠡᠮ ᠪᠣᠯᠤᠨ ᠪᠠᠭᠤᠷᠠᠶ ᠲᠠᠯ᠎ᠠ ᠶᠢ ᠨᠠᠷᠢᠨ ᠬᠢᠨᠠᠮᠠᠭᠠᠶ ᠡᠷᠢᠬᠦ ᠶᠢᠨ ᠬᠠᠮᠲᠤ ᠡᠷᠬᠢᠨ ᠲᠣᠭᠤᠷᠢᠨ ᠤ ᠰᠠᠭᠤᠭᠠᠯᠢ ᠠᠷᠠᠳ ᠲᠤ ᠠᠮᠤᠷ ᠲᠦᠪᠰᠢᠨ ᠤ ᠮᠡᠳᠡᠯᠭᠡ ᠶᠢ ᠤᠬᠠᠭᠤᠯᠵᠤ᠂ ᠥᠷᠭᠡᠨ ᠣᠯᠠᠨ ᠰᠠᠭᠤᠭᠠᠯᠢ ᠠᠷᠠᠳ ᠲᠤ ᠬᠠᠤᠯᠢ ᠲᠦᠷᠢᠮ ᠢ ᠰᠠᠬᠢᠵᠤ᠂ ᠲᠣᠰ ᠪᠡᠶ᠎ᠡ ᠶᠢᠨ ᠠᠮᠤᠷ ᠲᠦᠪᠰᠢᠨ ᠢᠶᠠᠨ ᠬᠠᠮᠲᠤ ᠪᠠᠷ ᠬᠠᠮᠠᠭᠠᠯᠠᠬᠤ ᠬᠡᠷᠡᠭᠲᠡᠶ ᠭᠡᠵᠦ ᠰᠡᠷᠡᠮᠵᠢᠯᠡᠭᠦᠯᠵᠡᠶ᠃      ᠲᠣᠰ ᠤᠳᠠᠭᠠᠨ ᠤ ᠲᠣᠭᠤᠷᠢᠨ ᠪᠠᠶᠢᠴᠠᠭᠠᠯᠲᠠ ᠪᠠᠷ ᠳᠡᠮᠵᠢᠨ᠂ ᠲᠡᠮᠦᠷ ᠵᠠᠮ ᠳᠠᠭᠠᠤ ᠶᠢᠨ ᠠᠮᠤᠷ ᠲᠦᠪᠰᠢᠨ ᠤ ᠳᠠᠯᠳᠠ ᠬᠡᠮ ᠪᠠ ᠪᠠᠭᠤᠷᠠᠶ ᠭᠤᠭᠴᠤᠭ᠎ᠠ ᠶᠢ ᠪᠥᠬᠦ ᠲᠠᠯ᠎ᠠ ᠪᠠᠷ᠂ ᠰᠢᠰᠲ᠋ᠧᠮ ᠲᠠᠢ᠂ ᠲᠦᠢᠯᠪᠤᠷᠢᠲᠠᠶ ᠵᠢᠭᠰᠠᠭᠠᠨ ᠪᠠᠶᠢᠴᠠᠭᠠᠵᠤ᠂ ᠠᠮᠤᠷ ᠲᠦᠪᠰᠢᠨ ᠤ ᠠᠳᠡᠯ ᠭᠠᠷᠬᠤ ᠶᠢ ᠪᠦᠲᠦᠮᠵᠢᠲᠡᠶ ᠰᠡᠷᠭᠡᠶᠢᠯᠡᠨ᠂ ᠲᠡᠮᠦᠷ ᠵᠠᠮ ᠤᠨ ᠵᠠᠮ ᠬᠠᠮᠠᠭᠠᠯᠠᠬᠤ ᠠᠵᠢᠯ ᠤᠨ ᠦᠨᠳᠦᠰᠦᠨ ᠱᠠᠲᠤᠨ ᠤ ᠰᠠᠭᠤᠷᠢ ᠶᠢ ᠪᠠᠬᠢᠵᠢᠭᠦᠯᠵᠦ᠂ ᠰᠠᠭᠤᠭᠠᠯᠢ ᠠᠷᠠᠳ ᠤᠨ ᠲᠣᠰ ᠪᠡᠶ᠎ᠡ ᠶᠢᠨ ᠠᠰᠢᠭ ᠲᠤᠰᠠ ᠶᠢ ᠬᠤᠬᠢᠷᠠᠭᠤᠯᠬᠤ ᠥᠬᠡᠶ ᠪᠠᠶᠢᠬᠤ ᠶᠢ ᠦᠨᠡᠨ ᠬᠦ ᠪᠠᠲᠤᠯᠠᠪᠠ᠃
 
ᠢᠷᠡᠯᠲᠡ᠄ ᠵᠠᠯᠠᠨ ᠠᠶᠢᠯ ᠬᠤᠲᠠ ᠶᠢᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号