ᠬᠤᠲᠠ ᠶᠢᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠵᠠᠯᠠᠨ ᠠᠶᠢᠯ ᠬᠤᠲᠠ ᠶᠢᠨ ᠠᠩᠬᠠᠳᠠᠭᠴᠢ ᠬᠤᠭᠤᠴᠠᠭᠠᠨ ᠤ ᠮᠣᠩᠭᠤᠯ ᠬᠤᠭᠤᠯᠠ ᠬᠢᠬᠦ ᠮᠡᠷᠭᠡᠵᠢᠯ ᠤᠨ ᠪᠣᠯᠪᠠᠰᠤᠷᠠᠯ ᠤᠨ ᠠᠩᠭᠢ ᠡᠷᠭᠢᠯᠡᠪᠡ
ᠨᠡᠶᠢᠲᠡᠯᠡᠭᠰᠡᠨ ᠴᠠᠭ᠄
2021/9/2
    ᠣᠶᠢᠷ᠎ᠠ ᠳᠤ᠂ ᠬᠤᠲᠠ ᠶᠢᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠶᠢᠨ ᠠᠵᠢᠯ ᠣᠯᠭᠤᠯᠲᠠ ᠶᠢᠨ  ᠦᠢᠯᠡᠴᠢᠯᠡᠭᠡᠨ ᠤ ᠲᠥᠪ ᠬᠥᠯᠥᠨ ᠪᠤᠶᠢᠷ ᠬᠤᠲᠠ ᠶᠢᠨ ᠬᠤᠸᠠ ᠢ ᠠᠵᠢᠯ ᠮᠡᠷᠭᠡᠵᠢᠯ ᠤᠨ ᠪᠣᠯᠪᠠᠰᠤᠷᠠᠭᠤᠯᠤᠯ ᠤᠨ ᠰᠤᠷᠭᠠᠭᠤᠯᠢ ᠲᠠᠢ ᠬᠠᠮᠲᠤᠷᠠᠨ ᠠᠩᠬᠠᠳᠠᠭᠴᠢ ᠬᠤᠭᠤᠴᠠᠭᠠᠨ ᠤ ᠮᠣᠩᠭᠤᠯ ᠬᠤᠭᠤᠯᠠ  ᠬᠢᠬᠦ ᠤᠷ᠎ᠠ ᠮᠡᠷᠭᠡᠵᠢᠯ ᠤᠨ ᠠᠩᠬᠢ ᠡᠷᠬᠢᠯᠡᠪᠡ᠃     ᠪᠣᠯᠪᠠᠰᠤᠷᠠᠭᠤᠯᠤᠯ ᠨᠢ ᠮᠣᠩᠭᠤᠯ ᠬᠤᠭᠤᠯᠠᠨ  ᠰᠣᠶᠣᠯ᠂ ᠮᠣᠩᠭᠤᠯ  ᠬᠤᠭᠤᠯᠠ ᠬᠢᠬᠦ ᠠᠷᠭ᠎ᠠ ᠶᠢᠨ ᠲᠣᠭᠤᠷᠢᠨ ᠳᠤ᠂ ᠲᠤᠬᠠᠶ ᠶᠢᠨ ᠲᠠᠯᠠᠪᠤᠷ ᠲᠤ ᠲᠠᠶᠢᠯᠤᠮᠵᠢ ᠬᠢᠬᠦ᠂ ᠬᠠᠷᠢᠯᠴᠠᠨ ᠰᠣᠯᠢᠯᠴᠠᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠣᠨᠣᠯ ᠤᠨ ᠵᠢᠭᠠᠨ ᠰᠤᠷᠭᠠᠯᠲᠠ ᠪᠠ ᠪᠣᠳᠠᠲᠠᠶ ᠠᠵᠢᠯᠯᠠᠭ᠎ᠠ ᠶᠢ ᠣᠷᠭᠠᠨᠢᠭ ᠢᠶᠠᠷ ᠤᠶᠠᠯᠳᠤᠭᠤᠯᠵᠤ᠂ ᠰᠤᠷᠤᠭᠴᠢᠳ ᠲᠤ ᠬᠠᠮᠤᠭ ᠤᠨ ᠣᠬᠤᠷ ᠬᠤᠭᠤᠴᠠᠭᠠᠨ ᠤ ᠳᠣᠲᠣᠷ᠎ᠠ ᠪᠣᠯᠪᠠᠰᠤᠷᠠᠭᠤᠯᠤᠯ ᠬᠢᠵᠦ ᠪᠠᠶᠢᠭ᠎ᠠ ᠫᠷᠤᠹᠤᠰᠰᠤᠷ ᠤᠨ ᠮᠣᠩᠭᠤᠯ  ᠬᠤᠭᠤᠯᠠ ᠬᠢᠬᠦ ᠤᠷ᠎ᠠ ᠮᠡᠷᠭᠡᠵᠢᠯ ᠪᠠ ᠬᠤᠭᠤᠯᠠ ᠬᠢᠬᠦ ᠠᠷᠭ᠎ᠠ ᠪᠠᠷᠢᠯ ᠢ ᠡᠵᠡᠮᠰᠢᠭᠦᠯᠬᠦ ᠶᠢᠨ ᠲᠥᠯᠥᠭᠡ ᠶᠤᠮ᠃ ᠪᠣᠯᠪᠠᠰᠤᠷᠠᠭᠤᠯᠤᠯ ᠤᠨ ᠶᠠᠪᠤᠴᠠ ᠳᠤ ᠬᠢᠴᠢᠶᠡᠯ ᠤᠨ ᠲᠠᠩᠬᠢᠮ ᠬᠥᠷ ᠬᠥᠭᠵᠢᠶᠡᠨ ᠲᠠᠢ ᠪᠠᠶᠢᠵᠤ᠂ ᠰᠤᠷᠤᠭᠴᠢᠳ ᠦᠵᠡᠬᠦ ᠶᠢᠨ ᠳᠠᠭᠠᠤ ᠲᠡᠮᠳᠡᠭᠯᠡᠵᠦ  ᠦᠢᠯᠡᠳᠦᠯᠭᠡᠵᠢᠭᠦᠯᠬᠦ ᠶᠢᠨ ᠳᠠᠭᠠᠤ ᠡᠯ᠎ᠡ ᠲᠥᠷᠥᠯ ᠤᠨ ᠮᠣᠩᠭᠤᠯ ᠬᠤᠭᠤᠯᠠ ᠬᠢᠬᠦ ᠠᠷᠭ᠎ᠠ ᠶᠢ ᠨᠠᠩ ᠰᠠᠶᠢᠨ ᠡᠵᠡᠮᠰᠢᠬᠦ ᠳᠤ ᠪᠠᠲᠤ ᠪᠠᠬᠢ ᠰᠠᠭᠤᠷᠢ ᠲᠠᠯᠪᠢᠵᠤ ᠥᠭᠭᠦᠭᠰᠡᠨ ᠪᠠᠶᠢᠨ᠎ᠠ᠃      ᠪᠣᠯᠪᠠᠰᠤᠷᠠᠯ ᠤᠨ ᠠᠩᠭᠢ 8 ᠡᠳᠦᠷ ᠶᠠᠪᠤᠭᠳᠠᠵᠤ᠂ ᠨᠡᠶᠢᠲᠡ 43 ᠠᠵᠢᠯ ᠠᠯᠳᠠᠭᠰᠠᠳ ᠪᠣᠯᠪᠠᠰᠤᠷᠠᠯ ᠳᠤ ᠣᠷᠣᠯᠴᠠᠵᠤ᠂ ᠲᠣᠰ ᠤᠳᠠᠭᠠᠨ ᠤ ᠪᠣᠯᠪᠠᠰᠤᠷᠠᠯ ᠤᠨ ᠠᠩᠭᠢ ᠳᠤ ᠵᠠᠯᠠᠨ ᠠᠶᠢᠯ ᠬᠤᠲᠠ ᠶᠢᠨ ᠠᠵᠢᠯ ᠮᠡᠷᠭᠡᠵᠢᠯ ᠤᠨ ᠪᠣᠯᠪᠠᠰᠤᠷᠠᠯ ᠤᠨ ᠮᠣᠩᠭᠤᠯ ᠬᠤᠭᠤᠯᠠᠨ ᠤ ᠲᠤᠰᠬᠠᠶ ᠮᠡᠷᠭᠡᠵᠢᠯ ᠤᠨ ᠳᠣᠲᠠᠭᠤᠳᠠᠯ  ᠢ ᠨᠥᠬᠦᠪᠥᠷᠢᠯᠡᠵᠦ᠂ ᠠᠵᠢᠯ ᠮᠡᠷᠭᠡᠵᠢᠯ ᠤᠨ ᠪᠣᠯᠪᠠᠰᠤᠷᠠᠯ ᠤᠨ ᠲᠤᠰᠬᠠᠶ ᠮᠡᠷᠭᠡᠵᠢᠯ ︵ᠠᠵᠢᠯ ᠲᠥᠷᠥᠯ︶ ᠤᠨ ᠬᠡᠪᠴᠢᠶ᠎ᠡ ᠶᠢ ᠥᠷᠭᠡᠳᠬᠡᠨ᠂ ᠠᠵᠢᠯ ᠣᠯᠵᠤ  ᠦᠢᠯᠡᠰ ᠴᠣᠭᠴᠠᠯᠠᠬᠤ ᠵᠢᠴᠢ ᠵᠠᠯᠠᠨ ᠠᠶᠢᠯ ᠬᠤᠲᠠ ᠶᠢᠨ ᠵᠢᠭᠤᠯᠴᠢᠯᠠᠯ ᠤᠨ ᠦᠢᠯᠡᠰ ᠤᠨ ᠬᠥᠭᠵᠢᠯᠲᠡ  ᠳᠤ ᠢᠳᠡᠪᠬᠢᠲᠡᠶ ᠪᠥᠭᠡᠳ ᠴᠢᠬᠤᠯᠠ ᠠᠬᠢᠭᠤᠯᠬᠤ  ᠦᠢᠯᠡᠳᠦᠯ ᠦᠵᠡᠭᠦᠯᠬᠦ ᠪᠣᠯᠤᠨ᠎ᠠ᠃   ᠲᠠᠷᠠᠭᠠᠴᠢ ᠶᠢᠨ ᠠᠯᠬᠤᠮ ᠳᠤ᠂ ᠠᠵᠢᠯ ᠣᠯᠭᠤᠯᠲᠠ ᠶᠢᠨ  ᠦᠢᠯᠡᠴᠢᠯᠡᠭᠡᠨ ᠤ ᠲᠥᠪ ᠨᠢ ᠠᠵᠢᠯ ᠠᠯᠳᠠᠭᠰᠠᠳ ᠤᠨ ᠤᠷ᠎ᠠ ᠴᠢᠳᠠᠪᠤᠷᠢ ᠶᠢᠨ ᠪᠣᠯᠪᠠᠰᠤᠷᠠᠭᠤᠯᠤᠯ ᠤᠨ ᠠᠵᠢᠯ ᠳᠡᠭᠡᠷ᠎ᠡ ᠦᠷᠭᠦᠯᠵᠢᠯᠡᠨ ᠬᠦᠴᠦ ᠲᠠᠯᠪᠢᠵᠤ᠂ ᠣᠯᠠᠨ ᠶᠠᠩᠵᠤ ᠶᠢᠨ ᠤᠷ᠎ᠠ ᠴᠢᠳᠠᠪᠤᠷᠢ ᠶᠢᠨ ᠪᠣᠯᠪᠠᠰᠤᠷᠠᠭᠤᠯᠤᠯ ᠢ ᠥᠷᠨᠢᠭᠦᠯᠵᠦ᠂ ᠣᠷᠣᠨ ᠨᠤᠲᠤᠭ ᠤᠨ ᠠᠵᠢᠯ ᠣᠯᠭᠤᠯᠲᠠ ᠶᠢᠨ ᠨᠣᠷᠮ᠎ᠠ ᠶᠢ ᠳᠡᠭᠡᠭᠰᠢᠯᠡᠭᠦᠯᠦᠨ᠂ ᠠᠵᠤ ᠠᠬᠤᠶ ᠶᠢᠨ ᠳᠠᠷᠤᠯᠲᠠ ᠶᠢ ᠬᠥᠩᠭᠡᠷᠡᠭᠦᠯᠵᠦ᠂ ᠭᠠᠵᠠᠷ ᠣᠷᠣᠨ ᠤ ᠠᠵᠤ ᠠᠬᠤᠶ ᠶᠢ ᠦᠷᠭᠦᠯᠵᠢᠯᠡᠨ ᠬᠥᠭᠵᠢᠭᠦᠯᠬᠦ ᠳᠤ ᠬᠦᠴᠦᠷᠬᠡᠭ ᠶᠡᠭᠡ ᠬᠥᠳᠡᠯᠮᠦᠷᠢ ᠬᠦᠴᠦᠨ ᠤ ᠲᠤᠯᠭᠠᠭᠤᠷᠢᠯᠠᠯ ᠬᠠᠩᠭᠠᠨ᠎ᠠ᠃
 
ᠢᠷᠡᠯᠲᠡ᠄ ᠵᠠᠯᠠᠨ ᠠᠶᠢᠯ ᠬᠤᠲᠠ ᠶᠢᠨ ᠵᠠᠰᠠᠭ ᠤᠨ ᠤᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号