ᠰᠢᠨ᠎ᠡ ᠨᠢᠭᠡ ᠬᠤᠭᠤᠴᠠᠭᠠᠨ ᠤ ᠵᠠᠯᠠᠨ ᠠᠶᠢᠯ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠱᠦᠵᠢ᠂ ᠳᠡᠳ᠋ ᠱᠦᠵᠢ ᠶᠢ ᠰᠣᠩᠭᠤᠨ ᠭᠠᠷᠭᠠᠪᠠ
ᠨᠡᠶᠢᠲᠡᠯᠡᠭᠰᠡᠨ ᠴᠠᠭ᠄
2021/9/2
     ᠳᠤᠮᠳᠠᠳᠤ ᠤᠯᠤᠰ ᠤᠨ ᠡᠪ ᠬᠠᠮᠲᠤ ᠨᠠᠮ ᠤᠨ ᠵᠠᠯᠠᠨ ᠠᠶᠢᠯ ᠬᠤᠲᠠ ᠶᠢᠨ ᠶᠢᠰᠦᠳᠦᠭᠡᠷ ᠬᠤᠭᠤᠴᠠᠭᠠᠨ ᠤ ᠬᠤᠷᠢᠶ᠎ᠠ ᠶᠢᠨ ᠠᠩᠬᠠᠳᠤᠭᠠᠷ ᠪᠥᠬᠦᠳᠡ ᠬᠤᠷᠠᠯ ᠬᠤᠷᠠᠯᠳᠣᠪᠠ    8 ᠰᠠᠷ᠎ᠠ ᠶᠢᠨ 30      ᠤ ᠡᠳᠦᠷ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠵᠠᠯᠠᠨ ᠠᠶᠢᠯ ᠬᠤᠲᠠ ᠶᠢᠨ ᠶᠢᠰᠦᠳᠦᠭᠡᠷ ᠬᠤᠭᠤᠴᠠᠭᠠᠨ ᠤ ᠬᠤᠷᠢᠶᠠᠨ ᠤ ᠠᠩᠬᠠᠳᠤᠭᠠᠷ ᠪᠥᠬᠦᠳᠡ ᠬᠤᠷᠠᠯ ᠬᠤᠷᠠᠯᠳᠤᠪᠠ᠃ ᠰᠢᠨ᠎ᠡ ᠪᠠᠷ ᠰᠣᠩᠭᠤᠭᠳᠠᠭᠰᠠᠨ ᠳᠤᠮᠳᠠᠳᠤ ᠤᠯᠤᠰ ᠤᠨ ᠡᠪ ᠬᠠᠮᠲᠤ ᠨᠠᠮ ᠤᠨ ᠵᠠᠯᠠᠨ ᠠᠶᠢᠯ ᠬᠤᠲᠠ ᠶᠢᠨ ᠶᠢᠰᠦᠳᠦᠭᠡᠷ ᠬᠤᠭᠤᠴᠠᠭᠠᠨ ᠤ ᠬᠤᠷᠢᠶᠠᠨ ᠤ ᠭᠡᠰᠢᠭᠦᠨ᠂ ᠣᠷᠣᠯᠠᠭᠴᠢ ᠭᠡᠰᠢᠭᠦᠨ ᠬᠤᠷᠠᠯ ᠳᠤ ᠣᠷᠣᠯᠴᠠᠪᠠ᠃ ᠬᠤᠷᠠᠯ ᠢ ᠶᠤᠸᠠᠢ ᠭᠦᠸᠧ ᠳ᠋ᠦᠩ ᠡᠷᠭᠢᠯᠡᠪᠡ᠃    ᠬᠤᠷᠠᠯ ᠳᠤ ᠣᠷᠣᠯᠴᠠᠬᠤ ᠶᠣᠰᠣᠲᠠᠶ ᠭᠡᠰᠢᠭᠦᠨ 37 ᠬᠥᠮᠦᠨ᠂ ᠣᠷᠣᠯᠠᠭᠴᠢ ᠭᠡᠰᠢᠭᠦᠨ 9 ᠬᠥᠮᠦᠨ᠂ ᠬᠤᠷᠠᠯ ᠳᠤ ᠪᠣᠳᠠᠲᠠᠶ ᠣᠷᠣᠯᠴᠠᠭᠰᠠᠨ ᠭᠡᠰᠢᠭᠦᠨ 36 ᠬᠥᠮᠦᠨ᠂ ᠣᠷᠣᠯᠠᠭᠴᠢ ᠭᠡᠰᠢᠭᠦᠨ 9 ᠬᠥᠮᠦᠨ ᠪᠠᠶᠢᠵᠤ᠂ ᠲᠣᠭᠲᠠᠭᠠᠭᠰᠠᠨ ᠬᠥᠮᠦᠨ ᠤ ᠲᠤᠭ᠎ᠠ ᠳᠤ ᠨᠡᠶᠢᠴᠡᠨ᠎ᠡ᠃     ᠬᠤᠷᠠᠯ ᠠᠴᠠ ᠭᠠᠷ ᠡᠷᠭᠦᠨ ᠪᠠᠲᠤᠯᠠᠬᠤ ᠬᠡᠯᠪᠡᠷᠢ ᠪᠠᠷ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠵᠠᠯᠠᠨ ᠠᠶᠢᠯ ᠬᠤᠳᠠ ᠶᠢᠨ ᠶᠢᠰᠦᠳᠦᠭᠡᠷ ᠬᠤᠭᠤᠴᠠᠭᠠᠨ ᠤ  ᠬᠤᠷᠢᠶ᠎ᠠ ᠶᠢᠨ ᠠᠩᠬᠠᠳᠤᠭᠠᠷ ᠪᠦᠬᠦᠳᠠ ᠬᠤᠷᠠᠯ ᠤᠨ ᠰᠣᠩᠭᠤᠭᠤᠯᠢ ᠶᠢᠨ ᠠᠷᠭ᠎ᠠ︾ ᠶᠢ ᠪᠠᠲᠤᠯᠠᠪᠠ᠃ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠥᠯᠥᠨ ᠪᠤᠶᠢᠷ ᠬᠤᠲᠠ ᠶᠢᠨ ᠬᠤᠷᠢᠶ᠎ᠠ ᠶᠢᠨ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠵᠠᠯᠠᠨ ᠠᠶᠢᠯ ᠬᠤᠲᠠ ᠶᠢᠨ ᠶᠢᠰᠦᠳᠦᠭᠡᠷ ᠬᠤᠭᠤᠴᠠᠭᠠᠨ ᠤ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠱᠦᠵᠢ᠂ ᠳᠡᠳ᠋ ᠱᠦᠵᠢ ᠶᠢᠨ ᠵᠢᠱᠢᠭᠳᠡᠭᠴᠢ ᠶᠢᠨ ᠪᠡᠯᠡᠳᠬᠡᠯ ᠵᠢᠱᠢᠭᠳᠡᠭᠴᠢ ᠶᠢᠨ ᠲᠤᠬᠠᠶ ᠴᠣᠬᠤᠯᠠᠪᠤᠷᠢ︾ ᠶᠢ ᠨᠡᠶᠢᠲᠡᠯᠡᠭᠰᠡᠨ ᠪᠥᠭᠡᠳ ᠪᠡᠯᠡᠳᠬᠡᠯ ᠵᠢᠱᠢᠭᠳᠡᠭᠴᠢ ᠶᠢᠨ ᠨᠡᠷᠡᠰ ᠤᠨ ᠲᠣᠳᠣᠷᠬᠠᠶᠢᠯᠠᠯᠲᠠ ᠬᠢᠵᠦ᠂ ᠪᠢᠯᠧᠲ ᠬᠢᠨᠠᠭᠴᠢ ᠶᠢᠨ ᠨᠡᠷᠡᠰ ᠢ ᠪᠠᠲᠤᠯᠠᠪᠠ᠃    ᠬᠤᠷᠠᠯ ᠠᠴᠠ ᠨᠢᠭᠤᠴᠠ ᠰᠣᠩᠭᠤᠭᠤᠯᠢ ᠶᠢᠨ ᠠᠷᠭ᠎ᠠ ᠪᠠᠷ ᠶᠤᠸᠠᠢ ᠭᠦᠸᠧ ᠳ᠋ᠦᠩ᠂ ᠸᠠᠩ ᠪᠥᠸᠧ᠂ ᠵᠠᠩ ᠸᠧᠶ ᠵᠢᠶᠦ᠋ᠨ᠂ ᠵᠢᠶᠠᠩ ᠬᠦ᠋᠂ ᠯᠢᠦ ᠬᠤᠩ ᡁᠢ᠂ ᠡᠤ ᠴᠧᠨ ᠳ᠋ᠦᠩ᠂ ᠶᠠᠩ ᠵᠢᠶ ᠴᠦᠨ᠂ ᠯᠢᠦ ᠭᠦᠸᠧ ᠬᠤᠸᠠ᠂ ᠶᠠᠨ ᡁᠢ ᠭᠠᠩ᠂ ᠯᠢ ᠳ᠋ᠦᠩ ᠹᠠᠩ᠂ ᠵᠢᠶᠠᠩ ᠵᠢᠶᠦ᠋ᠨ ᠶᠦᠩ ᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠵᠠᠯᠠᠨ ᠠᠶᠢᠯ ᠬᠤᠲᠠ ᠶᠢᠨ ᠶᠢᠰᠦᠳᠦᠭᠡᠷ ᠬᠤᠭᠤᠴᠠᠭᠠᠨ ᠤ ᠬᠤᠷᠢᠶᠠᠨ ᠤ ᠪᠠᠶᠢᠩᠭᠤ ᠶᠢᠨ ᠬᠤᠷᠢᠶᠠᠨ ᠤ ᠭᠡᠰᠢᠭᠦᠨ ᠢᠶᠠᠷ ᠰᠣᠩᠭᠤᠪᠠ᠃
   ᠶᠤᠸᠠᠢ ᠭᠦᠸᠧ ᠳ᠋ᠦᠩ ᠳᠤᠮᠳᠠᠳᠤ ᠤᠯᠤᠰ ᠤᠨ ᠡᠪ ᠬᠠᠮᠲᠤ ᠨᠠᠮ ᠤᠨ ᠵᠠᠯᠠᠨ ᠠᠶᠢᠯ ᠬᠤᠲᠠ ᠶᠢᠨ ᠶᠢᠰᠦᠳᠦᠭᠡᠷ ᠬᠤᠭᠤᠴᠠᠭᠠᠨ ᠤ ᠬᠤᠷᠢᠶ᠎ᠠ ᠶᠢᠨ ᠱᠦᠵᠢ ᠪᠠᠷ ᠰᠣᠩᠭᠤᠭᠳᠠᠵᠤ᠂ ᠸᠠᠩ ᠪᠥᠸᠧ᠂ ᠵᠠᠩ ᠸᠧᠶ ᠵᠢᠶᠦ᠋ᠨ ᠳᠤᠮᠳᠠᠳᠤ ᠤᠯᠤᠰ ᠤᠨ ᠡᠪ ᠬᠠᠮᠲᠤ ᠨᠠᠮ ᠤᠨ ᠵᠠᠯᠠᠨ ᠠᠶᠢᠯ ᠬᠤᠲᠠ ᠶᠢᠨ ᠶᠢᠰᠦᠳᠦᠭᠡᠷ ᠬᠤᠭᠤᠴᠠᠭᠠᠨ ᠤ ᠬᠤᠷᠢᠶ᠎ᠠ ᠶᠢᠨ ᠳᠡᠳ᠋ ᠱᠦᠵᠢ ᠪᠠᠷ ᠰᠣᠩᠭᠤᠭᠳᠠᠪᠠ᠃    ᠬᠤᠷᠠᠯ ᠠᠴᠠ ᠭᠠᠷ ᠡᠷᠭᠦᠨ ᠪᠠᠲᠤᠯᠠᠬᠤ ᠬᠡᠯᠪᠡᠷᠢ ᠪᠠᠷ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠵᠠᠯᠠᠨ ᠠᠶᠢᠯ ᠬᠤᠳᠠ ᠶᠢᠨ ᠶᠢᠰᠦᠳᠦᠭᠡᠷ ᠬᠤᠭᠤᠴᠠᠭᠠᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠠᠩᠬᠠᠳᠤᠭᠠᠷ ᠪᠦᠬᠦᠳᠠ ᠬᠤᠷᠠᠯ ᠤᠨ ᠰᠣᠩᠭᠤᠭᠤᠯᠢ ᠶᠢᠨ ᠦᠷ᠎ᠡ ᠳ᠋ᠦᠩ ᠤᠨ ᠮᠡᠳᠡᠭᠦᠯᠦᠯᠲᠡ︾ ᠶᠢ ᠪᠠᠲᠤᠯᠠᠪᠠ᠃ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠵᠠᠯᠠᠨ ᠠᠶᠢᠯ ᠬᠤᠲᠠ ᠶᠢᠨ ᠶᠢᠰᠦᠳᠦᠭᠡᠷ ᠬᠤᠭᠤᠴᠠᠭᠠᠨ ᠤ ᠬᠤᠷᠢᠶ᠎ᠠ ᠶᠢᠨ ᠠᠩᠬᠠᠳᠤᠭᠠᠷ ᠪᠥᠬᠦᠳᠡ ᠬᠤᠷᠠᠯ ᠤᠨ ᠰᠢᠢᠳᠪᠦᠷᠢ︾ ᠶᠢ ᠪᠠᠲᠤᠯᠠᠪᠠ᠃    ᠬᠤᠷᠠᠯ ᠳᠡᠭᠡᠷ᠎ᠡ᠂ ᠬᠤᠲᠠ ᠶᠢᠨ ᠨᠠᠮ ᠤᠨ ᠬᠤᠷᠢᠶᠠᠨ ᠤ ᠱᠦᠵᠢ ᠶᠤᠸᠠᠢ ᠭᠦᠸᠧ ᠳ᠋ᠦᠩ ᠶᠠᠷᠢᠶᠠᠨ ᠳᠠᠭᠠᠨ ᠵᠢᠭᠠᠵᠤ ᠭᠠᠷᠭᠠᠭᠰᠠᠨ ᠨᠢ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠠᠭᠤᠤ ᠶᠡᠭᠡ ᠲᠤᠭ ᠢ ᠢᠮᠠᠭᠲᠠ ᠥᠨᠳᠥᠷ ᠮᠠᠨᠳᠤᠭᠤᠯᠵᠤ᠂ ᠨᠠᠮ ᠤᠨ ᠲᠥᠪ ᠬᠤᠷᠢᠶ᠎ᠠ ᠶᠢᠨ  ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠡᠷᠡᠰ ᠲᠤᠤᠱᠯᠠᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠥᠯᠥᠨ ᠪᠤᠶᠢᠷ ᠬᠤᠲᠠ ᠶᠢᠨ ᠨᠠᠮ ᠤᠨ ᠬᠤᠷᠢᠶ᠎ᠠ ᠶᠢᠨ ᠠᠵᠢᠯ ᠤᠨ ᠱᠠᠭᠠᠷᠳᠠᠯᠭ᠎ᠠ ᠶᠢ ᠡᠷᠡᠰ ᠨᠠᠶᠢᠳᠠᠪᠤᠷᠢᠵᠢᠭᠤᠯᠤᠨ᠂ ᠤᠯᠤᠰ ᠲᠥᠷᠥ ᠶᠢᠨ ᠮᠠᠭᠠᠳᠯᠠᠬᠤ ᠴᠢᠳᠠᠪᠤᠷᠢ᠂ ᠤᠯᠤᠰ ᠲᠥᠷᠥ ᠶᠢᠨ ᠣᠶᠢᠯᠠᠭᠠᠬᠤ ᠴᠢᠳᠠᠪᠤᠷᠢ᠂ ᠤᠯᠤᠰ ᠲᠥᠷᠥ ᠶᠢᠨ ᠬᠡᠷᠡᠭᠵᠢᠭᠦᠯᠬᠦ ᠴᠢᠳᠠᠪᠤᠷᠢ ᠪᠠᠨ ᠳᠡᠭᠡᠭᠰᠢᠯᠡᠭᠦᠯᠵᠦ᠂ ︽ᠳᠥᠷᠪᠡᠨ ᠤᠬᠠᠮᠰᠠᠷ︾ ᠢᠶᠠᠨ ᠴᠢᠩᠭᠠᠷᠠᠭᠤᠯᠤᠨ᠂ ︽ᠳᠥᠷᠪᠡᠨ ᠢᠲᠡᠭᠡᠯ︾ ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠵᠦ᠂ ᠨᠠᠮ ᠳᠠᠭᠠᠨ ᠬᠠᠷᠢᠴᠠᠯᠠᠰᠢᠭᠦᠶ ᠦᠨᠡᠨᠴᠢ ᠰᠢᠳᠤᠷᠭᠤ᠂ ᠬᠠᠷᠢᠴᠠᠯᠠᠰᠢᠭᠦᠶ ᠴᠡᠪᠡᠷ᠂ ᠬᠠᠷᠢᠴᠠᠯᠠᠰᠢᠭᠦᠶ ᠨᠠᠶᠢᠳᠠᠪᠤᠷᠢᠲᠠᠶ ᠪᠠᠶᠢᠬᠤ ᠶᠢ ᠪᠡᠶᠡᠯᠡᠭᠦᠯᠬᠦ ᠬᠡᠷᠡᠭᠲᠡᠶ᠃     ᠶᠤᠸᠠᠢ ᠭᠦᠸᠧ ᠳ᠋ᠦᠩ ᠴᠢᠬᠤᠯᠠᠴᠢᠯᠠᠬᠤ ᠳᠠᠭᠠᠨ᠂ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ ᠶᠡᠭᠡ ᠶᠠᠪᠤᠳᠠᠯ ᠢ ᠠᠳᠬᠤᠵᠤ᠂ ︽ᠭᠤᠷᠪᠠᠨ ᠭᠠᠵᠠᠷ ᠭᠤᠷᠪᠠᠨ ᠪᠠᠯᠭᠠᠰᠤ ᠨᠢᠭᠡ ᠲᠥᠪ︾ ᠢ ᠪᠦᠲᠦᠭᠡᠨ ᠪᠠᠶᠢᠭᠤᠯᠬᠤ ᠬᠥᠭᠵᠢᠯᠲᠡ ᠶᠢᠨ ᠬᠠᠷᠠᠯᠲᠠ ᠳᠤ ᠠᠩᠬᠠᠷᠤᠯ ᠢᠶᠠᠨ ᠲᠥᠪᠯᠡᠷᠡᠭᠦᠯᠵᠦ᠂ ᠭᠤᠣᠯ ᠬᠦᠴᠦ ᠪᠠᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ᠂ ᠠᠵᠤ ᠦᠢᠯᠡᠰ ᠤᠨ ᠬᠥᠭᠵᠢᠯᠲᠡ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠨᠠᠮ ᠤᠨ ᠪᠠᠶᠢᠭᠤᠯᠤᠯᠲᠠ ᠵᠡᠷᠭᠡ ᠬᠥᠭᠵᠢᠯᠲᠡ ᠶᠢᠨ ᠪᠦᠬᠦ ᠲᠠᠯ᠎ᠠ ᠳᠤ ᠬᠤᠯᠪᠣᠭᠳᠠᠬᠤ ᠴᠢᠬᠤᠯᠠ ᠠᠵᠢᠯ ᠳᠡᠭᠡᠷ᠎ᠡ ᠲᠠᠯᠪᠢᠵᠤ᠂ ᠬᠥᠭᠵᠢᠯᠲᠡ ᠭᠡᠬᠦ ᠡᠨᠡᠬᠦ ᠴᠢᠬᠤᠯᠠ ᠡᠭᠦᠷᠭᠡ ᠶᠢ ᠢᠮᠠᠭᠲᠠ ᠠᠳᠬᠤᠵᠤ᠂ ᠪᠣᠬᠢᠷᠲᠤᠯ ᠦᠭᠡᠢ ᠪᠠᠷ ᠬᠥᠭᠵᠢᠨ ᠮᠠᠨᠳᠤᠬᠤ᠂ ᠠᠷᠠᠳ ᠢ ᠪᠠᠶᠠᠵᠢᠭᠤᠯᠤᠨ ᠬᠤᠳᠠ ᠶᠢ ᠬᠦᠴᠦᠷᠬᠡᠭᠵᠢᠭᠦᠯᠬᠦ᠂ ᠬᠥᠭᠵᠢᠯ ᠴᠡᠴᠡᠭᠯᠡᠯ ᠢ ᠬᠠᠮᠲᠤᠪᠠᠷ ᠡᠳ᠋ᠯᠡᠬᠦ ᠶᠢ ᠪᠠᠷᠢᠮᠲᠠᠯᠠᠵᠤ᠂ ᠭᠤᠷᠪᠠᠨ ᠠᠵᠤ ᠦᠢᠯᠡᠰ ᠢ ᠠᠭᠤᠰᠤᠯᠴᠠᠭᠤᠯᠬᠤ᠂ ᠰᠣᠶᠣᠯ ᠵᠤᠭᠠᠴᠠᠯ ᠢ ᠠᠭᠤᠰᠤᠯᠴᠠᠭᠤᠯᠬᠤ᠂ ᠠᠵᠤ ᠦᠢᠯᠡᠰ ᠬᠤᠳᠠ ᠶᠢ ᠠᠭᠤᠰᠤᠯᠴᠠᠭᠤᠯᠬᠤ ᠶᠢ ᠪᠠᠷᠢᠮᠲᠠᠯᠠᠵᠤ᠂ ᠠᠮᠢ ᠠᠬᠤᠢ ᠶᠢ ᠲᠡᠷᠢᠭᠦᠨ ᠳᠤ ᠲᠠᠯᠪᠢᠬᠤ᠂ ᠪᠣᠬᠢᠷᠲᠤᠯ ᠦᠭᠡᠢ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ ᠢᠶᠠᠷ ᠡᠷᠡᠰ ᠭᠤᠶᠢᠪᠢᠰᠢ ᠦᠭᠡᠢ ᠵᠠᠮᠨᠠᠵᠤ᠂ ᠵᠢᠷᠤᠭ ᠲᠥᠯᠥᠪᠯᠡᠭᠡ ᠶᠢ ᠦᠨᠡᠨᠬᠦ ᠪᠣᠳᠠᠲᠠᠢ ᠪᠣᠯᠭᠠᠵᠤ᠂ ᠠᠮᠠᠯᠠᠯᠲᠠ ᠶᠢ ᠦᠷ᠎ᠡ ᠪᠦᠲᠦᠭᠡᠯ ᠪᠣᠯᠭᠠᠬᠤ ᠬᠡᠷᠡᠭᠲᠡᠢ᠃ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠵᠤ᠂ ᠰᠢ ᠶᠢᠨ ᠫᠢᠩ ᠶᠡᠷᠦᠩᠬᠡᠶ ᠱᠦᠵᠢ ᠶᠢᠨ ︽ ᠬᠤᠪᠢ ᠪᠡᠶ᠎ᠡ ᠪᠠᠨ ᠣᠮᠠᠷᠳᠠᠨ᠂ ᠠᠷᠠᠳ ᠲᠦᠮᠡᠨ ᠢ ᠬᠥᠰᠡᠷᠳᠡᠭᠦᠯᠬᠦ ᠦᠭᠡᠢ︾ ᠭᠡᠬᠦ ᠰᠠᠨᠠᠭ᠎ᠠ ᠠᠬᠤᠶ ᠶᠢᠨ ᠰᠡᠳᠬᠢᠯᠭᠡ ᠶᠢ ᠭᠦᠨᠵᠡᠭᠡᠶ ᠰᠤᠷᠤᠯᠴᠠᠨ ᠣᠶᠢᠯᠠᠭᠠᠵᠤ᠂ ᠵᠥᠪ ᠣᠨᠣᠪᠴᠢᠲᠠᠶ ᠡᠷᠬᠡ ᠶᠢᠨ ᠦᠵᠡᠯᠲᠡ᠂ ᠠᠵᠢᠯ ᠤᠨ ᠪᠦᠲᠦᠮᠵᠢ ᠶᠢᠨ ᠦᠵᠡᠯᠲᠡ᠂ ᠠᠵᠢᠯ ᠦᠢᠯᠡᠰ ᠤᠨ ᠦᠵᠡᠯᠲᠡ ᠶᠢ ᠪᠠᠲᠤ ᠪᠠᠬᠢ ᠪᠤᠢ ᠪᠣᠯᠭᠠᠵᠤ᠂ ᠤᠯᠠᠨ ᠲᠦᠮᠡᠨ ᠳᠤ ᠲᠤᠯᠭᠠᠷᠠᠵᠤ ᠪᠠᠶᠢᠭ᠎ᠠ ᠬᠦᠴᠢᠷ ᠶᠠᠪᠤᠳᠠᠯ᠂ ᠦᠨᠳᠦᠰᠦᠨ ᠱᠠᠲᠤᠨ ᠳᠤ ᠲᠤᠯᠭᠠᠷᠠᠵᠤ ᠪᠠᠶᠢᠭ᠎ᠠ ᠬᠦᠴᠢᠷ ᠠᠰᠠᠭᠤᠳᠠᠯ᠂ ᠠᠵᠤ ᠠᠬᠤᠶᠢᠯᠠᠯ ᠳᠤ ᠲᠤᠯᠭᠠᠷᠠᠵᠤ ᠪᠠᠶᠢᠭ᠎ᠠ ᠬᠦᠴᠢᠷ ᠠᠰᠠᠭᠤᠳᠠᠯ ᠢ ᠰᠡᠳᠬᠢᠯ ᠲᠠᠯᠪᠢᠨ ᠬᠦᠴᠦ ᠲᠠᠯᠪᠢᠨ ᠰᠠᠶᠢᠲᠤᠷ  ᠰᠢᠢᠳᠪᠦᠷᠢᠯᠡᠵᠦ᠂ ᠨᠠᠮ ᠪᠠ ᠠᠷᠠᠳ ᠲᠦᠮᠡᠨ ᠤ ᠰᠠᠨᠠᠭᠠᠨ ᠳᠤ ᠨᠡᠶᠢᠴᠡᠭᠰᠡᠨ ᠨᠢᠭᠡ ᠬᠤᠪᠢ ᠬᠠᠷᠢᠭᠤᠯᠲᠠ  ᠲᠤᠰᠢᠶᠠᠬᠤ ᠪᠠᠷ ᠴᠢᠷᠮᠠᠶᠢᠬᠤ ᠬᠡᠷᠡᠭᠲᠡᠶ᠃ ᠠᠷᠠᠳᠴᠢᠯᠠᠯ ᠢ ᠪᠠᠳᠠᠷᠠᠭᠤᠯᠤᠨ᠂ ᠦᠵᠡᠯ ᠰᠠᠨᠠᠭ᠎ᠠ ᠪᠠᠨ ᠨᠢᠭᠡᠳᠬᠡᠵᠦ᠂ ᠪᠦᠯᠬᠦᠮᠳᠡᠯ ᠢ ᠰᠠᠶᠢᠲᠤᠷ ᠬᠢᠵᠦ᠂ ᠠᠷᠠᠳᠴᠢᠯᠠᠯ ᠲᠥᠪᠯᠡᠷᠡᠯ ᠤᠨ ᠶᠣᠰᠣ ᠶᠢ ᠲᠦᠷᠦᠭᠦᠯᠡᠨ ᠬᠡᠷᠡᠭᠵᠢᠭᠦᠯᠵᠦ᠂ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠬᠤ᠂ ᠡᠶ᠎ᠡ ᠵᠣᠬᠢᠴᠠᠯ ᠲᠠᠢ ᠪᠠᠷ ᠬᠠᠮᠲᠤ ᠠᠵᠢᠯᠯᠠᠬᠤ ᠰᠠᠶᠢᠨ ᠰᠠᠶᠢᠬᠠᠨ ᠠᠭᠤᠷ ᠠᠮᠢᠰᠬᠤᠯ ᠢ ᠬᠦᠴᠦᠯᠡᠨ ᠪᠤᠢ ᠪᠣᠯᠭᠠᠬᠤ ᠬᠡᠷᠡᠭᠲᠡᠶ᠃ ᠰᠠᠬᠢᠯᠭ᠎ᠠ ᠪᠠᠲᠤ ᠶᠢᠨ ᠤᠯᠠᠭᠠᠨ ᠱᠤᠭᠤᠮ ᠢ ᠪᠠᠲᠤ ᠰᠠᠬᠢᠵᠤ᠂ ᠶᠣᠰᠣ ᠲᠦᠷᠢᠮ ᠤᠨ ᠬᠤᠷᠢᠭ᠎ᠠ ᠱᠤᠭᠤᠮ ᠢ ᠰᠠᠶᠢᠲᠤᠷ ᠰᠠᠬᠢᠵᠤ᠂ ᠲᠦᠷᠦᠭᠦᠯᠡᠨ ᠡᠷᠬᠡ ᠶᠢ ᠭᠤᠣᠯᠴᠢ ᠪᠠᠷ ᠬᠡᠷᠡᠭᠯᠡᠵᠦ᠂ ᠲᠦᠷᠦᠭᠦᠯᠡᠨ ᠨᠠᠮ ᠢ ᠬᠠᠮᠢᠶᠠᠷᠴᠤ ᠨᠠᠮ ᠢ ᠵᠠᠰᠠᠵᠤ᠂ ᠬᠠᠤᠯᠢ ᠶᠣᠰᠣᠭᠠᠷ ᠡᠭᠦᠷᠭᠡ ᠲᠤᠰᠢᠶᠠᠯ ᠢᠶᠠᠨ ᠭᠦᠢᠴᠡᠳᠬᠡᠬᠦ᠂ ᠠᠷᠢᠭᠤᠨ ᠴᠢᠬᠡᠴᠢ ᠪᠠᠷ ᠵᠠᠰᠠᠭ ᠪᠠᠷᠢᠬᠤ ᠶᠢ ᠪᠠᠷᠢᠮᠲᠠᠯᠠᠵᠤ᠂ ︽ᠨᠢᠭᠡ ᠠᠵᠢᠯ ᠤᠨ ᠪᠠᠶᠢᠷᠢ ᠬᠤᠶᠠᠷ ᠬᠠᠷᠢᠭᠤᠴᠠᠯᠭ᠎ᠠ︾ ᠶᠢ ᠴᠢᠩᠭ᠎ᠠ ᠭᠦᠢᠴᠡᠳᠬᠡᠵᠦ᠂ ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠪᠣᠯᠤᠨ ᠢᠯᠵᠠᠷᠠᠯ ᠢ ᠡᠰᠡᠷᠭᠦᠴᠡᠬᠦ ᠲᠡᠮᠡᠴᠡᠯ ᠢ ᠡᠷᠡᠰ ᠭᠤᠶᠢᠪᠢᠰᠢ ᠦᠭᠡᠢ ᠪᠠᠷ ᠲᠦᠯᠬᠢᠨ ᠠᠬᠢᠭᠤᠯᠵᠤ᠂ ︽ᠲᠦᠷᠪᠡᠨ ᠰᠤᠷᠲᠠᠯ︾ ᠢ ᠴᠥᠬᠦᠷᠡᠰᠢ ᠦᠭᠡᠢ ᠡᠰᠡᠷᠭᠦᠴᠡᠵᠦ᠂ ᠰᠤᠷᠲᠠᠯ ᠴᠢᠬᠡᠴᠢ ᠣᠪᠣᠷ ᠲᠥᠪ ᠤᠯᠤᠰ ᠲᠦᠷᠦ ᠶᠢᠨ ᠠᠮᠢ ᠠᠬᠤᠶ ᠶᠢ ᠬᠦᠴᠦᠯᠡᠨ ᠪᠤᠢ ᠪᠣᠯᠭᠠᠬᠤ ᠬᠡᠷᠡᠭᠲᠡᠶ᠃ ᠤᠭ ᠰᠠᠨᠠᠭ᠎ᠠ ᠪᠠᠨ ᠦᠯᠦ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ ᠲᠦᠷᠦᠭᠦᠯᠡᠨ ᠦᠯᠢᠭᠡᠷ ᠳᠠᠭᠤᠷᠢᠶᠠᠯ ᠪᠤᠯᠵᠤ᠂ ᠨᠠᠶᠢᠳᠠᠪᠤᠷᠢᠵᠢᠭᠤᠯᠤᠯᠲᠠ ᠶᠢ ᠭᠦᠨᠵᠡᠭᠡᠢ ᠠᠳᠬᠤᠵᠤ᠂ ᠬᠤᠳᠠ ᠶᠢᠨ ᠶᠢᠰᠦᠳᠦᠭᠡᠷ ᠤᠳᠠᠭ᠎ᠠ ᠶᠢᠨ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠠᠴᠠ ᠵᠢᠷᠤᠭᠯᠠᠭᠰᠠᠨ ᠠᠤᠭ᠎ᠠ ᠶᠡᠭᠡ ᠵᠢᠷᠤᠭ ᠲᠥᠯᠥᠪᠯᠡᠭᠡ ᠶᠢ ᠪᠡᠶᠡᠯᠡᠭᠦᠯᠬᠦ ᠶᠢᠨ ᠲᠥᠯᠥᠭᠡ ᠴᠢᠷᠮᠠᠶᠢᠨ ᠲᠡᠮᠡᠴᠡᠬᠦ ᠬᠡᠷᠡᠭᠲᠡᠢ︕
    ᠰᠢᠨ᠎ᠡ ᠨᠢᠭᠡ ᠬᠤᠭᠤᠴᠠᠭᠠᠨ ᠤ ᠵᠠᠯᠠᠨ ᠠᠶᠢᠯ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠳ ᠤᠨ ᠬᠠᠮᠲᠤ ᠶᠢᠨ ᠰᠡᠭᠦᠳᠡᠷ     ᠳᠤᠮᠳᠠᠳᠤ ᠤᠯᠤᠰ ᠤᠨ ᠡᠪ ᠬᠠᠮᠲᠤ ᠨᠠᠮ ᠤᠨ ᠵᠠᠯᠠᠨ ᠠᠶᠢᠯ ᠬᠤᠲᠠ ᠶᠢᠨ ᠶᠢᠰᠦᠳᠦᠭᠡᠷ ᠬᠤᠭᠤᠴᠠᠭᠠᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠠᠩᠬᠠᠳᠤᠭᠠᠷ ᠪᠥᠬᠦᠳᠡ ᠬᠤᠷᠠᠯ ᠬᠤᠷᠠᠯᠳᠤᠪᠠ   8 ᠰᠠᠷ᠎ᠠ ᠶᠢᠨ 30      ᠤ ᠡᠳᠦᠷ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠵᠠᠯᠠᠨ ᠠᠶᠢᠯ ᠬᠤᠲᠠ ᠶᠢᠨ ᠶᠢᠰᠦᠳᠦᠭᠡᠷ ᠬᠤᠭᠤᠴᠠᠭᠠᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠠᠩᠬᠠᠳᠤᠭᠠᠷ ᠪᠥᠬᠦᠳᠡ ᠬᠤᠷᠠᠯ ᠬᠤᠷᠠᠯᠳᠤᠪᠠ᠃ ᠰᠢᠨ᠎ᠡ ᠪᠠᠷ ᠰᠣᠩᠭᠤᠭᠳᠠᠭᠰᠠᠨ ᠳᠤᠮᠳᠠᠳᠤ ᠤᠯᠤᠰ ᠤᠨ ᠡᠪ ᠬᠠᠮᠲᠤ ᠨᠠᠮ ᠤᠨ ᠵᠠᠯᠠᠨ ᠠᠶᠢᠯ ᠬᠤᠲᠠ ᠶᠢᠨ ᠶᠢᠰᠦᠳᠦᠭᠡᠷ ᠬᠤᠭᠤᠴᠠᠭᠠᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ 19 ᠭᠡᠰᠢᠭᠦᠨ ᠬᠤᠷᠠᠯ ᠳᠤ ᠣᠷᠣᠯᠴᠠᠵᠤ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠱᠦᠵᠢ᠂ ᠬᠢᠨᠠᠨ ᠪᠠᠶᠢᠴᠠᠭᠠᠬᠤ ᠵᠥᠪᠯᠡᠯ ᠤᠨ ᠡᠷᠬᠢᠯᠡᠭᠴᠢ ᠯᠢᠦ ᠬᠤᠩ ᡁᠢ ᠬᠤᠷᠠᠯ ᠢ ᠡᠷᠭᠢᠯᠡᠪᠡ᠃ ᠬᠤᠷᠠᠯ ᠳᠤ ᠣᠷᠣᠯᠴᠠᠬᠤ ᠶᠣᠰᠣᠲᠠᠶ ᠭᠡᠰᠢᠭᠦᠨ 19 ᠬᠥᠮᠦᠨ᠂ ᠬᠤᠷᠠᠯ ᠳᠤ ᠪᠣᠳᠠᠲᠠᠶ ᠣᠷᠣᠯᠴᠠᠭᠰᠠᠨ ᠨᠢ 19 ᠬᠥᠮᠦᠨ ᠪᠠᠶᠢᠵᠤ᠂  ᠲᠣᠭᠲᠠᠭᠠᠭᠰᠠᠨ ᠬᠥᠮᠦᠨ ᠤ ᠲᠤᠭ᠎ᠠ ᠳᠤ ᠨᠡᠶᠢᠴᠡᠨ᠎ᠡ᠃
   ᠬᠤᠷᠠᠯ ᠠᠴᠠ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠵᠠᠯᠠᠨ ᠠᠶᠢᠯ ᠬᠤᠲᠠ ᠶᠢᠨ ᠶᠢᠰᠦᠳᠦᠭᠡᠷ ᠬᠤᠭᠤᠴᠠᠭᠠᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠠᠩᠬᠠᠳᠤᠭᠠᠷ ᠪᠦᠬᠦᠳᠡ ᠬᠤᠷᠠᠯ ᠤᠨ ᠰᠣᠩᠭᠤᠭᠤᠯᠢ ᠶᠢᠨ ᠠᠷᠭ᠎ᠠ︾ ᠶᠢ ᠪᠠᠲᠤᠯᠠᠵᠠᠢ᠃ ᠬᠤᠷᠠᠯ ᠳᠡᠭᠡᠷ᠎ᠡ᠂ ᠰᠦᠨ ᠢᠦᠶ ᠺᠦᠨ ᠨᠥᠬᠦᠷ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠥᠯᠥᠨ ᠪᠤᠶᠢᠷ ᠬᠤᠲᠠ ᠶᠢᠨ ᠬᠤᠷᠢᠶ᠎ᠠ ᠶᠢᠨ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠵᠠᠯᠠᠨ ᠠᠶᠢᠯ ᠬᠤᠲᠠ ᠶᠢᠨ ᠶᠢᠰᠦᠳᠦᠭᠡᠷ ᠬᠤᠭᠤᠴᠠᠭᠠᠨ ᠤ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠱᠦᠵᠢ᠂ ᠳᠡᠳ᠋ ᠱᠦᠵᠢ ᠪᠠ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠱᠦᠵᠢ᠂ ᠳᠡᠳ᠋ ᠱᠦᠵᠢ ᠶᠢᠨ ᠵᠢᠱᠢᠭᠳᠡᠭᠴᠢ ᠶᠢᠨ ᠪᠡᠯᠡᠳᠬᠡᠯ ᠵᠢᠱᠢᠭᠳᠡᠭᠴᠢ ᠶᠢᠨ ᠲᠤᠬᠠᠶ ᠴᠣᠬᠤᠯᠠᠪᠤᠷᠢ︾ ᠶᠢ ᠤᠩᠰᠢᠨ ᠨᠡᠶᠢᠲᠡᠯᠡᠪᠡ᠃ ᠳᠤᠮᠳᠠᠳᠤ ᠤᠯᠤᠰ ᠤᠨ ᠡᠪ ᠬᠠᠮᠲᠤ ᠨᠠᠮ ᠤᠨ ᠵᠠᠯᠠᠨ ᠠᠶᠢᠯ ᠬᠤᠲᠠ ᠶᠢᠨ ᠶᠢᠰᠦᠳᠦᠭᠡᠷ ᠬᠤᠭᠤᠴᠠᠭᠠᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠪᠠᠶᠢᠩᠭᠤ ᠶᠢᠨ ᠭᠡᠰᠢᠭᠦᠨ᠂ ᠱᠦᠵᠢ᠂ ᠳᠡᠳ᠋ ᠱᠦᠵᠢ ᠶᠢᠨ ᠵᠢᠱᠢᠭᠳᠡᠭᠴᠢ ᠶᠢᠨ ᠪᠡᠯᠡᠳᠬᠡᠯ ᠵᠢᠱᠢᠭᠳᠡᠭᠴᠢ ᠶᠢᠨ ᠨᠡᠷᠡᠰ ᠤᠨ ᠲᠤᠬᠠᠶ ᠲᠣᠳᠣᠷᠬᠠᠶᠢᠯᠠᠯᠲᠠ ᠬᠢᠵᠡᠶ᠃ ᠳᠤᠮᠳᠠᠳᠤ ᠤᠯᠤᠰ ᠤᠨ ᠡᠪ ᠬᠠᠮᠲᠤ ᠨᠠᠮ ᠤᠨ ᠵᠠᠯᠠᠨ ᠠᠶᠢᠯ ᠬᠤᠲᠠ ᠶᠢᠨ ᠶᠢᠰᠦᠳᠦᠭᠡᠷ ᠬᠤᠭᠤᠴᠠᠭᠠᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠪᠠᠶᠢᠩᠭᠤ ᠶᠢᠨ ᠬᠤᠷᠢᠶᠠᠨ ᠤ ᠭᠡᠰᠢᠭᠦᠨ᠂ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠱᠦᠵᠢ᠂ ᠳᠡᠳ᠋ ᠱᠦᠵᠢ ᠶᠢᠨ ᠵᠢᠱᠢᠭᠳᠡᠭᠴᠢ ᠶᠢᠨ ᠪᠡᠯᠡᠳᠬᠡᠯ ᠵᠢᠱᠢᠭᠳᠡᠭᠴᠢ ᠶᠢᠨ ᠨᠡᠷᠡᠰ ᠢ ᠪᠠᠲᠤᠯᠠᠪᠠ᠃    ᠪᠧᠯᠲ  ᠦᠭᠴᠦ ᠰᠣᠩᠭᠤᠬᠤ ᠪᠠᠷ ᠳᠠᠮᠵᠢᠭᠠᠳ ᠯᠢᠦ ᠬᠤᠩ ᡁᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠵᠠᠯᠠᠨ ᠠᠶᠢᠯ ᠬᠤᠲᠠ ᠶᠢᠨ ᠶᠢᠰᠦᠳᠦᠭᠡᠷ ᠬᠤᠭᠤᠴᠠᠭᠠᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠱᠦᠵᠢ ᠪᠠᠷ ᠰᠣᠩᠭᠤᠭᠳᠠᠵᠤ᠂ ᠰᠦᠨ ᠢᠦᠶ ᠺᠦᠨ᠂ ᠶᠢᠨ ᠢ ᠪᠢᠨ ᠳᠤᠮᠳᠠᠳᠤ ᠤᠯᠤᠰ ᠤᠨ ᠡᠪ ᠬᠠᠮᠲᠤ ᠨᠠᠮ ᠤᠨ ᠵᠠᠯᠠᠨ ᠠᠶᠢᠯ ᠬᠤᠲᠠ ᠶᠢᠨ ᠶᠢᠰᠦᠳᠦᠭᠡᠷ ᠬᠤᠭᠤᠴᠠᠭᠠᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠳᠡᠳ᠋ ᠱᠦᠵᠢ ᠪᠠᠷ ᠰᠣᠩᠭᠤᠭᠳᠠᠵᠤ᠂ ᠯᠢᠦ ᠬᠤᠩ ᡁᠢ ︵ᠡᠮᠡᠭᠲᠡᠶ︶᠂ ᠰᠦᠨ ᠢᠦᠶ ᠺᠦᠨ ︵ᠡᠸᠡᠩᠬᠢ ᠦᠨᠳᠦᠰᠦᠲᠡᠨ︶᠂ ᠶᠢᠨ ᠢ ᠪᠢᠨ᠂  ᠹᠧᠩ‌ᠯᠢ ᠸᠧᠶ᠂ ᠰᠦᠨ ᠳ᠋ᠡ ᠳ᠋ᠦᠩ᠂ ᠴᠧᠨ ᠬᠤᠶ ᠮᠢᠨ ︵ᠡᠮᠡᠭᠲᠡᠶ︶᠂ ᠼᠦᠢ ᠭᠦᠸᠧ ᠳ᠋ᠦᠩ ᠳᠤᠮᠳᠠᠳᠤ ᠤᠯᠤᠰ ᠤᠨ ᠡᠪ ᠬᠠᠮᠲᠤ ᠨᠠᠮ ᠤᠨ ᠵᠠᠯᠠᠨ ᠠᠶᠢᠯ ᠬᠤᠲᠠ ᠶᠢᠨ ᠶᠢᠰᠦᠳᠦᠭᠡᠷ ᠬᠤᠭᠤᠴᠠᠭᠠᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ ᠭᠡᠰᠢᠭᠦᠨ ᠢᠶᠠᠷ ᠰᠣᠩᠭᠤᠭᠳᠠᠪᠠ᠃ ᠰᠣᠩᠭᠤᠭᠤᠯᠢ ᠶᠢᠨ ᠦᠷ᠎ᠡ ᠳ᠋ᠦᠩ ᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠵᠠᠯᠠᠨ ᠠᠶᠢᠯ ᠬᠤᠳᠠ ᠶᠢᠨ ᠨᠠᠮ ᠤᠨ ᠬᠤᠷᠢᠶᠠᠨ ᠤ ᠶᠢᠰᠦᠳᠦᠭᠡᠷ ᠬᠤᠭᠤᠴᠠᠭᠠᠨ ᠤ ᠠᠩᠬᠠᠳᠤᠭᠠᠷ ᠪᠥᠬᠦᠳᠡ ᠬᠤᠷᠠᠯ  ᠢᠶᠠᠷ ᠪᠠᠲᠣᠯᠠᠭᠳᠠᠪᠠ᠃   ᠯᠢᠦ ᠬᠤᠩ ᡁᠢ ᠰᠢᠨ᠎ᠡ ᠪᠠᠷ ᠰᠣᠩᠭᠤᠭᠳᠠᠭᠰᠠᠨ 7 ᠪᠠᠶᠢᠩᠭᠤ ᠶᠢᠨ ᠭᠡᠰᠢᠭᠦᠨ ᠢ ᠲᠥᠯᠥᠭᠡᠯᠡᠨ ᠤᠯᠠᠨ ᠤ ᠢᠲᠡᠭᠡᠯ ᠪᠠ ᠳᠡᠮᠵᠢᠯᠭᠡ ᠳᠤ ᠴᠢᠩ ᠰᠡᠳᠬᠢᠯ ᠤᠨ ᠲᠠᠯᠠᠷᠬᠠᠯ ᠢᠶᠠᠨ ᠢᠯᠡᠳᠬᠡᠬᠦ ᠶᠢᠨ ᠬᠠᠮᠲᠤ ᠳᠡᠭᠡᠷ᠎ᠡ ᠨᠢᠭᠡ ᠬᠤᠭᠤᠴᠠᠭᠠᠨ ᠤ ᠬᠤᠳᠠ ᠶᠢᠨ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠪᠠᠶᠢᠩᠭᠤ ᠶᠢᠨ ᠭᠡᠰᠢᠭᠦᠨ ᠵᠢᠴᠢ ᠭᠡᠰᠢᠭᠦᠨ ᠤ ᠪᠦᠬᠦ ᠬᠤᠳᠠ ᠶᠢᠨ ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠪᠣᠯᠤᠨ ᠢᠯᠵᠢᠷᠡᠯ ᠢ ᠡᠰᠡᠷᠭᠦᠴᠡᠬᠦ ᠠᠵᠢᠯ ᠳᠤ ᠦᠵᠡᠭᠦᠯᠦᠭᠰᠡᠨ ᠬᠤᠪᠢ ᠨᠡᠮᠡᠷᠢ ᠳᠤ  ᠬᠦᠨᠳᠦᠳᠬᠡᠯ ᠳᠡᠪᠰᠢᠭᠦᠯᠵᠡᠢ᠃ ᠲᠡᠷᠡ ᠵᠢᠭᠠᠵᠤ ᠭᠠᠷᠭᠠᠭᠰᠠᠨ ᠨᠢ᠂ ᠬᠤᠲᠠ ᠶᠢᠨ ᠶᠢᠰᠦᠳᠦᠭᠡᠷ ᠤᠳᠠᠭᠠᠨ ᠤ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠠᠴᠠ ᠢᠷᠡᠬᠦ ᠲᠠᠪᠤᠨ ᠵᠢᠯ ᠤᠨ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠵᠢᠯᠣᠭᠤᠳᠬᠤ ᠦᠵᠡᠯ ᠰᠠᠨᠠᠭ᠎ᠠ ᠂ ᠲᠡᠮᠡᠴᠡᠯ ᠤᠨ ᠬᠠᠷᠠᠯᠲᠠ ᠪᠣᠯᠤᠨ ᠭᠤᠣᠯ ᠡᠭᠦᠷᠭᠡ ᠶᠢ ᠲᠣᠳᠣᠷᠬᠠᠶᠢᠯᠠᠵᠤ᠂ ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠪᠣᠯᠤᠨ ᠢᠯᠵᠠᠷᠠᠯ ᠢ ᠡᠰᠡᠷᠭᠦᠴᠡᠬᠦ ᠠᠵᠢᠯ ᠤᠨ ᠲᠠᠯ᠎ᠠ ᠪᠠᠷ ᠰᠢᠨ᠎ᠡ ᠡᠭᠦᠷᠭᠡ ᠶᠢ ᠪᠠᠶᠢᠷᠢᠯᠠᠭᠤᠯᠵᠤ᠂ ᠰᠢᠨ᠎ᠡ ᠱᠠᠭᠠᠷᠳᠠᠯᠭ᠎ᠠ ᠳᠤᠷᠠᠳᠴᠠᠶ᠃ ᠰᠢᠨ᠎ᠡ ᠨᠢᠭᠡ ᠬᠤᠭᠤᠴᠠᠭᠠᠨ ᠤ ᠬᠤᠲᠠ ᠶᠢᠨ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠪᠦᠬᠦ ᠭᠡᠰᠢᠭᠦᠳ ᠨᠡᠩ ᠢᠯᠡᠭᠦᠦ ᠪᠦᠯᠬᠦᠮᠳᠡᠨ ᠤᠷᠤᠭᠰᠢᠯᠠᠵᠤ᠂ ᠵᠠᠮ ᠨᠡᠭᠡᠭᠡᠨ ᠰᠢᠨ᠎ᠡ ᠶᠢ ᠡᠭᠦᠳᠴᠦ᠂ ᠯᠠᠪᠳᠠᠭᠤᠨ ᠪᠠᠲᠤᠲᠠᠶ ᠠᠵᠢᠯᠯᠠᠵᠤ᠂ ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠪᠣᠯᠤᠨ ᠢᠯᠵᠠᠷᠠᠯ ᠢ ᠡᠰᠡᠷᠭᠦᠴᠡᠬᠦ ᠠᠵᠢᠯ ᠤᠨ ᠰᠢᠨ᠎ᠡ ᠪᠠᠶᠢᠳᠠᠯ ᠢ ᠴᠢᠷᠮᠠᠶᠢᠨ ᠪᠤᠶ ᠪᠣᠯᠭᠠᠬᠤ ᠪᠣᠯᠤᠨ᠎ᠠ᠃     ᠯᠢᠦ ᠬᠤᠩ ᡁᠢ᠂ ᠬᠤᠶᠢᠰᠢᠳᠠ ᠶᠢᠨ ᠲᠠᠪᠤᠨ ᠵᠢᠯ ᠳᠤ ᠪᠦᠬᠦ ᠭᠡᠰᠢᠭᠦᠳ ︽ᠲᠦᠷᠪᠡᠨ ᠤᠬᠠᠮᠰᠠᠷ︾ ᠢᠶᠠᠨ ᠦᠨᠡᠨᠬᠦ ᠴᠢᠩᠭᠠᠳᠬᠠᠵᠤ᠂ ︽ᠲᠦᠷᠪᠡᠨ ᠢᠲᠡᠭᠡᠯ︾ ᠢᠶᠠᠨ ᠪᠠᠲᠤᠳᠬᠠᠵᠤ᠂ ᠠᠯᠢᠪᠠ ᠠᠵᠢᠯ ᠳᠠᠬᠢ ᠨᠠᠮ ᠤᠨ ᠤᠳᠤᠷᠢᠳᠤᠯᠭ᠎ᠠ ᠶᠢ ᠲᠤᠭ ᠲᠡᠮᠳᠡᠭ ᠲᠣᠳᠣᠷᠬᠠᠢ ᠪᠠᠷ ᠪᠠᠷᠢᠮᠲᠠᠯᠠᠬᠤ ᠬᠡᠷᠡᠭᠲᠡᠢ᠃ ᠤᠯᠤᠰ ᠲᠦᠷᠦ ᠶᠢᠨ ᠮᠠᠭᠠᠳᠯᠠᠬᠤ ᠴᠢᠳᠠᠪᠤᠷᠢ᠂ ᠣᠶᠢᠯᠠᠭᠠᠬᠤ ᠴᠢᠳᠠᠪᠤᠷᠢ᠂ ᠬᠡᠷᠡᠭᠵᠢᠭᠦᠯᠬᠦ ᠴᠢᠳᠠᠪᠤᠷᠢ ᠪᠠᠨ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ᠃ ᠡᠷᠡᠰ ᠴᠢᠩᠭ᠎ᠠ ᠣᠪᠣᠷ᠂ ᠬᠦᠴᠦᠲᠡᠢ ᠠᠷᠭ᠎ᠠ  ᠬᠡᠮᠵᠢᠶ᠎ᠡ᠂ ᠣᠨᠣᠪᠴᠢᠲᠠᠢ ᠡᠭᠦᠷᠭᠡ ᠲᠤᠰᠢᠶᠠᠯ ᠢᠶᠠᠨ ᠭᠦᠢᠴᠡᠳᠬᠡᠵᠦ᠂ ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢ ᠴᠢᠩᠭᠠᠳᠬᠠᠵᠤ᠂ ︽ᠲᠦᠷᠪᠡᠨ ᠰᠤᠷᠲᠠᠯ︾ ᠢ ᠴᠡᠭᠴᠡᠯᠡᠨ ᠵᠠᠰᠠᠭᠰᠠᠨ ᠦᠷ᠎ᠡ ᠪᠦᠲᠦᠭᠡᠯ ᠢ ᠲᠠᠰᠤᠷᠠᠯᠳᠡ ᠦᠭᠡᠢ ᠪᠠᠬᠢᠵᠢᠭᠦᠯᠦᠨ ᠥᠷᠭᠡᠳᠬᠡᠵᠦ᠂ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠴᠥᠬᠦᠷᠡᠰᠢ ᠦᠭᠡᠢ ᠨᠠᠶᠢᠳᠠᠪᠤᠷᠢᠵᠢᠭᠤᠯᠵᠤ᠂ ᠬᠡᠯᠪᠡᠷᠢᠴᠢ ᠦᠵᠡᠯ᠂ ᠨᠣᠶᠠᠨᠴᠢ ᠰᠤᠷᠲᠠᠯ ᠢ ᠶᠡᠬᠡᠪᠡᠷ ᠵᠠᠯᠠᠷᠠᠭᠤᠯᠤᠨ ᠵᠠᠰᠠᠬᠤ ᠬᠡᠷᠡᠭᠲᠡᠢ᠃ ᠢᠯᠵᠠᠷᠠᠯ ᠢ ᠡᠰᠡᠷᠭᠦᠴᠡᠨ ᠠᠷᠢᠭᠤᠨ ᠴᠢᠬᠡᠴᠢ ᠶᠢ ᠡᠷᠬᠢᠮᠯᠡᠬᠦ ᠠᠵᠢᠯ ᠢ ᠤᠯᠤᠰ ᠲᠦᠷᠦ᠂ ᠠᠵᠤ ᠠᠬᠤᠶ᠂ ᠰᠣᠶᠣᠯ᠂ ᠨᠡᠶᠢᠭᠡᠮ ᠪᠠ ᠨᠠᠮ ᠤᠨ ᠪᠠᠶᠢᠭᠤᠯᠤᠯᠲᠠ ᠵᠡᠷᠭᠡ ᠬᠦᠷᠢᠶᠡᠨ ᠳᠤ ᠨᠠᠶᠢᠳᠠᠪᠤᠷᠢᠵᠢᠭᠤᠯᠤᠨ᠎ᠠ᠃
 
ᠢᠷᠡᠯᠲᠡ᠄ ᠵᠠᠯᠠᠨ ᠠᠶᠢᠯ ᠬᠤᠲᠠ ᠶᠢᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号