ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ᠂ ᠬᠤᠲᠠ ᠶᠢᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠸᠠᠩ ᠪᠥᠸᠧ ᠬᠤᠲᠠ ᠶᠢᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ 2021 ᠣᠨ ᠤ ᠠᠷᠪᠠᠨ ᠬᠤᠶᠠᠳᠤᠭᠠᠷ ᠬᠤᠷᠠᠯᠳᠤᠭᠠᠨ ᠢ ᠡᠷᠭᠢᠯᠡᠨ ᠬᠤᠷᠠᠯᠳᠤᠭᠤᠯᠵᠤ ᠬᠤᠲᠠ ᠶᠢᠨ ᠶᠢᠰᠦᠳᠦᠭᠡᠷ ᠤᠳᠠᠭ᠎ᠠ ᠶᠢᠨ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠨᠠᠶᠢᠳᠠᠪᠤᠷᠢᠵᠢᠭᠤᠯᠪᠠ
ᠨᠡᠶᠢᠲᠡᠯᠡᠭᠰᠡᠨ ᠴᠠᠭ᠄
2021/9/2
     8 ᠰᠠᠷ᠎ᠠ ᠶᠢᠨ 31      ᠤ ᠡᠳᠦᠷ᠂ ᠬᠤᠳᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠳᠠ ᠶᠢᠨ ᠳᠠᠷᠤᠭ᠎ᠠ᠂ ᠬᠤᠳᠠ ᠶᠢᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠸᠠᠩ ᠪᠥᠸᠧ ᠬᠤᠳᠠ ᠶᠢᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ 2021 ᠣᠨ ᠤ ᠠᠷᠪᠠᠨ ᠬᠤᠶᠠᠳᠤᠭᠠᠷ ᠤᠳᠠᠭ᠎ᠠ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ ᠵᠠᠯᠠᠨ ᠠᠶᠢᠯ ᠬᠤᠳᠠ ᠶᠢᠨ ᠶᠢᠰᠦᠳᠦᠭᠡᠷ ᠤᠳᠠᠭ᠎ᠠ ᠶᠢᠨ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠲᠤᠤᠱᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠲᠤᠬᠢᠷᠠᠭᠤᠯᠤᠨ ᠪᠠᠶᠢᠷᠢᠯᠠᠭᠤᠯᠪᠠ᠃ ᠬᠤᠲᠠ ᠶᠢᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ ᠶᠠᠩ ᠵᠢᠶ ᠴᠦᠨ᠂ ᠯᠢ ᠶᠠᠨ ᠯᠢᠩ᠂  ᠮᠧᠩ ᠭᠠᠩ᠂ ᠯᠦ ᠶᠠ ᠭᠤᠸᠠᠩ᠂ ᠷᠧᠨ ᠰᠢ ᠴᠢᠩ ᠬᠤᠷᠠᠯ ᠳᠤ ᠣᠷᠣᠯᠴᠠᠵᠤ᠂ ᠬᠤᠲᠠ ᠶᠢᠨ ᠵᠠᠰᠠᠭ ᠤᠨ ᠣᠷᠳᠣᠨ ᠤ ᠠᠯᠪᠠᠨ ᠬᠡᠷ ᠤᠨ ᠡᠯ᠎ᠡ ᠳᠡᠳ᠋ ᠡᠷᠬᠢᠯᠡᠭᠴᠢ᠂ ᠬᠤᠯᠪᠣᠭᠳᠠᠯ ᠪᠥᠬᠦᠶ ᠰᠠᠯᠠᠭ᠎ᠠ ᠲᠠᠰᠤᠭ ᠤᠨ ᠬᠠᠷᠢᠭᠤᠴᠠᠯᠭᠠᠲᠠᠨ ᠨᠥᠬᠦᠳ ᠬᠤᠷᠠᠯ ᠳᠤ ᠰᠤᠯᠠ ᠣᠷᠣᠯᠴᠠᠪᠠ᠃    ᠬᠤᠷᠠᠯ ᠠᠴᠠ ᠵᠢᠭᠠᠵᠤ ᠭᠠᠷᠭᠠᠭᠰᠠᠨ ᠨᠢ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠵᠠᠯᠠᠨ ᠠᠶᠢᠯ ᠬᠤᠲᠠ ᠶᠢᠨ ᠶᠢᠰᠦᠳᠦᠭᠡᠷ ᠤᠳᠠᠭᠠᠨ ᠤ ᠲᠥᠯᠥᠭᠡᠯᠡᠭᠴᠢᠳ ᠤᠨ ᠶᠡᠭᠡ ᠬᠤᠷᠠᠯ ᠢᠯᠠᠯᠲᠠ ᠲᠠᠢ ᠥᠨᠳᠥᠷᠯᠡᠵᠦ᠂ ᠬᠤᠲᠠ ᠶᠢᠨ ᠨᠠᠮ ᠤᠨ ᠬᠤᠷᠢᠶᠠᠨ ᠤ ᠱᠦᠵᠢ ᠶᠤᠸᠠᠢ ᠭᠦᠸᠧ ᠳ᠋ᠦᠩ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠡᠮᠦᠨ᠎ᠡ ᠠᠴᠠ ︽ᠪᠣᠬᠢᠷᠲᠤᠯ ᠦᠭᠡᠶ ᠪᠠᠷ ᠬᠥᠭᠵᠢᠨ ᠮᠠᠨᠳᠤᠵᠤ ᠠᠷᠠᠳ ᠢ ᠪᠠᠶᠠᠵᠢᠭᠤᠯᠤᠨ ᠬᠤᠲᠠ ᠪᠠᠨ ᠬᠦᠴᠦᠷᠬᠡᠭᠵᠢᠭᠦᠯᠵᠦ ᠬᠥᠭᠵᠢᠯ ᠴᠡᠴᠡᠭᠯᠡᠯ ᠢ ᠬᠠᠮᠲᠤ ᠪᠠᠷ ᠡᠳ᠋ᠯᠡᠨ᠎ᠡ᠂ ᠣᠳᠣᠬᠢᠴᠢᠯᠠᠯᠲᠠ ᠶᠢᠨ ᠰᠢᠨ᠎ᠡ ᠠᠶᠠᠨ ᠵᠠᠮ ᠳᠤ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠬᠠᠭᠤᠳᠠᠰᠤ ᠶᠢ ᠪᠢᠴᠢᠭᠯᠡᠶ᠎ᠡ︾ ᠭᠡᠬᠦ ᠢᠯᠡᠳᠬᠡᠯ ᠤᠨ ᠭᠤᠣᠯ ᠰᠡᠳᠦᠪ ᠢᠯᠡ ᠲᠣᠳᠣ ᠪᠠᠶᠢᠵᠤ᠂ ᠬᠥᠮᠦᠰ ᠤᠨ ᠤᠷᠮ᠎ᠠ ᠵᠣᠷᠢᠭ ᠢ ᠬᠥᠭᠵᠢᠭᠡᠵᠦ᠂ ᠥᠩᠭᠡᠷᠡᠭᠰᠡᠨ ᠲᠠᠪᠤᠨ ᠵᠢᠯ ᠤᠨ ᠠᠵᠢᠯ ᠤᠨ ᠪᠤᠰᠤᠳᠴᠢ ᠪᠠᠶᠢᠳᠠᠯ ᠢ ᠳ᠋ᠦᠩᠨᠡᠵᠦ᠂ ᠢᠷᠡᠭᠡᠳᠦᠶ ᠶᠢᠨ ᠲᠠᠪᠤᠨ ᠵᠢᠯ ᠤᠨ ᠠᠵᠢᠯ ᠤᠨ ᠲᠣᠬᠢᠷᠠᠭᠤᠯᠤᠯᠲᠠ ᠶᠢᠨ ᠬᠠᠷᠠᠯᠲᠠ ᠲᠣᠳᠣᠷᠬᠠᠶ᠂ ᠪᠠᠶᠢᠷᠢ ᠲᠣᠭᠲᠠᠭᠠᠯᠲᠠ ᠣᠨᠣᠪᠴᠢᠲᠠᠶ ᠪᠠᠶᠢᠵᠤ᠂ ᠥᠷᠭᠡᠨ ᠣᠯᠠᠨ ᠨᠠᠮ ᠤᠨ ᠭᠡᠰᠢᠭᠦᠨ ᠺᠠᠳ᠋ᠷᠴᠤᠳ ᠤᠨ ᠵᠣᠷᠢᠭᠲᠠᠶ ᠪᠠᠷ ᠬᠠᠷᠢᠭᠤᠴᠠᠯᠭ᠎ᠠ ᠡᠭᠦᠷᠭᠡᠯᠡᠬᠦ᠂ ᠵᠣᠷᠢᠭᠲᠠᠶ ᠪᠠᠷ ᠬᠠᠷᠢᠭᠤᠴᠠᠬᠤ᠂ ᠪᠥᠬᠦ ᠰᠡᠳᠬᠢᠯ ᠪᠥᠬᠦ ᠵᠣᠷᠢᠭ ᠢᠶᠠᠷ ᠢᠶᠠᠨ ᠵᠠᠯᠠᠨ ᠠᠶᠢᠯ ᠤᠨ ᠣᠳᠣᠬᠢᠴᠢᠯᠠᠬᠤ ᠪᠥᠲᠥᠭᠡᠨ ᠪᠠᠶᠢᠭᠤᠯᠤᠯᠲᠠ ᠶᠢᠨ ᠬᠥᠭᠵᠢᠯᠲᠡ ᠳᠤ ᠣᠷᠣᠯᠴᠠᠬᠤ ᠬᠠᠯᠠᠭᠤᠨ ᠰᠡᠳᠬᠢᠯᠭᠡ ᠪᠠ ᠡᠷᠴᠢ ᠵᠣᠷᠢᠭ ᠢ ᠲᠦᠢᠯ ᠤᠨ ᠶᠡᠭᠡ ᠪᠠᠷ ᠬᠥᠭᠵᠢᠭᠡᠵᠡᠶ᠃ ᠬᠤᠲᠠ ᠶᠢᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠬᠤᠲᠠ ᠶᠢᠨ ᠵᠠᠰᠠᠭ ᠤᠨ ᠣᠷᠳᠣᠨ ᠤ ᠡᠯ᠎ᠡ ᠰᠠᠯᠠᠭ᠎ᠠ ᠮᠥᠴᠢᠷ ᠢ ᠳᠠᠭᠠᠭᠤᠯᠤᠨ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠢᠯᠡᠳᠬᠡᠯ ᠤᠨ ᠵᠣᠷᠢᠭ ᠰᠠᠨᠠᠭ᠎ᠠ ᠶᠢ ᠪᠣᠬᠢᠷᠲᠤᠯ ᠦᠭᠡᠶ ᠪᠠᠷ ᠬᠥᠭᠵᠢᠨ ᠮᠠᠨᠳᠤᠬᠤ᠂ ᠠᠷᠠᠳ ᠢ ᠪᠠᠶᠠᠵᠢᠭᠤᠯᠤᠨ ᠬᠤᠲᠠ ᠶᠢ ᠬᠦᠴᠦᠷᠬᠡᠭᠵᠢᠭᠦᠯᠬᠦ ᠂ ᠬᠥᠭᠵᠢᠯ ᠴᠡᠴᠡᠭᠯᠡᠯ ᠢ ᠬᠠᠮᠲᠤᠪᠠᠷ ᠡᠳ᠋ᠯᠡᠬᠦ ᠶᠢ ᠪᠠᠷᠢᠮᠲᠠᠯᠠᠵᠤ᠂ ᠭᠤᠷᠪᠠᠨ ᠠᠵᠤ ᠦᠢᠯᠡᠰ ᠢ ᠠᠭᠤᠰᠤᠯᠴᠠᠭᠤᠯᠬᠤ᠂ ᠰᠣᠶᠣᠯ ᠵᠤᠭᠠᠴᠠᠯ ᠢ ᠠᠭᠤᠰᠤᠯᠴᠠᠭᠤᠯᠬᠤ᠂ ᠠᠵᠤ ᠦᠢᠯᠡᠰ ᠪᠠ ᠬᠤᠲᠠ ᠶᠢ ᠠᠭᠤᠰᠤᠯᠴᠠᠭᠤᠯᠬᠤ ᠶᠢ ᠪᠠᠷᠢᠮᠲᠠᠯᠠᠵᠤ᠂ ᠠᠮᠢ ᠠᠬᠤᠶ ᠶᠢ ᠲᠡᠷᠢᠭᠦᠨ ᠳᠤ ᠲᠠᠯᠪᠢᠬᠤ᠂ ᠪᠣᠬᠢᠷᠲᠤᠯ ᠦᠭᠡᠶ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠵᠠᠮ ᠢᠶᠠᠷ ᠭᠤᠶᠢᠪᠢᠰᠢ ᠦᠭᠡᠶ ᠵᠠᠮᠨᠠᠵᠤ᠂ ︽ᠭᠤᠷᠪᠠᠨ ᠭᠠᠵᠠᠷ ᠭᠤᠷᠪᠠᠨ ᠪᠠᠯᠭᠠᠰᠤ ᠨᠢᠭᠡ ᠲᠥᠪ︾ ᠢ ᠪᠣᠶ ᠪᠣᠯᠭᠠᠬᠤ ᠬᠥᠭᠵᠢᠯᠲᠡ ᠶᠢᠨ ᠬᠠᠷᠠᠯᠲᠠ ᠶᠢᠨ ᠲᠣᠭᠤᠷᠢᠨ ᠳᠤ᠂ ︽ᠠᠮᠢ ᠠᠬᠤᠶ ᠶᠢᠨ ᠪᠣᠯᠪᠠᠰᠤᠨ ᠢ ᠪᠠᠶᠢᠭᠤᠯᠬᠤ᠂ ᠪᠣᠬᠢᠷᠲᠤᠯ ᠥᠬᠡᠶ ᠲᠠᠷᠢᠶᠠᠯᠠᠩ ᠮᠠᠯ ᠠᠵᠤ ᠠᠬᠤᠶ ᠶᠢ ᠪᠤᠵᠠᠭᠠᠶᠢᠷᠠᠭᠤᠯᠬᠤ᠂ ᠣᠷᠴᠢᠯ ᠠᠵᠤ ᠦᠢᠯᠡᠳᠪᠦᠷᠢ ᠶᠢ ᠠᠬᠢᠭᠤᠯᠬᠤ᠂ ᠠᠮᠠᠷᠠᠯᠲᠠ ᠰᠡᠯᠡᠭᠦᠴᠡᠯ ᠵᠢᠭᠤᠯᠴᠢᠯᠠᠯ ᠤᠨ ᠦᠢᠯᠡᠰ ᠢ ᠬᠥᠭᠵᠢᠭᠦᠯᠬᠦ᠂ ᠪᠣᠰᠤᠭ᠎ᠠ ᠴᠣᠭᠴᠠᠲᠤ ᠠᠷᠠᠯᠵᠢᠶ᠎ᠠ ᠬᠤᠳᠠᠯᠳᠤᠭᠠᠨ ᠤ  ᠦᠢᠯᠡᠰ ᠢ ᠲᠠᠰ ᠳᠡᠪᠰᠢᠭᠦᠯᠬᠦ᠂ ᠠᠭᠠᠷ ᠤᠨ ᠠᠵᠤ  ᠦᠢᠯᠡᠰ ᠢ ᠪᠤᠶᠢᠵᠢᠭᠤᠯᠬᠤ᠂ ᠠᠵᠤ  ᠦᠢᠯᠡᠰ ᠪᠠ ᠬᠤᠲᠠ ᠶᠢᠨ ᠠᠭᠤᠰᠤᠯᠴᠠᠯ ᠢ ᠭᠦᠨᠵᠡᠭᠡᠶᠢᠷᠡᠭᠦᠯᠬᠦ᠂ ᠠᠷᠠᠳ ᠤᠨ ᠠᠮᠢᠳᠤᠷᠠᠯ ᠤᠨ ᠠᠵᠠ ᠵᠢᠷᠭᠠᠯ ᠢ ᠳᠡᠭᠡᠭᠰᠢᠯᠡᠭᠦᠯᠬᠦ᠂ ᠰᠢᠨ᠎ᠡ ᠶᠢ ᠡᠭᠦᠳᠬᠦ ᠬᠥᠳᠡᠯᠭᠡᠬᠦ ᠬᠦᠴᠦᠨ ᠢ ᠬᠥᠭᠵᠢᠭᠡᠬᠦ ᠪᠠ ᠲᠣᠭᠲᠠᠭᠤᠨ ᠣᠷᠴᠢᠨ ᠲᠣᠭᠤᠷᠢᠨ ᠢ ᠪᠣᠶ ᠪᠣᠯᠭᠠᠬᠤ︾ ᠠᠷᠪᠠᠨ ᠶᠡᠭᠡ ᠡᠭᠦᠷᠭᠡ ᠶᠢ ᠪᠥᠬᠦ ᠬᠦᠴᠦᠨ ᠢᠶᠠᠷ ᠢᠶᠠᠨ ᠰᠠᠶᠢᠲᠤᠷ ᠠᠳᠬᠤᠨ᠎ᠠ᠃     ᠬᠤᠷᠠᠯ ᠠᠴᠠ ᠱᠠᠭᠠᠷᠳᠠᠭᠰᠠᠨ ᠨᠢ᠂ ᠬᠤᠲᠠ ᠶᠢᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠬᠢᠨ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠠᠶᠢᠲᠤᠷ ᠰᠤᠷᠤᠯᠴᠠᠬᠤ᠂ ᠰᠠᠶᠢᠲᠤᠷ ᠤᠬᠠᠭᠤᠯᠬᠤ᠂ ᠰᠠᠶᠢᠲᠤᠷ ᠲᠤᠤᠱᠯᠠᠭᠤᠯᠬᠤ᠂ ᠰᠠᠶᠢᠲᠤᠷ ᠨᠠᠶᠢᠳᠠᠪᠤᠷᠢᠵᠢᠭᠤᠯᠬᠤ ᠶᠢ ᠣᠳᠣᠬᠠᠨ ᠤ ᠴᠢᠬᠤᠯᠠ ᠤᠯᠤᠰ ᠲᠦᠷᠦ ᠶᠢᠨ ᠡᠭᠦᠷᠭᠡ ᠪᠠᠨ ᠪᠣᠯᠭᠠᠬᠤ ᠬᠡᠷᠡᠭᠲᠡᠢ᠃ ᠨᠠᠶᠢᠳᠠᠪᠤᠷᠢᠵᠢᠭᠤᠯᠬᠤ ᠬᠦᠴᠦᠨ᠂ ᠬᠡᠷᠡᠭᠵᠢᠭᠦᠯᠬᠦ ᠬᠦᠴᠦᠨ ᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠬᠤᠳᠠ ᠶᠢᠨ ᠵᠠᠰᠠᠭ ᠤᠨ ᠣᠷᠳᠣᠨ ᠤ ᠡᠯ᠎ᠡ ᠰᠠᠯᠠᠭ᠎ᠠ ᠮᠥᠴᠢᠷ ᠢ ᠳᠠᠭᠠᠭᠤᠯᠤᠨ ᠮᠡᠳᠡᠭᠦᠯᠦᠯᠲᠡ ᠳᠤ ᠲᠣᠭᠲᠠᠭᠠᠭᠰᠠᠨ ᠡᠯ᠎ᠡ ᠵᠦᠢᠯ ᠤᠨ ᠭᠤᠣᠯᠳᠠᠯᠭ᠎ᠠ ᠲᠠᠢ ᠠᠵᠢᠯ ᠢ ᠨᠠᠷᠢᠨ ᠬᠢᠨᠠᠮᠠᠭᠠᠢ ᠡᠮᠬᠢᠯᠡᠵᠦ᠂ ᠨᠠᠶᠢᠳᠠᠪᠤᠷᠢᠵᠢᠭᠤᠯᠬᠤ ᠠᠷᠭ᠎ᠠ ᠬᠡᠮᠵᠢᠶ᠎ᠡ ᠶᠢ ᠱᠠᠯᠠᠪᠳᠠᠨ ᠰᠤᠳᠤᠯᠤᠨ ᠨᠠᠷᠢᠯᠢᠬᠵᠢᠭᠤᠯᠵᠤ᠂ ᠠᠵᠢᠯ ᠤᠨ ᠲᠤᠰᠬᠠᠢ ᠠᠩᠬᠢ ᠪᠠᠶᠢᠭᠤᠯᠵᠤ᠂ ᠠᠵᠢᠯ ᠤᠨ ᠲᠣᠭᠲᠠᠴᠠ ᠶᠢ ᠲᠡᠭᠦᠯᠳᠡᠷᠵᠢᠭᠦᠯᠵᠦ᠂ ᠡᠯ᠎ᠡ ᠲᠠᠯ᠎ᠠ ᠶᠢᠨ ᠬᠠᠷᠢᠭᠤᠴᠠᠯᠭ᠎ᠠ ᠶᠢ ᠴᠢᠩᠭ᠎ᠠ ᠪᠣᠳᠠᠲᠠᠢ ᠨᠠᠶᠢᠳᠠᠪᠤᠷᠢᠵᠢᠭᠤᠯᠵᠤ᠂ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠤᠯᠬᠤ ᠶᠢ ᠪᠠᠲᠤᠯᠠᠬᠤ ᠬᠡᠷᠡᠭᠲᠡᠢ᠃     ᠬᠤᠷᠠᠯ ᠠᠴᠠ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠢᠯᠡᠳᠬᠡᠯ ᠳᠤ ᠲᠣᠭᠲᠠᠭᠠᠭᠰᠠᠨ ᠼᠦᠢ ᠫᠢᠩ ᠱᠠᠨ ᠠᠭᠤᠯᠠ ᠶᠢᠨ ᠶᠢᠩ ᠱᠠᠨ ᠬᠤᠩ ᠠᠮᠢ ᠠᠬᠤᠶ ᠶᠢᠨ ᠴᠡᠴᠡᠷᠯᠢᠭ ᠤᠨ ᠪᠦᠲᠦᠭᠡᠨ ᠪᠠᠶᠢᠭᠤᠯᠤᠯᠲᠠ ᠶᠢᠨ ᠲᠤᠬᠠᠶ᠂  ᠳᠠᠪᠠᠭᠠᠨ ᠤ ᠵᠡᠭᠦᠨᠳᠡᠬᠢ ᠠᠷᠠᠯᠵᠢᠶ᠎ᠠ ᠬᠤᠳᠠᠯᠳᠤᠭᠠᠨ ᠤ ᠬᠦᠷᠢᠶᠡᠯᠡᠩ ᠤᠨ ᠬᠠᠷᠢᠯᠴᠠᠨ ᠨᠡᠪᠲᠡᠷᠡᠬᠦ ᠵᠠᠮ ᠤᠨ ᠪᠦᠲᠦᠭᠡᠨ ᠪᠠᠶᠢᠭᠤᠯᠤᠯᠲᠠ᠂ ᠲᠢᠶᠠᠨ ᠪᠠᠶ ᠱᠠᠨ ᠤ ᠣᠷᠴᠢᠨ ᠲᠣᠭᠤᠷᠢᠨ ᠢ ᠶᠡᠷᠦᠩᠬᠡᠶᠢᠯᠡᠨ ᠵᠠᠰᠠᠬᠤ᠂ ᠹᠦ᠋ ᠹᠧᠩ ᠺᠣᠮᠫᠠᠨᠢ ᠶᠢᠨ ᠭᠤᠷᠪᠠᠳᠤᠭᠠᠷ ᠬᠤᠭᠤᠴᠠᠭᠠᠨ ᠤ ᠲᠥᠷᠥᠯ ᠵᠦᠢᠯ᠂ ᠵᠢᠩ ᡁᠢ ᠵᠢᠶᠠ ᠬᠤᠳᠠᠯᠳᠤᠭ᠎ᠠ ᠠᠷᠠᠯᠵᠢᠶᠠᠨ ᠤ ᠶᠡᠷᠦᠩᠬᠡᠶᠢᠯᠡᠭᠰᠡᠨ ᠴᠣᠭᠴᠠ ᠶᠢᠨ ᠪᠦᠲᠦᠭᠡᠨ ᠪᠠᠶᠢᠭᠤᠯᠤᠯᠲᠠ᠂ ᠥᠪᠥᠷ ᠮᠣᠩᠭᠤᠯ ᠤᠨ ᠵᠡᠭᠦᠨ ᠬᠡᠰᠡᠭ ᠤᠨ ᠲᠠᠷᠢᠶᠠᠯᠠᠩ ᠤᠨ ᠮᠠᠰᠢᠨ ᠤ ᠵᠠᠬ᠎ᠠ ᠳᠡᠯᠭᠡᠭᠦᠷ ᠤᠨ ᠪᠦᠲᠦᠭᠡᠨ ᠪᠠᠶᠢᠭᠤᠯᠤᠯᠲᠠ᠂ ᠳᠡᠭᠡᠳᠦ ᠳᠡᠰ ᠤᠨ ᠪᠠᠭᠤᠳᠠᠯ ᠤᠨ ᠪᠦᠲᠦᠭᠡᠨ ᠪᠠᠶᠢᠭᠤᠯᠤᠯᠲᠠ᠂ ᠬᠤᠲᠠ ᠶᠢᠨ ᠤᠬᠠᠭᠤᠯᠭ᠎ᠠ ᠶᠢᠨ ᠤᠷᠢᠶ᠎ᠠ᠂ ᠬᠤᠲᠠ ᠶᠢᠨ ᠪᠠᠷᠢᠯᠭ᠎ᠠ ᠶᠢᠨ ᠬᠡᠪ ᠨᠠᠮᠪᠠ ᠶᠢᠨ ᠪᠦᠲᠦᠭᠡᠨ ᠪᠠᠶᠢᠭᠤᠯᠤᠯᠲᠠ᠂ ᠳᠤᠮᠳᠠᠳᠤ ᠳᠣᠷᠣᠨᠠᠲᠤ ᠶᠢᠨ ᠲᠡᠮᠦᠷ ᠵᠠᠮ ᠤᠨ ᠮᠦᠽᠧᠶ ᠶᠢᠨ 3 ᠳ᠋ᠤᠭᠠᠷ ᠨᠣᠮᠧᠷᠲᠤ ᠣᠷᠳᠣᠨ ᠤ ᠪᠦᠲᠦᠭᠡᠨ ᠪᠠᠶᠢᠭᠤᠯᠤᠯᠲᠠ᠂ ᠵᠢᠮᠢᠰ ᠢᠳᠡᠰᠢᠨ ᠨᠣᠭᠤᠭ᠎ᠠ ᠶᠢᠨ ᠪᠥᠭᠡᠮ ᠢᠶᠠᠷ ᠬᠤᠳᠠᠯᠳᠤᠬᠤ ᠵᠠᠬ᠎ᠠ ᠳᠡᠯᠭᠡᠭᠦᠷ ᠤᠨ ᠪᠦᠲᠦᠭᠡᠨ ᠪᠠᠶᠢᠭᠤᠯᠤᠯᠲᠠ᠂ ᠠᠭᠠᠷ ᠤᠨ ᠠᠵᠤ ᠦᠢᠯᠡᠰ ᠤᠨ ᠬᠥᠭᠵᠢᠯᠲᠡ ᠪᠠ ᠠᠯᠠᠰᠢᠨ ᠬᠤᠨᠢᠨ ᠤ ᠠᠵᠤ ᠦᠢᠯᠡᠰ ᠤᠨ ᠬᠥᠭᠵᠢᠯᠲᠡ ᠵᠡᠷᠭᠡ ᠤᠴᠢᠷ ᠶᠠᠪᠤᠳᠠᠯ᠂ ᠪᠣᠳᠠᠲᠠᠶ ᠪᠠᠶᠢᠷᠢᠯᠠᠭᠤᠯᠤᠯᠲᠠ ᠬᠢᠵᠦ᠂ ᠬᠤᠷᠠᠯ ᠠᠴᠠ ᠪᠠᠰᠠ ᠠᠶᠤᠯᠭᠦᠶ ᠦᠢᠯᠡᠳᠪᠦᠷᠢᠯᠡᠯ᠂ ᠵᠠᠬᠢᠳᠠᠯ ᠰᠤᠷᠪᠤᠯᠵᠢᠯᠠᠭ᠎ᠠ ᠪᠠᠷ ᠲᠣᠭᠲᠠᠭᠤᠨ ᠪᠠᠶᠢᠳᠠᠯ ᠢ ᠬᠠᠮᠠᠭᠠᠯᠠᠬᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠪᠠ ᠸᠠᠺᠼᠢᠨ ᠤ ᠲᠠᠷᠢᠯᠭ᠎ᠠ ᠬᠢᠬᠦ ᠵᠡᠷᠭᠡ ᠠᠵᠢᠯ ᠢ ᠴᠢᠬᠤᠯᠠᠴᠢᠯᠠᠨ ᠪᠠᠶᠢᠷᠢᠯᠠᠭᠤᠯᠵᠤ᠂ ᠬᠤᠯᠪᠣᠭᠳᠠᠯ ᠪᠥᠬᠦᠶ ᠵᠥᠪᠯᠡᠬᠦ ᠰᠡᠳᠦᠪ ᠢ ᠬᠢᠨᠠᠨ  ᠶᠠᠷᠢᠯᠴᠠᠪᠠ᠃    
 
ᠢᠷᠡᠯᠲᠡ᠄ ᠵᠠᠯᠠᠨ ᠠᠶᠢᠯ ᠬᠤᠲᠠ ᠶᠢᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号