ᠰᠢ ᠶᠢᠨ ᠫᠢᠩ ᠱᠠᠩᠬᠠᠢ ᠶᠢᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠶᠢᠨ ᠪᠦᠷᠢᠯᠳᠦᠬᠦᠨ ᠤᠯᠤᠰ ᠤᠳ ᠤᠨ ᠲᠦᠷᠦᠭᠦᠴᠦᠳ ᠤᠨ ᠬᠡᠷᠡᠭ ᠡᠷᠬᠢᠯᠡᠭᠴᠢᠳ ᠤᠨ ᠬᠤᠷᠠᠯ ᠤᠨ ᠬᠤᠷᠢᠨ ᠨᠢᠭᠡᠳᠦᠭᠡᠷ ᠤᠳᠠᠭ᠎ᠠ ᠶᠢᠨ ᠬᠤᠷᠠᠯ ᠳᠤ ᠣᠷᠣᠯᠴᠠᠵᠤ ᠴᠢᠬᠤᠯᠠ ᠶᠠᠷᠢᠶ᠎ᠠ ᠲᠠᠯᠪᠢᠬᠤ ᠳᠠᠭᠠᠨ ᠱᠠᠩᠬᠠᠢ ᠶᠢᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ︽ᠱᠠᠩᠬᠠᠢ ᠶᠢᠨ ᠵᠣᠷᠢᠭ ᠰᠠᠨᠠᠭ᠎ᠠ︾ ᠶᠢᠨ ᠲᠤᠭ ᠢ ᠥᠨᠳᠥᠷ ᠮᠠᠨᠳᠤᠭᠤᠯᠵᠥ ᠨᠡᠩ ᠨᠢᠭᠲᠠ ᠱᠠᠩᠬᠠᠢ ᠶᠢᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠶᠢᠨ ᠬᠤᠪᠢ ᠵᠠᠶᠠᠭᠠᠨ ᠤ ᠬᠠᠮᠲᠤ ᠴᠣᠭᠴᠠ ᠶᠢ ᠪᠠᠶᠢᠭᠤᠯᠰᠤᠭᠠᠢ ᠭᠡᠵᠤ ᠴᠢᠬᠤᠯᠠᠴᠢᠯᠠᠪᠠ
ᠨᠡᠶᠢᠲᠡᠯᠡᠭᠰᠡᠨ ᠴᠠᠭ᠄
2021/9/22
   
     9 ᠰᠠᠷ᠎ᠠ ᠶᠢᠨ 17      ᠤ ᠡᠳᠤᠷ᠂ ᠤᠯᠤᠰ ᠤᠨ ᠲᠡᠷᠢᠭᠦᠯᠡᠭᠴᠢ ᠰᠢ ᠶᠢᠨ ᠫᠢᠩ ᠪᠡᠭᠡᠵᠢᠩ ᠳᠤ ᠸᠢᠳᠢᠣ᠋ ᠬᠡᠯᠪᠡᠷᠢ ᠪᠠᠷ ᠱᠠᠩᠬᠠᠢ ᠶᠢᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠶᠢᠨ ᠪᠦᠷᠢᠯᠳᠦᠬᠦᠨ ᠤᠯᠤᠰ ᠤᠳ ᠤᠨ ᠲᠦᠷᠦᠭᠦᠴᠦᠳ ᠤᠨ ᠬᠡᠷᠡᠭ ᠡᠷᠬᠢᠯᠡᠭᠴᠢᠳ ᠤᠨ ᠬᠤᠷᠠᠯ ᠤᠨ ᠬᠤᠷᠢᠨ ᠨᠢᠭᠡᠳᠦᠭᠡᠷ ᠤᠳᠠᠭ᠎ᠠ ᠶᠢᠨ ᠬᠤᠷᠠᠯ ᠳᠤ ᠣᠷᠣᠯᠴᠠᠭᠰᠠᠨ ᠪᠥᠭᠡᠳ ᠴᠢᠬᠤᠯᠠ ᠶᠠᠷᠢᠶ᠎ᠠ ᠲᠠᠯᠪᠢᠪᠠ᠃     ᠰᠢᠨᠬᠤᠸᠠ ᠬᠤᠷᠢᠶᠠᠨ ᠤ ᠰᠤᠷᠪᠤᠯᠵᠢᠯᠠᠬᠴᠢ ᠬᠤᠸᠠᠩ ᠵᠢᠩ ᠸᠧᠨ ᠰᠡᠬᠦᠳᠡᠷᠯᠡᠪᠡ
     9 ᠰᠠᠷ᠎ᠠ ᠶᠢᠨ 17      ᠤ ᠡᠳᠤᠷ᠂ ᠤᠯᠤᠰ ᠤᠨ ᠲᠡᠷᠢᠭᠦᠯᠡᠭᠴᠢ ᠰᠢ ᠶᠢᠨ ᠫᠢᠩ ᠪᠡᠭᠡᠵᠢᠩ ᠳᠤ ᠸᠢᠳᠢᠣ᠋ ᠬᠡᠯᠪᠡᠷᠢ ᠪᠠᠷ ᠱᠠᠩᠬᠠᠢ ᠶᠢᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠶᠢᠨ ᠪᠦᠷᠢᠯᠳᠦᠬᠦᠨ ᠤᠯᠤᠰ ᠤᠳ ᠤᠨ ᠲᠦᠷᠦᠭᠦᠴᠦᠳ ᠤᠨ ᠬᠡᠷᠡᠭ ᠡᠷᠬᠢᠯᠡᠭᠴᠢᠳ ᠤᠨ ᠬᠤᠷᠠᠯ ᠤᠨ ᠬᠤᠷᠢᠨ ᠨᠢᠭᠡᠳᠦᠭᠡᠷ ᠤᠳᠠᠭ᠎ᠠ ᠶᠢᠨ ᠬᠤᠷᠠᠯ ᠳᠤ ᠣᠷᠣᠯᠴᠠᠭᠰᠠᠨ ᠪᠥᠭᠡᠳ ᠴᠢᠬᠤᠯᠠ ᠶᠠᠷᠢᠶ᠎ᠠ ᠲᠠᠯᠪᠢᠪᠠ᠃      ᠰᠢᠨᠬᠤᠸᠠ ᠬᠤᠷᠢᠶᠠᠨ ᠤ ᠰᠤᠷᠪᠤᠯᠵᠢᠯᠠᠬᠴᠢ ᠱᠧᠨ ᠬᠤᠨᠭ᠌ ᠰᠡᠬᠦᠳᠡᠷᠯᠡᠪᠡ      ᠰᠢᠨᠬᠤᠸᠠ ᠬᠤᠷᠢᠶᠠᠨ ᠤ ᠪᠡᠭᠡᠵᠢᠩ ᠤᠨ 9 ᠰᠠᠷ᠎ᠠ ᠶᠢᠨ 17      ᠤ ᠴᠠᠬᠢᠯᠭᠠᠨ ᠮᠡᠳᠡᠭᠡ ᠤᠯᠤᠰ ᠤᠨ ᠲᠡᠷᠢᠭᠦᠯᠡᠭᠴᠢ ᠰᠢ ᠶᠢᠨ ᠫᠢᠩ 17       ᠤ ᠦᠳᠡ ᠶᠢᠨ ᠬᠤᠶᠢᠨ᠎ᠠ ᠪᠡᠭᠡᠵᠢᠩ ᠳᠤ ᠸᠢᠳᠢᠣ᠋ ᠬᠡᠯᠪᠡᠷᠢ ᠪᠠᠷ ᠱᠠᠩᠬᠠᠢ ᠶᠢᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠶᠢᠨ ᠪᠦᠷᠢᠯᠳᠦᠬᠦᠨ ᠤᠯᠤᠰ ᠤᠳ ᠤᠨ ᠲᠦᠷᠦᠭᠦᠴᠦᠳ ᠤᠨ ᠬᠡᠷᠡᠭ ᠡᠷᠬᠢᠯᠡᠭᠴᠢᠳ ᠤᠨ ᠬᠤᠷᠠᠯ ᠤᠨ ᠬᠤᠷᠢᠨ ᠨᠢᠭᠡᠳᠦᠭᠡᠷ ᠤᠳᠠᠭ᠎ᠠ ᠶᠢᠨ ᠬᠤᠷᠠᠯ ᠳᠤ ᠣᠷᠣᠯᠴᠠᠭᠰᠠᠨ ᠪᠥᠭᠡᠳ ︽ᠤᠬ ᠰᠠᠨᠠᠭ᠎ᠠ ᠪᠠᠨ ᠦᠯᠦ ᠮᠠᠷᠲᠠᠵᠤ ᠡᠷᠡᠮᠡᠬᠡᠶᠢᠯᠡᠨ ᠤᠷᠤᠭᠰᠢᠯᠠᠵᠤ ᠱᠠᠩᠬᠠᠢ ᠶᠢᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠶᠢᠨ ᠬᠥᠭᠵᠢᠯᠲᠡ ᠶᠢᠨ ᠰᠢᠨ᠎ᠡ ᠠᠶᠠᠨ ᠢ ᠡᠬᠢᠯᠡᠭᠦᠯᠦᠶ᠎ᠡ︾ ᠭᠡᠬᠦ ᠰᠡᠳᠦᠪ ᠢᠶᠠᠷ ᠴᠢᠬᠤᠯᠠ ᠶᠠᠷᠢᠶ᠎ᠠ ᠲᠠᠯᠪᠢᠪᠠ᠃      ᠰᠢ ᠶᠢᠨ ᠫᠢᠩ᠂ ᠱᠠᠩᠬᠠᠢ ᠶᠢᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠪᠠᠶᠢᠭᠤᠯᠤᠭᠳᠠᠭᠰᠠᠨ 20 ᠵᠢᠯ ᠤᠨ ᠲᠤᠷᠰᠢ᠂ ︽ᠬᠠᠷᠢᠯᠴᠠᠨ ᠢᠲᠡᠭᠡᠯᠴᠡᠬᠦ᠂ ᠬᠠᠷᠢᠯᠴᠠᠨ ᠠᠰᠢᠭᠲᠠᠢ᠂ ᠡᠷᠬᠡ ᠲᠡᠭᠰᠢ᠂ ᠵᠥᠪᠳᠡᠯᠴᠡᠬᠦ᠂ ᠤᠯᠠᠨ ᠶᠠᠩᠵᠤ ᠶᠢᠨ ᠪᠣᠯᠪᠠᠰᠤᠨ ᠢ ᠬᠦᠨᠳᠦᠳᠬᠡᠬᠦ᠂ ᠬᠠᠮᠲᠤ ᠶᠢᠨ ᠬᠥᠭᠵᠢᠯᠲᠡ ᠶᠢ ᠡᠷᠢᠯᠬᠢᠯᠡᠬᠦ︾ ᠶᠢᠨ ︽ᠱᠠᠩᠬᠠᠢ ᠶᠢᠨ ᠵᠣᠷᠢᠭ ᠰᠠᠨᠠᠭ᠎ᠠ︾ ᠶᠢ ᠢᠮᠠᠭᠲᠠ ᠵᠢᠷᠤᠮᠯᠠᠵᠤ᠂ ᠳᠡᠯᠡᠬᠡᠢ ᠶᠢᠨ ᠡᠩᠬᠡ ᠲᠠᠶᠢᠪᠤᠩ ᠪᠣᠯᠤᠨ ᠬᠥᠭᠵᠢᠯᠲᠡ ᠪᠠ ᠬᠥᠮᠦᠨ ᠲᠥᠷᠥᠯᠬᠢᠲᠡᠨ ᠤ ᠲᠠᠪᠰᠢᠯᠳᠠ ᠶᠢᠨ ᠦᠢᠯᠡᠰ ᠤᠨ ᠲᠥᠯᠥᠭᠡ ᠴᠢᠷᠮᠠᠶᠢᠵᠤ᠂ ᠰᠢᠨ᠎ᠡ ᠬᠡᠯᠪᠡᠷᠢ ᠶᠢᠨ ᠤᠯᠠᠨ ᠤᠯᠤᠰ ᠤᠨ ᠬᠠᠷᠢᠯᠴᠠᠭ᠎ᠠ ᠪᠣᠯᠤᠨ ᠬᠥᠮᠦᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠴᠣᠭᠴᠠ ᠶᠢ ᠪᠠᠶᠢᠭᠤᠯᠬᠤ ᠳᠤ ᠴᠢᠬᠤᠯᠠ ᠤᠨᠤᠯ ᠪᠣᠯᠤᠨ ᠦᠢᠯᠡᠳᠦᠯᠭᠡ ᠶᠢᠨ ᠰᠦᠪᠡᠭᠴᠢᠯᠡᠯᠳᠡ ᠬᠢᠵᠡᠢ᠃ ᠪᠢᠳᠡ ᠤᠯᠤᠰ ᠲᠥᠷᠥ ᠶᠢᠨ ᠢᠲᠡᠭᠡᠯᠴᠡᠭᠡ ᠪᠠᠨ ᠬᠠᠮᠲᠤ ᠪᠠᠷ ᠠᠬᠢᠭᠤᠯᠵᠤ᠂ ︽ᠬᠠᠨᠢᠲᠠᠨ ᠪᠣᠯᠤᠯᠴᠠᠬᠤ ᠠᠴᠠ ᠪᠢᠰᠢ ᠰᠦᠯᠪᠡᠭᠡ ᠪᠠᠶᠢᠭᠤᠯᠬᠤ ᠥᠬᠡᠶ ᠂ ᠶᠠᠷᠢᠯᠴᠠᠭ᠎ᠠ ᠬᠢᠬᠦ ᠠᠴᠠ ᠪᠢᠰᠢ ᠡᠰᠡᠷᠭᠦᠴᠡᠯᠳᠦᠬᠦ ᠥᠬᠡᠶ︾ ᠴᠣ᠋ ᠰᠢᠨ᠎ᠡ ᠵᠠᠭᠪᠤᠷ ᠢ ᠡᠭᠦᠳᠪᠡ︔ ᠠᠮᠤᠷ ᠲᠦᠪᠰᠢᠨ ᠲᠣᠭᠲᠠᠭᠤᠨ ᠪᠠᠶᠢᠳᠠᠯ ᠢ ᠬᠠᠮᠲᠤ ᠪᠠᠷ ᠬᠠᠮᠠᠭᠠᠯᠠᠵᠤ᠂ ᠬᠤᠣᠷᠲᠤ ᠡᠳ᠋ ᠢ ᠨᠢᠭᠤᠴᠠ ᠪᠠᠷ ᠠᠷᠠᠯᠵᠢᠶᠠᠯᠠᠬᠤ᠂ ᠰᠦᠯᠵᠢᠶ᠎ᠡ ᠪᠠᠷ ᠶᠠᠯ᠎ᠠ ᠬᠢᠬᠦ᠂ ᠤᠯᠤᠰ ᠠᠯᠤᠰᠯᠠᠭᠰᠠᠨ ᠵᠣᠬᠢᠶᠠᠨ ᠪᠠᠶᠢᠭᠤᠯᠤᠯᠲᠠ ᠲᠠᠢ ᠶᠠᠯᠠᠲᠤ ᠠᠵᠢᠯᠯᠠᠭ᠎ᠠ ᠶᠢᠨ ᠳᠡᠯᠭᠡᠷᠡᠬᠦ ᠬᠠᠨᠳᠤᠰᠢ ᠶᠢ ᠡᠷᠡᠰ ᠬᠤᠷᠢᠬᠯᠠᠪᠠ︔ ᠴᠡᠴᠡᠭᠯᠡᠨ ᠬᠥᠭᠵᠢᠬᠦ ᠶᠢ ᠬᠠᠮᠲᠤ ᠪᠠᠷ ᠰᠦᠪᠡᠭᠴᠢᠯᠡᠵᠦ᠂ ᠣᠷᠣᠨ ᠪᠦᠰᠡ ᠶᠢᠨ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠶᠢᠨ ᠭᠦᠨᠵᠡᠭᠡᠶᠢᠷᠡᠨ ᠬᠥᠭᠵᠢᠬᠦ ᠶᠢ ᠠᠬᠢᠭᠤᠯᠪᠠ︔ ᠣᠯᠠᠨ ᠤᠯᠤᠰ ᠤᠨ ᠶᠣᠰᠣ ᠵᠢᠷᠤᠮ ᠢ ᠬᠠᠮᠲᠤ ᠪᠠᠷ ᠡᠭᠦᠷᠭᠡᠯᠡᠵᠦ᠂ ᠣᠯᠠᠨ ᠲᠠᠯᠠᠲᠤ ᠦᠵᠡᠯ ᠪᠠ ᠪᠥᠬᠦ ᠬᠥᠮᠦᠨ ᠲᠥᠷᠥᠯᠬᠢᠲᠡᠨ ᠤ ᠬᠠᠮᠲᠤ ᠶᠢᠨ ᠥᠷᠲᠡᠭ ᠢ ᠪᠠᠳᠠᠷᠠᠭᠤᠯᠬᠤ ᠲᠤᠬᠠᠶ ᠬᠠᠩᠭᠢᠨᠠᠮ᠎ᠠ ᠲᠠᠭᠤᠨ ᠭᠠᠷᠭᠠᠵᠤ᠂ ᠡᠵᠡᠷᠬᠡᠬᠦ ᠦᠵᠡᠯ ᠪᠠ ᠬᠦᠴᠦᠷᠬᠡᠭᠯᠡᠯ ᠤᠨ ᠤᠯᠤᠰ ᠲᠥᠷᠥ ᠶᠢ ᠡᠰᠡᠷᠭᠦᠴᠡᠬᠦ ᠲᠤᠬᠠᠶ ᠲᠥᠪ ᠭᠤᠤᠯᠴᠢ ᠵᠣᠭᠰᠣᠯᠲᠠ ᠪᠠᠨ ᠢᠯᠡᠳᠬᠡᠪᠡ ᠬᠡᠵᠥ ᠵᠢᠭᠠᠵᠥ ᠭᠠᠷᠭᠠᠪᠠ᠃      ᠰᠢ ᠶᠢᠨ ᠫᠢᠩ᠂ ᠱᠠᠩᠬᠠᠢ ᠶᠢᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠨᠢᠭᠡᠨᠲᠡ ᠰᠢᠨ᠎ᠡ ᠲᠡᠦᠬᠡ ᠶᠢᠨ ᠭᠠᠷᠤᠭ᠎ᠠ ᠳᠡᠭᠡᠷ᠎ᠡ ᠵᠣᠭᠰᠣᠪᠠ᠃ ᠪᠢᠳᠡ ︽ᠱᠠᠩᠬᠠᠢ ᠶᠢᠨ ᠵᠣᠷᠢᠭ ᠰᠠᠨᠠᠭ᠎ᠠ︾ ᠶᠢᠨ ᠲᠤᠭ ᠢ ᠥᠨᠳᠥᠷ ᠮᠠᠨᠳᠤᠭᠤᠯᠵᠤ᠂ ᠤᠯᠠᠨ ᠤᠯᠤᠰ ᠤᠨ ᠬᠠᠷᠢᠯᠴᠠᠭᠠᠨ ᠤ ᠠᠷᠠᠳᠴᠢᠯᠠᠯᠲᠠ ᠶᠢᠨ ᠲᠡᠦᠬᠡ ᠶᠢᠨ ᠤᠷᠤᠰᠬᠠᠯ ᠳᠤᠮᠳᠠ ᠤᠷᠤᠭᠰᠢᠯᠠᠬᠤ ᠴᠢᠭᠯᠡᠯ ᠢ ᠡᠵᠡᠮᠳᠡᠵᠦ᠂ ᠬᠥᠮᠦᠨ ᠲᠥᠷᠥᠯᠬᠢᠲᠡᠨ ᠤ ᠬᠠᠮᠲᠤ ᠶᠢᠨ ᠬᠥᠭᠵᠢᠯᠲᠡ ᠶᠢᠨ ᠠᠤᠭ᠎ᠠ ᠪᠠᠶᠢᠷᠢᠰᠢᠯ ᠳᠤᠮᠳᠠ ᠲᠤᠰ ᠪᠡᠶ᠎ᠡ ᠶᠢᠨ ᠬᠥᠭᠵᠢᠯᠲᠡ ᠪᠠᠨ ᠠᠬᠢᠭᠤᠯᠵᠤ᠂ ᠨᠡᠩ ᠨᠢᠭᠲᠠ ᠱᠠᠩᠬᠠᠢ ᠶᠢᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠶᠢᠨ ᠬᠤᠪᠢ ᠵᠠᠶᠠᠭᠠᠨ ᠤ ᠬᠠᠮᠲᠤ ᠴᠣᠭᠴᠠ ᠶᠢ ᠪᠠᠶᠢᠭᠤᠯᠵᠤ᠂ ᠳᠡᠯᠡᠬᠡᠢ ᠶᠢᠨ ᠥᠨᠢ ᠤᠳᠠᠭᠠᠨ ᠡᠩᠬᠡ ᠲᠠᠶᠢᠪᠤᠩ ᠪᠠ ᠬᠠᠮᠲᠤ ᠶᠢᠨ ᠬᠥᠭᠵᠢᠯ ᠴᠡᠴᠡᠭᠯᠡᠯ ᠳᠤ ᠨᠡᠩ ᠶᠡᠭᠡ ᠬᠤᠪᠢ ᠨᠡᠮᠡᠷᠢ ᠦᠵᠡᠭᠦᠯᠪᠡᠯ ᠵᠣᠬᠢᠨ᠎ᠠ ᠬᠡᠵᠥ ᠴᠢᠬᠤᠯᠠᠴᠢᠯᠠᠪᠠ᠃ ᠰᠢ ᠶᠢᠨ ᠫᠢᠩ 5 ᠳᠠᠯ᠎ᠠ ᠶᠢᠨ ᠰᠠᠨᠠᠭᠤᠯᠭ᠎ᠠ ᠳᠤᠷᠠᠳᠴᠠᠢ᠃      ᠨᠢᠭᠡᠳᠦᠭᠡᠷ ᠲᠤ᠂ ᠪᠦᠯᠬᠦᠮᠳᠡᠨ ᠬᠠᠮᠲᠤᠷᠠᠯᠴᠠᠬᠤ ᠵᠠᠮ ᠢᠶᠠᠷ ᠵᠠᠮᠨᠠᠶ᠎ᠠ᠃ ᠲᠦᠷᠦ ᠶᠢᠨ ᠪᠤᠳᠤᠯᠭ᠎ᠠ ᠶᠢᠨ ᠶᠠᠷᠢᠯᠴᠠᠭ᠎ᠠ ᠪᠠ ᠤᠯᠤᠯᠴᠠᠭ᠎ᠠ ᠵᠣᠬᠢᠴᠠᠭᠤᠯᠭ᠎ᠠ ᠪᠠᠨ ᠴᠢᠩᠭᠠᠳᠬᠠᠵᠤ᠂ ᠲᠤᠰ ᠲᠤᠰ ᠤᠨ ᠢᠶᠠᠨ ᠵᠣᠬᠢᠰᠲᠠᠢ ᠠᠩᠬᠠᠷᠴᠤ ᠪᠠᠶᠢᠭ᠎ᠠ ᠠᠰᠠᠭᠤᠳᠠᠯ ᠢ ᠬᠦᠨᠳᠦᠳᠬᠡᠵᠦ᠂ ᠬᠠᠮᠲᠤᠷᠠᠯᠴᠠᠭᠠᠨ ᠤ ᠳᠤᠮᠳᠠ ᠢᠯᠡᠷᠡᠭᠰᠡᠨ ᠠᠰᠠᠭᠤᠳᠠᠯ ᠢ ᠴᠠᠭ ᠲᠤᠬᠠᠢ ᠳᠤᠨᠢ ᠰᠢᠢᠳᠪᠦᠷᠢᠯᠡᠵᠦ᠂ ᠱᠠᠩᠬᠠᠢ ᠶᠢᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠶᠢᠨ ᠬᠥᠭᠵᠢᠯᠲᠡ ᠶᠢᠨ ᠴᠢᠭᠯᠡᠯ ᠢ ᠬᠠᠮᠲᠤ ᠪᠠᠷ ᠲᠣᠭᠲᠠᠪᠤᠷᠢᠵᠢᠭᠤᠯᠬᠤ ᠬᠡᠷᠡᠭᠲᠡᠢ᠃ ᠪᠠᠶᠢᠭᠤᠯᠤᠯ ᠤᠨ ᠢᠲᠡᠭᠡᠯ ᠢᠶᠠᠨ ᠪᠠᠲᠤᠳᠬᠠᠵᠤ᠂ ︽ᠪᠠᠭᠰᠢ ᠨᠣᠶᠠᠨᠳᠠᠨ︾ ᠮᠡᠲᠦ ᠣᠮᠤᠭ ᠰᠦᠷ ᠲᠠᠢ ᠨᠣᠮᠯᠠᠯ ᠢ ᠶᠠᠭᠠᠬᠢᠭᠰᠠᠨ ᠴᠤ ᠬᠦᠯᠢᠶᠡᠨ ᠠᠪᠬᠤ ᠦᠭᠡᠢ᠂ ᠡᠯ᠎ᠡ ᠤᠯᠤᠰ ᠤᠨ ᠲᠤᠰ ᠤᠯᠤᠰ ᠤᠨ ᠢᠶᠠᠨ ᠪᠠᠶᠢᠳᠠᠯ ᠳᠤ ᠲᠤᠬᠢᠷᠠᠬᠤ ᠬᠥᠭᠵᠢᠯᠲᠡ ᠶᠢᠨ ᠵᠠᠮ ᠪᠣᠯᠤᠨ ᠵᠠᠰᠠᠯᠲᠠ ᠶᠢᠨ ᠵᠠᠭᠪᠤᠷ ᠢ ᠬᠠᠶᠢᠨ ᠰᠦᠪᠡᠭᠴᠢᠯᠡᠬᠦ ᠶᠢ ᠡᠷᠡᠰ ᠲᠡᠮᠵᠢᠵᠤ᠂ ᠭᠠᠳᠠᠭᠠᠳᠤ ᠶᠢᠨ ᠬᠦᠴᠦᠨ ᠤ ᠶᠠᠮᠠᠷᠪᠠ ᠰᠢᠯᠲᠠᠭ ᠢᠶᠠᠷ ᠭᠠᠵᠠᠷ ᠣᠷᠣᠨ ᠤᠯᠤᠰ ᠤᠨ ᠳᠣᠲᠣᠭᠠᠳᠤ ᠶᠠᠪᠤᠳᠠᠯ ᠳᠤ ᠭᠠᠷ ᠲᠦᠷᠦᠭᠦ ᠶᠢ ᠶᠠᠭᠠᠬᠢᠭᠰᠠᠨ ᠴᠤ ᠵᠥᠪᠰᠢᠶᠡᠷᠡᠬᠦ ᠦᠭᠡᠢ᠂ ᠲᠤᠰ ᠤᠯᠤᠰ ᠤᠨ ᠢᠶᠠᠨ ᠬᠥᠭᠵᠢᠯᠲᠡ ᠲᠠᠪᠰᠢᠯᠳᠠ ᠶᠢᠨ ᠢᠷᠡᠭᠡᠳᠦᠢ ᠬᠤᠪᠢ ᠵᠠᠶᠠᠭ᠎ᠠ ᠶᠢ ᠥᠪᠡᠷ ᠤᠨ ᠭᠠᠷ ᠲᠠᠭᠠᠨ ᠪᠠᠲᠤ ᠡᠵᠡᠮᠳᠡᠬᠦ ᠬᠡᠷᠡᠭᠲᠡᠢ᠃      ᠠᠷᠠᠳ ᠲᠦᠮᠡᠨ ᠢ ᠳᠡᠭᠡᠳᠦᠯᠡᠬᠦ᠂ ᠠᠮᠢ ᠨᠠᠰᠤ ᠶᠢ ᠳᠡᠭᠡᠳᠦᠯᠡᠬᠦ ᠣᠶᠢᠯᠠᠭᠠᠭᠳᠠᠬᠤᠨ ᠢ ᠪᠠᠷᠢᠮᠲᠠᠯᠠᠵᠤ᠂ ᠰᠢᠨᠵᠢᠯᠡᠬᠦ ᠤᠬᠠᠭᠠᠨᠴᠢ ᠵᠣᠷᠢᠭ ᠰᠠᠨᠠᠭ᠎ᠠ ᠶᠢ ᠪᠠᠳᠠᠷᠠᠭᠤᠯᠤᠨ᠂ ᠣᠯᠠᠨ ᠤᠯᠤᠰ ᠤᠨ ᠬᠢᠵᠢᠭ ᠲᠠᠢ ᠲᠡᠮᠡᠴᠡᠬᠦ ᠬᠠᠮᠲᠤᠷᠠᠯᠴᠠᠭ᠎ᠠ ᠶᠢ ᠭᠦᠨᠵᠡᠭᠡᠶ ᠥᠷᠨᠢᠭᠦᠯᠵᠦ᠂ ᠸᠠᠺᠼᠢᠨ ᠢ ᠲᠥᠪ ᠭᠤᠤᠯᠴᠢ ᠵᠦᠶ ᠵᠣᠬᠢᠰᠲᠠᠶ ᠬᠤᠪᠢᠶᠠᠷᠢᠯᠠᠬᠤ ᠶᠢ ᠠᠬᠢᠭᠤᠯᠤᠨ᠂ ᠸᠢᠷᠦ᠋ᠰ ᠤᠨ ᠡᠬᠢ ᠡᠭᠦᠰᠦᠯ ᠢ ᠡᠷᠢᠬᠦ ᠶᠢ ᠤᠯᠤᠰ ᠲᠦᠷᠦᠴᠢᠯᠡᠬᠦ ᠶᠢ ᠡᠷᠡᠰ ᠬᠤᠷᠢᠬᠯᠠᠶ᠎ᠡ᠃ ᠳᠤᠮᠳᠠᠳᠤ ᠤᠯᠤᠰ ᠤᠳᠤ ᠪᠣᠯᠲᠠᠯ᠎ᠠ 100 ᠭᠠᠷᠤᠢ ᠤᠯᠤᠰ ᠪᠠ ᠤᠯᠠᠨ ᠤᠯᠤᠰ ᠤᠨ ᠵᠣᠬᠢᠶᠠᠨ ᠪᠠᠶᠢᠭᠤᠯᠤᠯᠲᠠ ᠳᠤ 12 ᠳ᠋ᠦᠩᠰᠢᠭᠤᠷ ᠰᠢᠬᠠᠮ ᠸᠠᠺᠼᠢᠨ ᠪᠠ ᠠᠩᠬᠠᠨ ᠤ ᠰᠢᠩᠭᠡᠨ ᠬᠠᠩᠭᠠᠵᠤ᠂ ᠪᠦᠬᠦ ᠵᠢᠯ ᠳᠤ ᠳᠡᠯᠡᠬᠡᠢ ᠳ᠋ᠠᠬᠢᠨ ᠳᠤ 20 ᠳ᠋ᠦᠩᠰᠢᠭᠤᠷ ᠰᠢᠬᠠᠮ ᠸᠠᠺᠼᠢᠨ ᠬᠠᠩᠭᠠᠬᠤ ᠶᠢ ᠱᠠᠯᠠᠪᠳᠠᠭᠤᠯᠤᠨ ᠪᠡᠶᠡᠯᠡᠭᠦᠯᠵᠦ᠂ ᠬᠥᠭᠵᠢᠵᠦ ᠪᠠᠶᠢᠭ᠎ᠠ ᠤᠯᠤᠰ ᠯᠤᠭ᠎ᠠ ᠶᠢᠨ ᠬᠢᠵᠢᠭ ᠲᠠᠢ ᠲᠡᠮᠡᠴᠡᠬᠦ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ᠂ ᠳᠤᠮᠳᠠᠳᠤ ᠤᠯᠤᠰ ᠤᠨ ︽ᠰᠢᠨ᠎ᠡ ᠲᠢᠲᠢᠮᠯᠢᠭ ᠸᠢᠷᠦ᠋ᠰ ᠤᠨ ᠸᠠᠺᠼᠢᠨ ᠤ ᠬᠡᠷᠡᠭᠵᠢᠭᠦᠯᠬᠦ ᠲᠥᠯᠥᠪᠯᠡᠭᠡ︾ ᠳᠤ ᠬᠠᠨᠳᠢᠪᠯᠠᠭᠰᠠᠨ 1 ᠳ᠋ᠦᠩᠰᠢᠭᠤᠷ ᠳ᠋ᠣᠯᠯᠠᠷ ᠢ ᠰᠠᠶᠢᠲᠤᠷ ᠠᠰᠢᠬᠯᠠᠵᠤ᠂ ᠬᠥᠮᠦᠨ ᠲᠥᠷᠥᠯᠬᠢᠲᠡᠨ ᠤ ᠬᠢᠵᠢᠭ ᠤᠨ ᠪᠠᠶᠢᠳᠠᠯ ᠢ ᠲᠦᠢᠯᠪᠤᠷᠢᠲᠠᠢ ᠢᠯᠠᠨ ᠳᠠᠪᠠᠭ᠋ᠤ ᠳᠤ ᠦᠵᠡᠭᠦᠯᠪᠡᠰᠦ ᠵᠣᠬᠢᠬᠤ ᠬᠤᠪᠢ ᠨᠡᠮᠡᠷᠢ ᠪᠠᠨ ᠦᠵᠡᠭᠦᠯᠪᠡ᠃      ᠬᠤᠶᠠᠳᠤᠭᠠᠷ ᠲᠤ᠂ ᠠᠮᠤᠷ ᠲᠦᠪᠰᠢᠨ ᠠᠶᠤᠯ ᠲᠦᠭᠰᠢᠬᠦᠷᠢ ᠶᠢ ᠬᠠᠮᠲᠤ ᠪᠠᠷ ᠡᠭᠦᠷᠭᠡᠯᠡᠬᠦ ᠵᠠᠮ ᠢᠶᠠᠷ ᠵᠠᠮᠨᠠᠶ᠎ᠡ᠃ ᠬᠠᠮᠲᠤ ᠶᠢᠨ᠂ ᠶᠡᠷᠦᠩᠬᠡᠶᠢᠯᠡᠭᠰᠡᠨ᠂ ᠬᠠᠮᠲᠤᠷᠠᠯᠴᠠᠭᠰᠠᠨ᠂ ᠦᠷᠭᠦᠯᠵᠢᠯᠡᠬᠦ ᠠᠮᠤᠷ ᠲᠦᠪᠰᠢᠨ ᠤ ᠦᠵᠡᠯᠲᠡ ᠶᠢ ᠪᠠᠷᠢᠮᠲᠠᠯᠠᠵᠤ᠂ ︽ᠵᠡᠭᠦᠨ ᠲᠦᠷᠺᠰᠲ᠋ᠠᠨ ᠤ ᠢᠰᠯᠠᠮ ᠤᠨ ᠬᠥᠳᠡᠯᠭᠡᠭᠡᠨ︾ ᠵᠡᠷᠭᠡ ︽ᠭᠤᠷᠪᠠᠨ ᠵᠦᠢᠯ ᠤᠨ ᠬᠦᠴᠦᠨ︾ ᠳᠤ ᠴᠢᠩᠭ᠎ᠠ ᠴᠣᠬᠢᠯᠲᠠ ᠥᠭᠴᠦ᠂ ᠬᠤᠣᠷ ᠴᠠᠭᠠᠵᠠᠯᠠᠬᠤ᠂ ᠬᠢᠯᠢ ᠶᠢᠨ ᠬᠠᠮᠠᠭᠠᠯᠠᠯᠲᠠ᠂ ᠲᠤᠮᠤ ᠬᠡᠯᠪᠡᠷᠢ ᠶᠢᠨ ᠠᠵᠢᠯᠯᠠᠭ᠎ᠠ ᠶᠢᠨ ᠠᠮᠤᠷ ᠢ ᠬᠠᠮᠠᠭᠠᠯᠠᠬᠤ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠵᠦ᠂ ᠲᠤᠰ ᠵᠣᠬᠢᠶᠠᠨ ᠪᠠᠶᠢᠭᠤᠯᠤᠯᠲᠠ ᠶᠢᠨ ᠠᠮᠤᠷ ᠲᠦᠪᠰᠢᠨ ᠤ ᠬᠠᠮᠲᠤᠷᠠᠯᠴᠠᠭᠠᠨ ᠤ ᠲᠣᠭᠲᠠᠴᠠ ᠶᠢ ᠱᠠᠯᠠᠪᠳᠠᠭᠤᠯᠤᠨ ᠲᠡᠭᠦᠯᠳᠡᠷᠵᠢᠭᠦᠯᠵᠦ᠂ ᠡᠯ᠎ᠡ ᠤᠯᠤᠰ ᠤᠨ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠤᠨ ᠲᠣᠭᠲᠠᠭᠤᠨ ᠢ ᠬᠠᠮᠠᠭᠠᠯᠠᠵᠤ ᠭᠡᠨᠡᠳᠲᠡ ᠡᠭᠦᠰᠦᠭᠰᠡᠨ ᠬᠡᠷᠡᠭ ᠢ ᠰᠢᠢᠳᠪᠦᠷᠢᠯᠡᠬᠦ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠬᠤ ᠬᠡᠷᠡᠭᠳᠡᠢ᠃ ᠡᠯ᠎ᠡ ᠪᠦᠷᠢᠯᠳᠦᠬᠦᠨ ᠤᠯᠤᠰ ᠬᠠᠮᠵᠢᠯᠴᠠᠭ᠎ᠠ ᠪᠠᠨ ᠴᠢᠩᠭᠠᠳᠬᠠᠵᠤ᠂ ᠠᠹᠭᠠᠨᠢᠰᠲ᠋ᠠᠨ ᠤ ᠪᠠᠶᠢᠳᠠᠯ ᠤᠨ ᠲᠣᠭᠲᠠᠭᠤᠨ ᠢᠶᠠᠷ ᠰᠢᠯᠵᠢᠬᠦ ᠶᠢ ᠠᠬᠢᠭᠤᠯᠵᠤ᠂ ᠡᠩᠬᠡ ᠲᠠᠶᠢᠪᠤᠩ᠂ ᠲᠣᠭᠲᠠᠭᠤᠨ᠂ ᠬᠥᠭᠵᠢᠯᠲᠡ ᠶᠢᠨ ᠵᠠᠮ ᠢᠶᠠᠷ ᠦᠨᠡᠨ ᠬᠦ ᠵᠠᠮᠨᠠᠬᠤ ᠭᠡᠷᠡᠭᠳᠠᠢ᠃      ᠭᠤᠷᠪᠠᠳᠤᠭᠠᠷ ᠲᠤ᠂ ᠨᠡᠭᠡᠭᠡᠯᠲᠡ ᠬᠢᠵᠦ ᠠᠭᠤᠰᠤᠯᠴᠠᠨ ᠨᠡᠪᠲᠡᠷᠡᠯᠴᠡᠬᠦ ᠵᠠᠮ ᠢᠶᠠᠷ ᠵᠠᠮᠨᠠᠶ᠎ᠡ᠃ ᠠᠷᠠᠯᠵᠢᠶ᠎ᠠ ᠪᠣᠯᠤᠨ ᠪᠡᠯᠡ ᠣᠷᠣᠭᠤᠯᠤᠯᠲᠠ ᠶᠢᠨ ᠴᠢᠯᠥᠭᠡᠵᠢᠯᠲᠡ ᠳᠥᠭᠦᠮᠴᠢᠯᠡᠯᠲᠡ ᠶᠢ ᠦᠷᠭᠦᠯᠵᠢᠯᠡᠨ ᠠᠬᠢᠭᠤᠯᠵᠤ᠂ ᠬᠥᠮᠦᠨ ᠬᠠᠷ᠎ᠠ᠂ ᠡᠳ᠋ ᠪᠠᠷᠠᠭ᠎ᠠ᠂ ᠪᠡᠯᠡ ᠮᠥᠩᠭᠦ᠂ ᠳ᠋ᠠᠶᠢᠲ᠋ᠠ ᠶᠢᠨ ᠠᠮᠤᠷ ᠲᠦᠪᠰᠢᠨ ᠡᠮᠬᠢ ᠵᠢᠷᠤᠮ ᠲᠠᠢ ᠭᠦᠢᠯᠭᠡᠭᠡ ᠶᠢ ᠪᠠᠲᠤᠯᠠᠵᠤ᠂ ᠲᠣᠭᠠᠴᠢᠯᠠᠭᠰᠠᠨ ᠠᠵᠤ ᠠᠬᠤᠢ᠂ ᠪᠣᠬᠢᠷᠲᠤᠯ ᠦᠭᠡᠢ ᠡᠨᠧᠷᠭᠢ᠂ ᠤᠳᠤ ᠦᠶ᠎ᠡ ᠶᠢᠨ ᠲᠠᠷᠢᠶᠠᠯᠠᠩ ᠤᠨ ᠬᠠᠮᠲᠤᠷᠠᠯᠴᠠᠭᠠᠨ ᠤ ᠨᠡᠮᠡᠭᠳᠡᠯ ᠤᠨ ᠴᠡᠭ ᠢ ᠪᠤᠢ ᠪᠣᠯᠭᠠᠬᠤ ᠬᠡᠷᠡᠭᠳᠡᠢ᠃ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠦᠲᠦᠭᠡᠨ ᠪᠠᠶᠢᠭᠤᠯᠬᠤ ᠰᠠᠨᠠᠭᠠᠴᠢᠯᠠᠭ᠎ᠠ ᠶᠢ ᠡᠯ᠎ᠡ ᠤᠯᠤᠰ ᠤᠨ ᠬᠥᠭᠵᠢᠯᠲᠡ ᠶᠢᠨ ᠪᠠᠶᠢᠯᠳᠤᠬᠤ ᠪᠤᠳᠤᠯᠭ᠎ᠠ ᠵᠢᠴᠢ ᠧᠦ᠋ᠷᠣᠫᠠ ᠠᠽᠢᠶ᠎ᠠ ᠶᠢᠨ ᠠᠵᠤ ᠠᠬᠤᠢ ᠶᠢᠨ ᠬᠤᠯᠪᠣᠭ᠎ᠠ ᠵᠡᠷᠭᠡ ᠣᠷᠣᠨ ᠪᠦᠰᠡ ᠶᠢᠨ ᠬᠠᠮᠲᠤᠷᠠᠯᠴᠠᠭᠠᠨ ᠤ ᠰᠠᠨᠠᠭᠠᠴᠢᠯᠠᠭ᠎ᠠ ᠲᠠᠢ ᠭᠦᠨᠵᠡᠭᠡᠢ ᠵᠣᠯᠭᠠᠭᠤᠯᠬᠤ ᠶᠢ ᠠᠬᠢᠭᠤᠯᠵᠤ᠂ ᠠᠵᠤ ᠦᠢᠯᠡᠰ ᠤᠨ ᠬᠡᠯᠬᠢᠶ᠎ᠡ ᠬᠠᠩᠭᠠᠯᠭ᠎ᠠ ᠶᠢᠨ ᠬᠡᠯᠬᠢᠶ᠎ᠡ ᠶᠢᠨ ᠲᠣᠭᠲᠠᠭᠤᠨ ᠪᠥᠭᠡᠳ ᠰᠠᠭᠠᠳ ᠦᠭᠡᠢ ᠨᠡᠪᠲᠡᠷᠡᠬᠦ ᠶᠢ ᠬᠠᠮᠠᠭᠠᠯᠠᠵᠤ᠂ ᠡᠯ᠎ᠡ ᠤᠯᠤᠰ ᠤᠨ ᠠᠵᠤ ᠠᠬᠤᠢ ᠶᠢᠨ ᠠᠭᠤᠰᠤᠯᠴᠠᠯ᠂ ᠬᠥᠭᠵᠢᠯᠲᠡ ᠶᠢᠨ ᠬᠤᠯᠪᠣᠯᠳᠤᠯ᠂ ᠦᠷ᠎ᠡ ᠪᠦᠲᠦᠭᠡᠯ ᠢ ᠬᠠᠮᠲᠤ ᠪᠠᠷ ᠡᠳ᠋ᠯᠡᠬᠦ ᠶᠢ ᠠᠬᠢᠭᠤᠯᠬᠤ ᠭᠡᠷᠡᠭᠳᠠᠢ᠃      ᠳᠤᠮᠳᠠᠳᠤ ᠤᠯᠤᠰ ᠳᠤᠷᠠᠲᠠᠶ᠎ᠠ ᠵᠠᠬ᠎ᠠ ᠳᠡᠯᠭᠡᠭᠦᠷ ᠤᠨ ᠠᠵᠠ ᠲᠣᠬᠢᠶᠠᠯ ᠢ ᠦᠷᠭᠦᠯᠵᠢᠯᠡᠨ ᠬᠤᠪᠢᠶᠠᠯᠴᠠᠵᠤ᠂ ᠢᠷᠡᠭᠡᠳᠦᠢ ᠶᠢᠨ 5 ᠵᠢᠯ ᠳᠤ ᠲᠤᠰ ᠵᠣᠬᠢᠶᠠᠨ ᠪᠠᠶᠢᠭᠤᠯᠤᠯᠲᠠ ᠶᠢᠨ ᠤᠯᠤᠰ ᠯᠤᠭ᠎ᠠ ᠶᠢᠨ ᠠᠷᠠᠯᠵᠢᠶᠠᠨ ᠤ ᠬᠡᠮᠵᠢᠶ᠎ᠡ ᠪᠠᠨ 2.3 ᠲᠦᠮᠡᠨ ᠳ᠋ᠦᠩᠰᠢᠭᠤᠷ ᠳ᠋ᠣᠯᠯᠠᠷ ᠤᠨ ᠬᠠᠷᠠᠯᠲᠠ ᠳᠤ ᠬᠦᠷᠭᠡᠬᠦ ᠪᠠᠷ ᠴᠢᠷᠮᠠᠶᠢᠨ᠎ᠠ᠃ ᠳᠤᠮᠳᠠᠳᠤ ᠶᠢᠨ ᠬᠢᠨ ᠳᠤᠮᠳᠠᠳᠤ ᠤᠯᠤᠰ — ᠱᠠᠩᠬᠠᠶ ᠶᠢᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠶᠢᠨ ᠠᠵᠤ ᠠᠬᠤᠶ ᠠᠷᠠᠯᠵᠢᠶᠠᠨ ᠤ ᠳᠡᠭᠡᠳᠦ ᠰᠤᠷᠭᠠᠭᠤᠯᠢ ᠪᠠᠶᠢᠭᠤᠯᠵᠤ᠂ ᠬᠤᠶᠠᠳᠤᠭᠠᠷ ᠬᠤᠭᠤᠴᠠᠭᠠᠨ ᠤ ᠲᠤᠰᠬᠠᠶ ᠵᠢᠭᠡᠯᠡᠯᠭᠡ ᠶᠢ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠥᠲᠥᠭᠡᠨ ᠪᠠᠶᠢᠭᠤᠯᠬᠤ ᠬᠠᠮᠲᠤᠷᠠᠯᠴᠠᠭ᠎ᠠ ᠳᠤ ᠬᠡᠷᠡᠭᠯᠡᠵᠦ᠂ ᠣᠳᠣᠬᠢᠴᠢᠯᠠᠭᠰᠠᠨ ᠬᠤᠯᠪᠣᠯᠳᠤᠨ ᠨᠡᠪᠲᠡᠷᠡᠯᠴᠡᠬᠦ᠂ ᠰᠠᠭᠤᠷᠢ ᠲᠥᠬᠦᠭᠡᠷᠦᠮᠵᠢ ᠶᠢᠨ ᠪᠥᠲᠥᠭᠡᠨ ᠪᠠᠶᠢᠭᠤᠯᠤᠯᠲᠠ᠂ ᠪᠣᠬᠢᠷᠲᠤᠯ ᠥᠬᠡᠶ ᠳᠤᠤᠷ᠎ᠠ ᠨᠡᠭᠦᠷᠡᠰᠦᠲᠥ᠋ᠷᠥᠭᠴᠢᠲᠦ ᠦᠷᠭᠦᠯᠵᠢᠯᠡᠬᠦ ᠬᠥᠭᠵᠢᠯᠲᠡ ᠵᠡᠷᠭᠡ ᠲᠥᠷᠥᠯ ᠵᠦᠶᠯ ᠢ ᠭᠤᠤᠯᠳᠠᠯᠭ᠎ᠠ ᠲᠠᠢ ᠳᠡᠮᠵᠢᠨ᠎ᠡ᠃      ᠳᠥᠷᠪᠡᠳᠦᠭᠡᠷ ᠲᠤ᠂ ᠬᠠᠷᠢᠯᠴᠠᠨ ᠰᠤᠷᠤᠯᠴᠠᠵᠤ ᠬᠠᠷᠢᠯᠴᠠᠨ ᠲᠤᠯᠢ ᠪᠣᠯᠭᠠᠬᠤ ᠵᠠᠮ ᠢᠶᠠᠷ ᠵᠠᠮᠨᠠᠶ᠎ᠠ᠃ ᠠᠳᠠᠯᠢ ᠪᠤᠰᠤ ᠪᠣᠯᠪᠠᠰᠤᠨ ᠤ ᠰᠣᠯᠢᠯᠴᠠᠭ᠎ᠠ ᠶᠠᠷᠢᠯᠴᠠᠭ᠎ᠠ᠂ ᠡᠶ᠎ᠡ ᠵᠣᠬᠢᠴᠠᠩᠭᠤᠢ ᠪᠠᠷ ᠬᠠᠮᠲᠤ ᠣᠷᠣᠰᠢᠬᠤ ᠶᠢ ᠰᠠᠨᠠᠭᠠᠴᠢᠯᠠᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠂ ᠰᠤᠷᠭᠠᠨ ᠬᠥᠮᠦᠵᠢᠯ᠂ ᠰᠣᠶᠣᠯ᠂ ᠡᠷᠡᠭᠦᠯ ᠬᠠᠮᠠᠭᠠᠯᠠᠯ᠂ ᠶᠠᠳᠠᠭᠤ ᠶᠢ ᠲᠡᠳᠬᠦᠬᠦ ᠵᠡᠷᠭᠡ ᠬᠦᠷᠢᠶᠡᠨ ᠳᠤ ᠤᠯᠠᠨ ᠲᠦᠮᠡᠨ ᠲᠠᠢ ᠤ‍‌ᠵᠢᠷᠠᠲᠤᠭᠰᠠᠠ᠂ ᠬᠥᠮᠦᠰ ᠤᠨ ᠰᠡᠳᠬᠢᠯ ᠢ ᠨᠢᠭᠲᠠᠷᠠᠭᠤᠯᠤᠭᠰᠠᠨ ᠨᠡᠩ ᠤᠯᠠᠠ ᠲᠦᠷᠦᠯ ᠵᠦᠢᠯ ᠢ ᠪᠦᠲᠦᠭᠡᠡ ᠪᠠᠶᠢᠭᠤᠯᠬᠤ ᠬᠡᠷᠡᠭᠳᠡᠢ᠃      ᠢᠷᠡᠬᠦ 3 ᠵᠢᠯ ᠳᠤ᠂ ᠳᠤᠮᠳᠠᠳᠤ ᠤᠯᠤᠰ ᠱᠠᠩᠬᠠᠢ ᠶᠢᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠶᠢᠨ ᠤᠯᠤᠰ ᠤᠳ ᠲᠤ 1000 ᠶᠠᠳᠠᠭᠤ ᠶᠢ ᠲᠡᠳᠬᠦᠬᠦ ᠪᠣᠯᠪᠠᠰᠤᠷᠠᠯ ᠤᠨ ᠣᠷᠣᠨ ᠲᠤᠭ᠎ᠠ ᠬᠠᠩᠭᠠᠵᠤ᠂ 10 ᠯᠦ ᠪᠠᠨ ᠦᠢᠯᠡᠳᠪᠦᠷᠢ ᠶᠢᠨ ᠭᠠᠵᠠᠷ ᠢ ᠪᠠᠶᠢᠭᠤᠯᠵᠤ᠂ ︽ᠲᠣᠷᠭᠠᠨ ᠵᠠᠮ ᠳᠤ ᠨᠢᠭᠡ ᠭᠡᠷ ᠤᠨ ᠬᠥᠮᠦᠨ ᠮᠡᠲᠦ ᠳᠣᠲᠣᠨᠣ︾ ᠠᠵᠢᠯᠯᠠᠭ᠎ᠠ ᠶᠢᠨ ᠪᠣᠷᠣ ᠲᠥᠯᠥᠪ ᠤᠨ ᠳᠣᠲᠣᠷ᠎ᠠ ᠡᠷᠡᠭᠦᠯ ᠬᠠᠮᠠᠭᠠᠯᠠᠯ ᠡᠷᠡᠭᠦᠯ ᠮᠡᠨᠳᠦ᠂ ᠶᠠᠳᠠᠭᠤ ᠶᠢ ᠲᠡᠳᠬᠦᠵᠦ ᠠᠪᠤᠷᠠᠨ ᠲᠤᠰᠠᠯᠠᠬᠤ᠂ ᠰᠣᠶᠣᠯ ᠰᠤᠷᠭᠠᠨ ᠬᠥᠮᠦᠵᠢᠯ ᠵᠡᠷᠭᠡ ᠬᠦᠷᠢᠶᠡᠨ ᠤ 30 ᠬᠠᠮᠲᠤᠷᠠᠯᠴᠠᠭᠠᠨ ᠤ ᠲᠦᠷᠦᠯ ᠵᠦᠢᠯ ᠢ ᠥᠷᠨᠢᠭᠦᠯᠦᠨ᠎ᠡ᠃ ᠳᠤᠮᠳᠠᠳᠤ ᠤᠯᠤᠰ ᠤᠨ ᠬᠢᠨ ᠢᠷᠡᠬᠦ ᠵᠢᠯ ᠳᠤ ᠲᠤᠰ ᠵᠣᠬᠢᠶᠠᠨ ᠪᠠᠶᠢᠭᠤᠯᠤᠯᠲᠠ ᠶᠢᠨ ᠵᠠᠯᠠᠭᠤᠴᠤᠳ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠶᠠᠷᠢᠶᠠᠨ ᠤ ᠲᠠᠪᠴᠠᠩ ᠢ ᠡᠷᠬᠢᠯᠡᠵᠦ᠂ ᠲᠤᠰ ᠵᠣᠬᠢᠶᠠᠨ ᠪᠠᠶᠢᠭᠤᠯᠤᠯᠲᠠ ᠶᠢᠨ ᠤᠯᠠᠮᠵᠢᠯᠠᠯᠲᠤ ᠡᠮ ᠡᠮᠨᠡᠯᠭᠡ ᠶᠢᠨ ᠠᠵᠤ ᠦᠢᠯᠡᠰ ᠤᠨ ᠬᠤᠯᠪᠣᠭ᠎ᠠ ᠶᠢ ᠪᠠᠶᠢᠭᠤᠯᠬᠤ ᠶᠢ ᠰᠠᠨᠠᠭᠠᠴᠢᠯᠠᠨ᠎ᠠ᠃ ᠡᠯ᠎ᠡ ᠲᠠᠯ᠎ᠠ ᠶᠢᠨ ᠬᠢᠨ ᠤ 2022 ᠣᠨ ᠤ ᠪᠡᠭᠡᠵᠢᠩ ᠤᠨ ᠡᠪᠦᠯ ᠤᠨ ᠤᠯᠠᠷᠢᠯ ᠤᠨ ᠣᠯᠢᠮᠫᠢᠺ ᠤᠨ ᠲᠠᠮᠢᠷ ᠤᠨ ᠴᠤᠭᠯᠠᠭᠠᠨ᠂ ᠡᠪᠦᠯ ᠤᠨ ᠤᠯᠠᠷᠢᠯ ᠤᠨ ᠵᠡᠮᠳᠡᠭᠴᠦᠳ ᠤᠨ ᠣᠯᠢᠮᠫᠢᠺ ᠤᠨ ᠲᠠᠮᠢᠷ ᠤᠨ ᠴᠤᠭᠯᠠᠭᠠᠨ ᠳᠤ ᠣᠷᠣᠯᠴᠠᠵᠤ᠂ ᠨᠢᠭᠡ ᠬᠤᠭᠤᠴᠠᠭᠠᠨ ᠤ ᠲᠣᠪᠴᠢ ᠠᠪᠰᠠᠷᠬᠠᠨ᠂ ᠠᠮᠤᠷ ᠲᠦᠪᠰᠢᠨ᠂ ᠭᠤᠶᠢᠳᠠ ᠰᠠᠶᠢᠬᠠᠨ ᠣᠯᠢᠮᠫᠢᠺ ᠤᠨ ᠦᠪᠡᠳᠡᠭᠰᠢ ᠴᠤᠭᠯᠠᠭᠠᠨ ᠢ ᠬᠠᠮᠲᠤ ᠪᠠᠷ ᠥᠷᠨᠢᠭᠦᠯᠬᠦ ᠶᠢ ᠪᠠᠶᠠᠷᠯᠠᠨ ᠤᠭᠲᠤᠵᠤ ᠪᠠᠶᠢᠨ᠎ᠠ᠃      ᠲᠠᠪᠤᠳᠤᠭᠠᠷ ᠲᠤ᠂ ᠲᠥᠪ ᠭᠤᠣᠯᠴᠢ ᠰᠢᠳᠤᠷᠭᠤ ᠶᠣᠰᠣᠨ ᠤ ᠵᠠᠮ ᠢᠶᠠᠷ ᠵᠠᠮᠨᠠᠶ᠎ᠠ᠃ ︽ᠨᠢᠭᠡ ᠴᠠᠭ ᠤᠨ ᠬᠦᠴᠦᠷᠬᠡᠭ ᠪᠠᠭᠤᠷᠠᠢ ᠠᠨᠤ ᠴᠢᠳᠠᠯ ᠳᠤ ᠪᠤᠢ᠂ ᠲᠦᠮᠡᠨ ᠦᠶ᠎ᠡ ᠶᠢᠨ ᠢᠯᠠᠵᠤ ᠢᠯᠠᠬᠳᠠᠬᠤ ᠨᠢ ᠶᠤᠰᠤᠨ ᠳᠤ ᠪᠤᠢ︾᠃ ᠳᠡᠯᠡᠬᠡᠢ ᠳᠡᠭᠡᠷᠡᠬᠢ ᠬᠡᠷᠡᠭ ᠶᠠᠪᠤᠳᠠᠯ ᠢ ᠰᠢᠢᠳᠪᠦᠷᠢᠯᠡᠬᠦ ᠳᠤ᠂ ︽ᠪᠣᠳᠠᠲᠤ ᠬᠦᠴᠦᠨ ᠤ ᠪᠠᠶᠢᠷᠢ ᠰᠠᠭᠤᠷᠢ︾ ᠬᠡᠳᠡᠭ ᠠᠴᠠ ᠡᠭᠦᠰᠴᠦ᠂ ᠡᠵᠡᠷᠬᠡᠭᠯᠡᠬᠦ᠂ ᠲᠡᠬᠡᠷᠡᠩᠬᠦᠶᠢᠯᠡᠬᠦ᠂ ᠲᠠᠷᠤᠯᠠᠬᠤ ᠶᠢ ᠬᠡᠷᠡᠭᠵᠢᠭᠦᠯᠵᠦ ᠪᠣᠯᠬᠤ ᠦᠭᠡᠢ᠂ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠦᠨᠳᠦᠰᠦᠨ ᠲᠦᠷᠢᠮ ᠤᠨ ᠵᠣᠷᠢᠯᠲᠠ ᠪᠠ ᠵᠠᠷᠴᠢᠮ ᠢᠶᠠᠷ ᠵᠢᠷᠤᠮᠯᠠᠯ ᠪᠣᠯᠭᠠᠵᠤ᠂ ᠬᠠᠮᠲᠤ ᠪᠠᠷ ᠵᠥᠪᠳᠡᠯᠴᠡᠬᠦ ᠬᠠᠮᠲᠤ ᠪᠠᠷ ᠪᠠᠶᠢᠭᠤᠯᠬᠤ ᠬᠠᠮᠲᠤ ᠪᠠᠷ ᠡᠳ᠋ᠯᠡᠬᠦ ᠶᠢ ᠪᠠᠷᠢᠮᠲᠠᠯᠠᠵᠤ᠂ ᠵᠢᠩᠬᠢᠨᠢ ᠤᠯᠠᠨ ᠲᠠᠯᠠᠲᠤ ᠦᠵᠡᠯ ᠢ ᠦᠢᠯᠡᠳᠦᠯᠭᠡᠵᠢᠭᠦᠯᠵᠦ᠂ ︽ᠲᠦᠷᠢᠮ︾ ᠭᠡᠳᠡᠭ ᠲᠤᠭ ᠢ ᠡᠷᠭᠦᠵᠦ ᠤᠯᠠᠨ ᠤᠯᠤᠰ ᠤᠨ ᠡᠮᠬᠢ ᠵᠢᠷᠤᠮ ᠢ ᠡᠪᠳᠡᠬᠦ᠂ ᠡᠰᠡᠷᠭᠦᠴᠡᠯᠳᠦᠯ ᠪᠠ ᠬᠠᠭᠠᠴᠠᠯ ᠡᠬᠦᠰᠬᠡᠬᠦ ᠠᠵᠢᠯᠯᠠᠭ᠎ᠠ ᠶᠢ ᠡᠰᠡᠷᠭᠦᠴᠡᠶ᠎ᠡ᠃ ᠬᠠᠷᠢᠯᠴᠠᠨ ᠠᠰᠢᠭᠲᠠᠢ ᠬᠠᠮᠲᠤ ᠪᠠᠷ ᠠᠰᠢᠭ ᠬᠦᠷᠳᠡᠬᠦ ᠬᠠᠮᠲᠤᠷᠠᠯᠴᠠᠭᠠᠨ ᠤ ᠦᠵᠡᠯᠲᠡ ᠶᠢ ᠬᠢᠴᠢᠶᠡᠩᠭᠦ᠋ᠢᠯᠡᠨ ᠵᠢᠷᠤᠮᠯᠠᠵᠤ᠂ ᠪᠠᠭᠲᠠᠭᠠᠮᠵᠢᠲᠠᠢ ᠨᠡᠶᠢᠳᠡᠮ ᠠᠰᠢᠭ ᠬᠦᠷᠲᠡᠭᠡᠬᠦ ᠬᠥᠭᠵᠢᠯᠲᠡ ᠶᠢᠨ ᠢᠷᠡᠭᠡᠳᠦᠢ ᠶᠢ ᠴᠣᠭᠴᠠᠯᠠᠬᠤ ᠬᠡᠷᠡᠭᠳᠡᠢ᠃      ᠰᠢ ᠶᠢᠨ ᠫᠢᠩ᠂ ᠲᠠᠰᠤᠷᠠᠯᠲᠠ ᠦᠭᠡᠢ ᠪᠤᠵᠠᠭᠠᠶᠢᠷᠠᠵᠤ ᠪᠠᠶᠢᠭ᠎ᠠ ︽ᠱᠠᠩᠬᠠᠢ ᠶᠢᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠶᠢᠨ ᠶᠡᠭᠡ ᠭᠡᠷ ᠪᠦᠯᠢ︾ ᠨᠢ ᠳᠡᠯᠡᠬᠡᠢ ᠳᠡᠭᠡᠷᠡᠬᠢ ᠠᠯᠢᠪᠠ ᠳᠠᠪᠰᠢᠩᠭᠤᠢ ᠬᠦᠴᠦᠨ ᠲᠠᠢ ᠭᠠᠷ ᠬᠤᠯᠪᠣᠨ ᠤᠷᠤᠭᠰᠢᠯᠠᠵᠤ᠂ ᠬᠠᠮᠲᠤ ᠪᠠᠷ ᠳᠡᠯᠡᠬᠡᠢ ᠶᠢᠨ ᠡᠩᠬᠡ ᠲᠠᠶᠢᠪᠤᠩ ᠤᠨ ᠪᠦᠲᠦᠭᠡᠨ ᠪᠠᠶᠢᠭᠤᠯᠤᠭᠴᠢ᠂ ᠪᠦᠬᠦ ᠪᠥᠮᠪᠥᠷᠴᠡᠭ ᠤᠨ ᠬᠥᠭᠵᠢᠯᠲᠡ ᠶᠢᠨ ᠬᠤᠪᠢ ᠨᠡᠮᠡᠷᠢ ᠦᠵᠡᠭᠦᠯᠦᠭᠴᠢ᠂ ᠤᠯᠠᠨ ᠤᠯᠤᠰ ᠤᠨ ᠡᠮᠬᠢ ᠳᠢᠭᠯᠢᠮ ᠤᠨ ᠬᠠᠮᠠᠭᠠᠯᠠᠭᠴᠢ ᠪᠣᠯᠬᠤ ᠶᠢ ᠢᠲᠡᠭᠡᠵᠦ ᠪᠠᠶᠢᠨ᠎ᠠ ᠭᠡᠵᠦ ᠵᠢᠭᠠᠵᠤ ᠭᠠᠷᠭᠠᠪᠠ᠃      ᠰᠢ ᠶᠢᠨ ᠫᠢᠩ ᠬᠠᠮᠤᠭ ᠰᠡᠭᠦᠯ ᠳᠤ᠂ ᠪᠢᠳᠠ ︽ᠱᠠᠩᠬᠠᠢ ᠶᠢᠨ ᠵᠣᠷᠢᠭ ᠰᠠᠨᠠᠭ᠎ᠠ︾ ᠶᠢᠨ ᠲᠤᠭ ᠢ ᠥᠨᠳᠥᠷ ᠮᠠᠨᠳᠤᠭᠤᠯᠵᠤ᠂ ᠤᠬ ᠰᠠᠨᠠᠭ᠎ᠠ ᠪᠠᠨ ᠦᠯᠦ ᠮᠠᠷᠲᠠᠵᠤ᠂ ᠡᠷᠡᠮᠡᠬᠡᠶᠢᠯᠡᠨ ᠤᠷᠤᠭᠰᠢᠯᠠᠵᠤ᠂ ᠬᠥᠮᠦᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠴᠣᠭᠴᠠ ᠶᠢ ᠪᠠᠶᠢᠭᠤᠯᠬᠤ ᠬᠥᠮᠦᠨ ᠤ ᠶᠢᠷᠲᠢᠨᠴᠦ ᠶᠢᠨ ᠵᠥᠪ ᠵᠠᠮ ᠢᠶᠠᠷ᠂ ᠱᠠᠩᠬᠠᠢ ᠶᠢᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠶᠢᠨ ᠬᠥᠭᠵᠢᠯᠲᠡ ᠶᠢᠨ ᠰᠢᠨ᠎ᠡ ᠠᠶᠠᠨ ᠢᠶᠠᠨ ᠡᠬᠢᠯᠡᠭᠦᠯᠦᠶ᠎ᠡ︕ ᠭᠡᠵᠦ ᠬᠡᠯᠡᠪᠡ᠃      ᠱᠠᠩᠬᠠᠢ ᠶᠢᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠶᠢᠨ ᠵᠢᠵᠢᠭᠦᠷ ᠲᠡᠷᠢᠭᠦᠯᠡᠭᠴᠢ ᠤᠯᠤᠰ ᠲᠠᠵᠢᠺᠰᠲ᠋ᠠᠨ ᠤ ᠶᠡᠷᠦᠩᠬᠡᠶᠢᠯᠡᠭᠴᠢ ᠯᠠᡁᠧᠮᠤᠩ ᠬᠤᠷᠠᠯ ᠢ ᠡᠷᠬᠢᠯᠡᠵᠤ᠂ ᠺᠠᠽᠠᠬᠰᠲ᠋ᠠᠨ ᠤ ᠶᠡᠷᠦᠩᠬᠡᠶᠢᠯᠡᠭᠴᠢ ᠲᠤᠶᠢᠸᠧᠺᠠᠶᠢᠸ᠋ᠹ᠂ ᠺᠢᠷᠬᠢᠽᠰᠲ᠋ᠠᠨ ᠤ ᠶᠡᠷᠦᠩᠬᠡᠶᠢᠯᠡᠭᠴᠢ ᠵᠠᠫᠠᠯᠤᠹ᠂ ᠫᠠᠺᠢᠰᠲ᠋ᠠᠨ ᠤ ᠶᠡᠷᠦᠩᠬᠡᠶ ᠰᠠᠶᠢᠳ ᠢᠮᠦ᠋ᠯᠠᠨ · ᠬᠠᠨ᠂ ᠦᠽᠪᠧᠺᠰᠲ᠋ᠠᠨ ᠤ ᠶᠡᠷᠦᠩᠬᠡᠶᠢᠯᠡᠭᠴᠢ ᠮᠢᠷᠵᠢᠶᠤᠶᠢᠸ᠋ᠹ ᠵᠡᠷᠭᠡ ᠪᠦᠷᠢᠯᠳᠦᠬᠦᠨ ᠤᠯᠤᠰ ᠤᠨ ᠤᠳᠤᠷᠢᠳᠬᠤ ᠬᠥᠮᠦᠨ᠂ ᠱᠠᠩᠬᠠᠶ ᠶᠢᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠶᠢᠨ ᠨᠠᠷᠢᠨ ᠪᠢᠴᠢᠭ ᠤᠨ ᠳᠠᠷᠤᠭ᠎ᠠ ᠨᠤᠶᠢᠸᠧᠯᠤᠹ᠂ ᠱᠠᠩᠬᠠᠢ ᠶᠢᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠶᠢᠨ ᠭᠠᠵᠠᠷ ᠣᠷᠣᠨ ᠤ ᠰᠦᠷᠳᠡᠭᠦᠯᠦᠯ ᠢ ᠡᠰᠡᠷᠭᠦᠴᠡᠬᠦ ᠪᠠᠶᠢᠭᠤᠯᠤᠮᠵᠢ ᠶᠢᠨ ᠭᠦᠢᠴᠡᠳᠬᠡᠬᠦ ᠵᠥᠪᠯᠡᠯ ᠤᠨ ᠡᠷᠬᠢᠯᠡᠭᠴᠢ ᠬᠢᠶᠤᠰᠤᠹ ᠵᠡᠷᠭᠡ ᠪᠠᠶᠢᠩᠭᠤ ᠶᠢᠨ ᠪᠠᠶᠢᠭᠤᠯᠤᠮᠵᠢ ᠶᠢᠨ ᠬᠠᠷᠢᠭᠤᠴᠠᠯᠭᠠᠲᠠᠨ ᠵᠢᠴᠢ ᠪᠧᠯᠤᠷᠦᠶᠢᠰᠢᠶ᠎ᠠ ᠶᠢᠨ ᠶᠡᠷᠦᠩᠬᠡᠶᠢᠯᠡᠭᠴᠢ ᠯᠦᠺᠠᠱᠧᠨᠺᠧ᠂ ᠢᠷᠠᠨ ᠤ ᠶᠡᠷᠦᠩᠬᠡᠶᠢᠯᠡᠭᠴᠢ ᠯᠠᠶᠢᠰᠢ ᠵᠡᠷᠭᠡ ᠠᠵᠢᠬᠯᠠᠬᠴᠢ ᠤᠯᠤᠰ ᠤᠨ ᠤᠳᠤᠷᠢᠳᠬᠤ ᠬᠦᠮᠤᠰ ᠪᠤᠯᠤᠨ ᠲᠡᠷᠢᠭᠦᠯᠡᠭᠴᠢ ᠤᠯᠤᠰ ᠤᠨ ᠵᠤᠴᠢᠨ ᠲᠦᠺᠮᠧᠨ᠋ᠰᠲ᠋ᠠᠨ ᠤ ᠶᠡᠷᠦᠩᠬᠡᠶᠢᠯᠡᠭᠴᠢ ᠪᠢᠢᠸ᠋ᠷᠳᠧᠮᠤᠬᠠᠮᠸᠢᠢᠳᠤᠹ ᠬᠤᠷᠠᠯ ᠳᠤ ᠣᠷᠣᠯᠴᠠᠵᠠᠶ᠃ ᠤᠷᠤᠰ ᠤᠨ ᠶᠡᠷᠦᠩᠬᠡᠶᠢᠯᠡᠭᠴᠢ ᠫᠦᠲ᠋ᠢᠨ᠂ ᠡᠨᠡᠳᠬᠡᠭ ᠤᠨ ᠶᠡᠷᠦᠩᠬᠡᠢ ᠰᠠᠶᠢᠳ ᠮᠦᠸᠧᠳᠢ᠂ ᠮᠣᠩᠭᠤᠯ ᠤᠯᠤᠰ ᠤᠨ ᠶᠡᠷᠦᠩᠬᠡᠶᠢᠯᠡᠭᠴᠢ ᠬᠦᠷᠡᠯᠰᠦ᠋ᠬᠡ᠂ ᠤᠯᠠᠨ ᠤᠯᠤᠰ ᠤᠨ ᠬᠤᠯᠪᠣᠭᠠᠲᠤ ᠪᠠᠶᠢᠭᠤᠯᠤᠯᠭ᠎ᠠ ᠶᠢᠨ ᠨᠠᠷᠢᠨ ᠪᠢᠴᠢᠭ ᠤᠨ ᠳᠠᠷᠤᠭ᠎ᠠ ᠭᠦᠲᠧᠯᠸᠢᠢᠰ ᠸᠢᠳᠢᠣ᠋ ᠬᠡᠯᠪᠡᠷᠢ ᠪᠠᠷ ᠬᠤᠷᠠᠯ ᠳᠤ ᠣᠷᠣᠯᠴᠠᠪᠠ᠃      ᠬᠤᠷᠠᠯ ᠳᠤ ᠣᠷᠣᠯᠴᠠᠭᠰᠠᠨ ᠤᠳᠤᠷᠢᠳᠬᠤ ᠬᠥᠮᠦᠰ ᠱᠠᠩᠬᠠᠢ ᠶᠢᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠪᠠᠶᠢᠭᠤᠯᠤᠭᠳᠠᠭᠰᠠᠨ 20 ᠵᠢᠯ ᠤᠨ ᠲᠤᠷᠰᠢᠬᠢ ᠤᠯᠤᠰ ᠲᠦᠷᠦ᠂ ᠠᠵᠤ ᠠᠬᠤᠢ᠂ ᠠᠮᠤᠷ ᠲᠦᠪᠰᠢᠨ ᠂ ᠰᠣᠶᠣᠯ ᠢᠷᠭᠡᠨᠰᠢᠯ ᠵᠡᠷᠭᠡ ᠬᠦᠷᠢᠶᠡᠨ ᠳᠤ ᠣᠯᠤᠭᠰᠠᠨ ᠯᠤᠲᠤ ᠶᠡᠭᠡ ᠠᠮᠵᠢᠯᠲᠠ ᠶᠢ ᠪᠦᠬᠦ ᠲᠠᠯ᠎ᠠ ᠪᠠᠷ ᠡᠷᠭᠢᠴᠡᠭᠦᠯᠬᠦ ᠶᠢᠨ ᠬᠠᠮᠲᠤ ᠢᠳᠡᠪᠬᠢᠲᠡᠢ ᠦᠨᠡᠯᠡᠵᠦ᠂ ︽ᠱᠠᠩᠬᠠᠢ ᠶᠢᠨ ᠵᠣᠷᠢᠭ ᠰᠠᠨᠠᠭ᠎ᠠ︾ ᠳᠤ ᠦᠷᠭᠦᠯᠵᠢᠯᠡᠨ ᠰᠠᠭᠤᠷᠢᠯᠠᠵᠤ᠂ ᠬᠠᠷᠢᠯᠴᠠᠨ ᠬᠦᠨᠳᠦᠳᠬᠡᠵᠦ᠂ ᠬᠠᠷᠢᠯᠴᠠᠨ ᠳᠡᠮᠵᠢᠵᠦ᠂ ᠡᠷᠬᠡ ᠲᠡᠭᠰᠢ ᠬᠠᠷᠢᠯᠴᠠᠨ ᠠᠰᠢᠭᠲᠠᠢ ᠬᠠᠨᠢᠲᠠᠨ ᠤ ᠬᠠᠷᠢᠯᠴᠠᠭ᠎ᠠ ᠶᠢ ᠪᠠᠶᠢᠭᠤᠯᠵᠤ᠂ ᠬᠠᠮᠲᠤ ᠶᠢᠨ ᠠᠰᠢᠭ ᠲᠤᠰᠠ ᠶᠢ ᠬᠠᠮᠠᠭᠠᠯᠠᠵᠤ᠂ ᠰᠢᠨ᠎ᠡ ᠪᠠᠶᠢᠳᠠᠯ ᠰᠢᠨ᠎ᠡ ᠥᠷᠢᠰᠥᠯᠳᠦᠭᠡᠨ ᠢ ᠬᠠᠮᠲᠤᠷᠠᠯᠴᠠᠨ ᠠᠷᠭᠠᠴᠠᠭᠠᠵᠤ᠂ ᠱᠠᠩᠬᠠᠢ ᠶᠢᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠶᠢᠨ ᠦᠷᠭᠦᠯᠵᠢᠯᠡᠨ ᠡᠷᠡᠭᠦᠯ ᠲᠣᠭᠲᠠᠭᠤᠨ ᠢᠶᠠᠷ ᠬᠥᠭᠵᠢᠬᠦ ᠶᠢ ᠠᠬᠢᠭᠤᠯᠵᠤ᠂ ᠭᠠᠵᠠᠷ ᠣᠷᠣᠨ ᠤ ᠨᠡᠶᠢᠳᠡᠮ ᠤᠨ ᠠᠮᠤᠷ ᠲᠦᠪᠰᠢᠨ ᠪᠣᠯᠤᠨ ᠬᠠᠮᠲᠤ ᠶᠢᠨ ᠴᠡᠴᠡᠭᠯᠡᠯ ᠬᠥᠭᠵᠢᠯ ᠢ ᠠᠬᠢᠭᠤᠯᠵᠤ᠂ ᠰᠢᠨ᠎ᠡ ᠬᠡᠯᠪᠡᠷᠢ ᠶᠢᠨ ᠤᠯᠠᠨ ᠤᠯᠤᠰ ᠤᠨ ᠬᠠᠷᠢᠯᠴᠠᠭ᠎ᠠ ᠪᠣᠯᠤᠨ ᠬᠥᠮᠦᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠴᠣᠭᠴᠠ ᠶᠢ ᠪᠠᠶᠢᠭᠤᠯᠬᠤ ᠶᠢ ᠠᠬᠢᠭᠤᠯᠤᠨ᠎ᠠ ᠭᠡᠵᠦ ᠢᠯᠡᠳᠬᠡᠪᠡ᠃ ᠡᠯ᠎ᠡ ᠲᠠᠯ᠎ᠠ ᠶᠢᠨ ᠬᠢᠨ ᠪᠦᠯᠬᠦᠮᠳᠡᠯ ᠢᠶᠠᠨ ᠴᠢᠩᠭᠠᠳᠬᠠᠵᠤ᠂ ᠬᠠᠮᠲᠤᠷᠠᠯᠴᠠᠵᠤ ᠪᠠᠶᠢᠭᠠᠳ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠲᠠᠢ ᠲᠡᠮᠡᠴᠡᠵᠦ᠂ ᠸᠠᠺᠼᠢᠨ ᠤ ᠬᠠᠮᠲᠤᠷᠠᠯᠴᠠᠭ᠎ᠠ ᠪᠠᠨ ᠴᠢᠩᠭᠠᠳᠬᠠᠵᠤ᠂ ᠸᠢᠷᠦ᠋ᠰ ᠤᠨ ᠡᠬᠢ ᠰᠤᠷᠪᠤᠯᠵᠢ ᠶᠢ ᠤᠯᠤᠰ ᠲᠦᠷᠦᠴᠢᠯᠡᠬᠦ ᠶᠢ ᠡᠰᠡᠷᠭᠦᠴᠡᠪᠡᠯ ᠵᠣᠬᠢᠨ᠎ᠠ᠃ ᠠᠵᠤ ᠠᠬᠤᠢ ᠠᠷᠠᠯᠵᠢᠶ᠎ᠠ᠂ ᠡᠨᠧᠷᠭᠢ᠂ ᠰᠢᠨ᠎ᠡ ᠶᠢ ᠡᠭᠦᠳᠬᠦ᠂ ᠬᠤᠯᠪᠣᠯᠳᠤᠨ ᠨᠡᠪᠲᠡᠷᠡᠯᠴᠡᠬᠦ᠂ ᠲᠣᠭᠠᠴᠢᠯᠠᠭᠰᠠᠨ ᠠᠵᠤ ᠠᠬᠤᠢ᠂ ᠣᠷᠴᠢᠨ ᠲᠣᠭᠤᠷᠢᠨ ᠤ ᠬᠠᠮᠠᠭᠠᠯᠠᠯᠲᠠ ᠵᠡᠷᠭᠡ ᠬᠦᠷᠢᠶᠡᠨ ᠤ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠵᠦ᠂ ᠬᠥᠮᠦᠨ ᠢᠶᠠᠷ ᠦᠨᠳᠦᠰᠦ ᠪᠣᠯᠭᠠᠬᠤ ᠶᠢ ᠪᠠᠷᠢᠮᠲᠠᠯᠠᠵᠤ᠂ ᠰᠣᠶᠣᠯ ᠢᠷᠭᠡᠨᠰᠢᠯ ᠤᠨ ᠰᠣᠯᠢᠯᠴᠠᠭ᠎ᠠ ᠶᠢ ᠴᠢᠩᠭᠠᠳᠬᠠᠵᠤ᠂ ᠦᠷᠭᠦᠯᠵᠢᠯᠡᠬᠦ ᠬᠥᠭᠵᠢᠯᠲᠡ ᠶᠢ ᠪᠡᠶᠡᠯᠡᠭᠦᠯᠵᠦ᠂ ᠭᠠᠵᠠᠷ ᠣᠷᠣᠨ ᠤᠯᠤᠰ ᠤᠨ ᠠᠷᠠᠳ ᠲᠦᠮᠡᠨ ᠳᠤ ᠨᠡᠩ ᠰᠠᠶᠢᠨ ᠪᠤᠶᠠᠨ ᠦᠢᠯᠡᠳᠦᠨ᠎ᠠ᠃ ᠤᠯᠠᠨ ᠲᠠᠯᠠᠲᠤ ᠦᠵᠡᠯ ᠢ ᠳᠡᠮᠵᠢᠵᠦ᠂ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠦᠨᠳᠦᠰᠦᠨ ᠳᠦᠷᠢᠮ ᠤᠨ ᠵᠣᠷᠢᠯᠲᠠ ᠪᠠ ᠵᠠᠷᠴᠢᠮ ᠢ ᠬᠠᠮᠠᠭᠠᠯᠠᠨ᠂ ᠤᠯᠠᠨ ᠤᠯᠤᠰ ᠤᠨ ᠬᠠᠷᠢᠴᠠᠭᠠᠨ ᠤ ᠠᠷᠠᠳᠴᠢᠯᠠᠯᠲᠠ ᠶᠢ ᠠᠬᠢᠭᠤᠯᠵᠤ᠂ ᠡᠵᠡᠷᠬᠡᠬᠦ ᠦᠵᠡᠯ᠂ ᠭᠠᠭᠴᠠ ᠲᠠᠯᠠᠲᠤ ᠦᠵᠡᠯ ᠢ ᠡᠰᠡᠷᠭᠦᠴᠡᠨ᠂ ᠠᠷᠠᠳᠴᠢᠯᠠᠯ ᠬᠥᠮᠦᠨ ᠤ ᠡᠷᠬᠡ ᠪᠠᠷ ᠰᠢᠯᠲᠠᠭ ᠪᠣᠯᠭᠠᠨ ᠪᠤᠰᠤᠳ ᠤᠯᠤᠰ ᠤᠨ ᠳᠣᠲᠣᠭᠠᠳᠤ ᠵᠠᠰᠠᠭ ᠲᠤ ᠭᠠᠷ ᠲᠦᠷᠦᠭᠦ ᠶᠢ ᠡᠰᠡᠷᠭᠦᠴᠡᠵᠦ᠂ ᠡᠯ᠎ᠡ ᠤᠯᠤᠰ ᠤᠨ ᠬᠥᠭᠵᠢᠯᠲᠡ ᠶᠢᠨ ᠵᠠᠮ ᠢᠶᠠᠨ ᠡᠵᠡᠨ ᠮᠡᠳᠡᠵᠦ ᠰᠣᠩᠭᠤᠬᠤ ᠶᠢ ᠳᠡᠮᠵᠢᠨ᠎ᠡ᠃ ᠰᠦᠷᠳᠡᠭᠦᠯᠦᠯ ᠢ ᠡᠰᠡᠷᠭᠦᠴᠡᠬᠦ ᠬᠠᠮᠲᠤᠷᠠᠯᠴᠠᠭ᠎ᠠ ᠪᠠᠨ ᠤᠯᠠᠮ ᠨᠢᠭᠡ ᠠᠯᠬᠤᠮ ᠴᠢᠩᠭᠠᠳᠬᠠᠵᠤ᠂ ︽ᠭᠤᠷᠪᠠᠨ ᠵᠦᠢᠯ ᠤᠨ ᠬᠦᠴᠦᠨ︾ ᠪᠠ ᠤᠯᠤᠰ ᠠᠯᠤᠰᠯᠠᠭᠰᠠᠨ ᠶᠠᠯᠠᠲᠤ ᠠᠵᠢᠯᠯᠠᠭ᠎ᠠ ᠳᠤ ᠬᠦᠴᠦ ᠪᠠᠨ ᠬᠠᠮᠲᠤᠳᠬᠠᠨ ᠴᠣᠬᠢᠯᠲᠠ ᠥᠭᠴᠦ᠂ ᠭᠠᠵᠠᠷ ᠣᠷᠣᠨ ᠤ ᠠᠮᠤᠷ ᠲᠦᠪᠰᠢᠨ ᠲᠣᠭᠲᠠᠭᠤᠨ ᠪᠠᠶᠢᠳᠠᠯ ᠢ ᠬᠠᠮᠲᠤ ᠪᠠᠷ ᠬᠠᠮᠠᠭᠠᠯᠠᠨ᠎ᠠ᠃ ︽ᠨᠢᠭᠡ ᠪᠦᠰᠡ ᠨᠢᠭᠡ ᠵᠠᠮ︾ ᠤᠨ ᠰᠠᠨᠠᠭᠠᠴᠢᠯᠠᠭ᠎ᠠ ᠶᠢ ᠧᠦ᠋ᠷᠣᠫᠠ ᠠᠽᠢᠶ᠎ᠠ ᠶᠢᠨ ᠠᠵᠤ ᠠᠬᠤᠢ ᠶᠢᠨ ᠬᠤᠯᠪᠣᠭ᠎ᠠ ᠶᠢᠨ ᠪᠠᠶᠢᠭᠤᠯᠤᠯᠲᠠ ᠯᠤᠭ᠎ᠠ ᠵᠣᠯᠭᠠᠭᠤᠯᠬᠤ ᠶᠢ ᠳᠡᠮᠵᠢᠨ ᠠᠬᠢᠭᠤᠯᠤᠨ᠎ᠠ ᠭᠡᠵᠤ ᠢᠯᠡᠳᠭᠡᠪᠡ᠃ ᠡᠯ᠎ᠡ ᠲᠠᠯ᠎ᠠ ᠶᠢᠨ ᠬᠢᠨ᠂ ᠪᠡᠶ᠎ᠡ ᠶᠢᠨ ᠲᠠᠮᠢᠷ ᠤᠨ ᠬᠥᠳᠡᠯᠭᠡᠭᠡᠨ ᠢ ᠤᠯᠤᠰ ᠲᠦᠷᠦᠴᠢᠯᠡᠬᠦ ᠶᠢ ᠡᠰᠡᠷᠭᠦᠴᠡᠵᠦ᠂ ᠳᠤᠮᠳᠠᠳᠤ ᠤᠯᠤᠰ ᠤᠨ ᠪᠡᠭᠡᠵᠢᠩ ᠤᠨ ᠡᠪᠦᠯ ᠤᠨ ᠤᠯᠠᠷᠢᠯ ᠤᠨ ᠣᠯᠢᠮᠫᠢᠺ ᠤᠨ ᠲᠠᠮᠢᠷ ᠤᠨ ᠴᠤᠭᠯᠠᠭᠠᠨ᠂ ᠡᠪᠦᠯ ᠤᠨ ᠤᠯᠠᠷᠢᠯ ᠤᠨ ᠵᠡᠮᠳᠡᠭᠴᠦᠳ ᠤᠨ ᠣᠯᠢᠮᠫᠢᠺ ᠤᠨ ᠲᠠᠮᠢᠷ ᠤᠨ ᠴᠤᠭᠯᠠᠭᠠᠨ ᠢ ᠠᠮᠵᠢᠯᠲᠠ ᠲᠠᠢ ᠡᠷᠬᠢᠯᠡᠬᠦ ᠶᠢ ᠳᠡᠮᠵᠢᠨ᠎ᠠ ᠭᠡᠵᠦ ᠢᠯᠡᠳᠬᠡᠪᠡ᠃ ᠡᠯ᠎ᠡ ᠲᠠᠯ᠎ᠠ ᠶᠢᠨ ᠬᠢᠨ ᠠᠹᠭᠠᠨᠢᠰᠲ᠋ᠠᠨ ᠤ ᠪᠠᠶᠢᠳᠠᠯ ᠢ ᠳᠡᠭᠡᠳᠦ ᠬᠡᠮᠵᠢᠶ᠎ᠡ ᠪᠠᠷ ᠠᠩᠬᠠᠷᠴᠤ᠂ ᠠᠹᠭᠠᠨᠢᠰᠲ᠋ᠠᠨ ᠤ ᠰᠦᠷᠳᠡᠭᠦᠯᠬᠦ ᠦᠵᠡᠯ ᠤᠨ ᠰᠦᠷᠳᠡᠭᠦᠯᠦᠯ ᠢ ᠠᠷᠢᠯᠭᠠᠵᠤ᠂ ᠡᠩᠬᠡ ᠲᠠᠶᠢᠪᠤᠩ ᠪᠣᠯᠤᠨ ᠳᠠᠬᠢᠨ ᠪᠦᠲᠦᠭᠡᠨ ᠪᠠᠶᠢᠭᠤᠯᠬᠤ ᠶᠢ ᠳᠡᠮᠵᠢᠵᠦ᠂ ᠱᠠᠩᠬᠠᠢ ᠶᠢᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠡᠭᠦᠨ ᠤ ᠲᠥᠯᠥᠭᠡ ᠢᠳᠡᠪᠬᠢᠲᠡᠢ ᠦᠢᠯᠡᠳᠦᠯ ᠦᠵᠡᠭᠦᠯᠬᠦ ᠪᠣᠯᠤᠨ᠎ᠠ ᠭᠡᠵᠠᠢ᠃      ᠬᠤᠷᠠᠯ ᠠᠴᠠ ᠢᠷᠠᠨ ᠢ ᠪᠦᠷᠢᠯᠳᠦᠬᠦᠨ ᠤᠯᠤᠰ ᠪᠣᠯᠭᠠᠬᠤ ᠶᠢ ᠬᠦᠯᠢᠶᠡᠨ ᠠᠪᠬᠤ ᠵᠠᠷᠴᠢᠮ ᠢ ᠡᠬᠢᠯᠡᠭᠦᠯᠵᠦ᠂ ᠰᠠᠦ᠋ᠳᠢ ᠶᠢᠨ ᠠᠷᠠᠪ᠂ ᠶᠧᠵᠢᠫᠲ᠂ ᠺᠠᠲ᠋ᠠᠷ ᠢ ᠶᠠᠷᠢᠯᠴᠠᠭᠠᠨ ᠤ ᠰᠢᠨ᠎ᠡ ᠬᠠᠨᠢᠲᠠᠨ ᠢᠶᠠᠷ ᠡᠯᠰᠡᠪᠡ᠃      ᠬᠤᠷᠠᠯ ᠠᠴᠠ᠂ ᠦᠽᠪᠧᠺᠰᠲ᠋ᠠᠨ ᠢ ᠱᠠᠩᠬᠠᠢ ᠶᠢᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠶᠢᠨ ᠵᠢᠵᠢᠭᠦᠷ ᠲᠡᠷᠢᠭᠦᠯᠡᠭᠴᠢ ᠤᠯᠤᠰ ᠪᠤᠯᠭᠠᠬᠤ ᠪᠠᠷ ᠲᠣᠭᠲᠠᠪᠠ᠃      ᠪᠦᠷᠢᠯᠳᠦᠬᠦᠨ ᠤᠯᠤᠰ ᠤᠳ ᠤᠨ ᠤᠳᠤᠷᠢᠳᠬᠤ ᠬᠥᠮᠦᠰ ︽ᠱᠠᠩᠬᠠᠢ ᠶᠢᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠶᠢᠨ ᠬᠤᠷᠢᠨ ᠵᠢᠯ ᠤᠨ ᠤᠢ ᠶᠢᠨ ᠳ᠋ᠦᠱᠠᠨᠪᠧ ᠶᠢᠨ ᠲᠤᠩᠬᠠᠭ︾ ᠲᠤ ᠭᠠᠷ ᠤᠨ ᠦᠰᠦᠭ ᠵᠢᠷᠤᠭᠰᠠᠨ ᠪᠥᠭᠡᠳ ᠠᠯᠢ ᠤᠯᠠᠨ ᠰᠢᠢᠳᠪᠦᠷᠢ ᠶᠢ ᠵᠥᠪᠰᠢᠶᠡᠷᠡᠪᠡ᠃ ᠬᠤᠷᠠᠯ ᠠᠴᠠ ᠪᠠᠰᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ᠂ ᠠᠮᠤ ᠪᠤᠳᠠᠭᠠᠨ ᠤ ᠠᠮᠤᠷ ᠲᠦᠪᠰᠢᠨ ᠵᠡᠷᠭᠡ ᠬᠦᠷᠢᠶᠡᠨ ᠤ ᠬᠠᠮᠲᠤᠷᠠᠯᠴᠠᠭ᠎ᠠ ᠶᠢᠨ ᠲᠤᠬᠠᠢ ᠢᠯᠡᠷᠬᠡᠶᠢᠯᠡᠯᠲᠡ ᠨᠡᠶᠢᠲᠡᠯᠡᠪᠡ᠃      ᠳ᠋ᠢᠩ ᠰᠢᠤᠸᠠᠢ ᠰᠢᠶᠠᠩ᠂ ᠶᠠᠩ ᠵᠢᠶᠧ ‍ᠤᠤᠢ᠂ ᠾᠧ ᠯᠢ ᠹᠧᠩ ᠨᠠᠷ ᠬᠤᠷᠠᠯ ᠳᠤ ᠣᠷᠣᠯᠴᠠᠪᠠ᠃      ᠲᠡᠷᠢᠭᠦᠯᠡᠭᠴᠢ ᠰᠢ ᠶᠢᠨ ᠫᠢᠩ ᠤᠨ ᠣᠨᠴᠠ ᠲᠥᠯᠥᠭᠡᠯᠡᠭᠴᠢ ᠶᠢᠨ ᠬᠤᠪᠢ ᠪᠠᠷ ᠸᠠᠩ ᠢ ᠳᠠᠵᠢᠺᠰᠲ᠋ᠠᠨ ᠤ ᠲᠤᠬᠠᠢ ᠶᠢᠨ ᠲᠠᠯᠠᠪᠠᠢ ᠳᠤ ᠬᠤᠷᠠᠯ ᠳᠤ ᠣᠷᠣᠯᠴᠠᠪᠠ᠃
 
ᠢᠷᠡᠯᠲᠡ᠄ ᠥᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号