ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠡᠵᠡᠩᠨᠡᠨ ᠬᠤᠳᠠᠯᠳᠣᠭᠠᠯᠠᠬᠤ ᠣᠷᠴᠢᠨ | ᠲᠣᠭᠤᠷᠢᠨ ᠢ ᠰᠢᠯᠢᠳᠡᠭᠵᠢᠭᠦᠯᠬᠦ ᠠᠵᠢᠯ ᠤᠨ ᠪᠠᠶᠢᠷᠢᠯᠠᠭᠤᠯᠤᠯᠲᠠ ᠶᠢ ᠭᠦᠨᠵᠡᠭᠡᠶ ᠲᠤᠤᠱᠯᠠᠭᠤᠯᠤᠨ | ᠨᠠᠶᠢᠳᠠᠪᠤᠷᠢᠵᠢᠭᠤᠯᠬᠤ ᠶᠢᠨ ᠲᠥᠯᠥᠭᠡ᠂ ᠵᠠᠯᠠᠨ ᠠᠶᠢᠯ ᠬᠤᠲᠠ ᠶᠢᠨ ᠡᠮ ᠡᠮᠨᠡᠯᠭᠡ ᠶᠢᠨ ᠳᠠᠭᠠᠳᠬᠠᠯ ᠤᠨ | ᠦᠢᠯᠡᠴᠢᠯᠡᠭᠡᠨ ᠤ ᠲᠥᠪ ᠠᠴᠠ ᠡᠮ ᠡᠮᠨᠡᠯᠭᠡ ᠶᠢᠨ ᠳᠠᠭᠠᠳᠬᠠᠯ ᠤᠨ ᠶᠡᠭᠡ ᠲᠢᠩᠬᠢᠮ ᠤᠨ ᠴᠣᠩᠬᠤ ᠶᠢ ᠠᠵᠢᠯᠲᠠᠨ | ᠠᠵᠢᠯᠴᠢᠨ ᠬᠢᠭᠡᠳ ᠰᠠᠭᠤᠭᠠᠯᠢ ᠠᠷᠠᠳ ᠤᠨ ᠲᠥᠷᠥᠯ ᠢᠯᠭᠠᠯ ᠢᠶᠠᠷ ᠳᠠᠬᠢᠨ ᠵᠢᠭᠰᠠᠭᠠᠵᠤ ᠪᠠᠶᠢᠷᠢᠰᠢᠭᠤᠯᠤᠨ᠂ | ᠲᠤᠬᠠᠶᠢᠯᠠᠭᠰᠠᠨ ᠠᠵᠢᠯ ᠢ ᠵᠣᠯᠭᠠᠭᠤᠯᠬᠤ᠂ ᠮᠡᠳᠡᠭᠡ ᠵᠠᠩᠭᠢ ᠶᠢ ᠬᠠᠮᠲᠤ ᠪᠠᠷ ᠡᠳ᠋ᠯᠡᠬᠦ ᠪᠠᠷ ᠳᠠᠮᠵᠢᠭᠤᠯᠤᠨ᠂ ᠰᠲ᠋ᠣᠺ ᠪᠠ | ᠲᠠᠰᠤᠭ ᠢ ᠡᠮᠬᠢᠯᠡᠨ ᠨᠡᠶᠢᠯᠡᠭᠦᠯᠦᠨ᠎ᠡ᠃ ᠲᠡᠭ ᠪᠠᠶᠢᠭᠰᠠᠨ ᠢ ᠪᠦᠬᠦᠯᠢ ᠴᠣᠭᠴᠠ ᠪᠣᠯᠭᠠᠬᠤ ᠶᠢ ᠪᠡᠶᠡᠯᠡᠭᠦᠯᠵᠦ᠂ | ᠡᠵᠡᠩᠨᠡᠨ ᠬᠤᠳᠠᠯᠳᠣᠭᠠᠯᠠᠬᠤ ᠣᠷᠴᠢᠨ ᠨᠥᠬᠦᠴᠡᠯ ᠢ ᠰᠢᠯᠢᠳᠡᠭᠵᠢᠭᠦᠯᠬᠦ ᠳᠤ ᠬᠦᠴᠦ ᠨᠡᠮᠡᠷᠢᠯᠡᠨ᠎ᠡ᠃ ᠠᠷᠠᠳ | ᠲᠦᠮᠡᠨ ᠳᠤ ᠦᠢᠯᠡᠴᠢᠯᠡᠬᠦ ᠦᠷ᠎ᠡ ᠪᠦᠲᠦᠮᠵᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠲᠤᠬᠠᠶᠢᠯᠠᠭᠰᠠᠨ | ᠠᠵᠢᠯ ᠢ ᠰᠠᠶᠢᠳᠣᠷ ᠭᠦᠢᠴᠡᠳᠭᠡᠬᠦ ᠶᠢ ᠪᠡᠶᠡᠯᠡᠭᠦᠯᠦᠨ᠎ᠡ᠃ | | ᠲᠣᠰ ᠤᠳᠠᠭᠠᠨ ᠤ ᠲᠣᠬᠢᠷᠠᠭᠤᠯᠤᠯᠲᠠ ᠳᠤ ᠴᠣᠩᠬᠤ ᠶᠢ ᠲᠥᠷᠥᠯ ᠢᠯᠭᠠᠯ᠂ ᠳᠠᠭᠠᠳᠬᠠᠯ ᠤᠨ ᠲᠥᠷᠥᠯ | ᠵᠦᠢᠯ ᠢᠶᠠᠷ ᠵᠢᠭᠰᠠᠭᠠᠬᠤ ᠶᠢᠨ ᠬᠠᠮᠲᠤ ᠲᠥᠪᠯᠡᠷᠡᠭᠦᠯᠦᠨ ᠬᠠᠮᠢᠶᠠᠷᠴᠤ᠂ ᠣᠯᠠᠨ ᠲᠦᠮᠡᠨ ᠤ ᠠᠵᠢᠯ ᠶᠠᠪᠤᠳᠠᠯ | ᠭᠦᠢᠴᠡᠳᠭᠡᠬᠦ ᠳᠤ ᠬᠡᠯᠬᠢᠶ᠎ᠡ ᠦᠢᠯᠡᠴᠢᠯᠡᠭᠡ ᠶᠢ ᠪᠣᠶ ᠪᠣᠯᠭᠠᠵᠤ᠂ ᠣᠯᠠᠨ ᠲᠦᠮᠡᠨ ᠳᠤ ᠦᠢᠯᠡᠴᠢᠯᠡᠬᠦ ︽ᠡᠴᠦᠰ ᠤᠨ | ᠵᠠᠭᠤᠨ ᠮᠧᠲᠷ︾ ᠤᠨ ᠪᠡᠷᠬᠡ ᠪᠣᠭᠤᠮᠲᠠ ᠶᠢ ᠨᠡᠪᠲᠡᠷᠡᠭᠦᠯᠵᠦ᠂ ᠣᠯᠠᠨ ᠲᠦᠮᠡᠨ ᠤ ᠠᠵᠢᠯ ᠶᠠᠪᠤᠳᠠᠯ | ᠭᠦᠢᠴᠡᠳᠭᠡᠬᠦ ᠳᠤ ᠳᠠᠷᠤᠶ ᠳᠤᠨᠢ ᠭᠦᠢᠴᠡᠳᠭᠡᠬᠦ᠂ ᠳᠠᠷᠤᠶ ᠳᠤᠨᠢ ᠭᠦᠢᠴᠡᠳᠭᠡᠬᠦ ᠶᠢ ᠪᠡᠶᠡᠯᠡᠭᠦᠯᠪᠡ᠃ ᠪᠠᠬᠢᠯᠡᠯᠲᠡ ᠶᠢ | ᠡᠪᠳᠡᠵᠦ᠂ ᠲᠤᠬᠠᠶᠢᠯᠠᠭᠰᠠᠨ ᠠᠵᠢᠯ ᠢ ᠭᠦᠢᠴᠡᠳᠭᠡᠬᠦ ᠳᠤ ᠬᠦᠯᠢᠶᠡᠬᠦ ᠥᠬᠡᠶ ᠪᠠᠶᠢᠵᠤ᠂ ᠴᠣᠩᠬᠤᠨ ᠤ ᠠᠵᠢᠯᠲᠠᠨ ᠳᠤ | ᠤᠷᠢᠳᠠᠪᠠᠷ ᠠᠰᠠᠭᠤᠬᠤ ᠬᠠᠷᠢᠭᠤᠴᠠᠯᠭ᠎ᠠ ᠶᠢᠨ ᠲᠦᠷᠢᠮ ᠢ ᠬᠡᠷᠡᠭᠵᠢᠭᠦᠯᠦᠨ᠂ ᠲᠤᠬᠠᠶᠢᠯᠠᠭᠰᠠᠨ ᠠᠵᠢᠯ ᠤᠨ | ᠮᠡᠳᠡᠯᠭᠡ ᠶᠢᠨ ᠪᠥᠬᠦ ᠲᠠᠯ᠎ᠠ ᠶᠢᠨ ᠪᠣᠯᠪᠠᠰᠤᠷᠠᠭᠤᠯᠤᠯ ᠢ ᠴᠢᠩᠭᠠᠳᠬᠠᠵᠤ᠂ ᠠᠰᠠᠭᠤᠳᠠᠯ ᠢ ᠬᠠᠷᠢᠭᠤᠯᠬᠤ ᠳᠤ ᠬᠠᠷᠰᠢ | ᠰᠠᠭᠠᠳ ᠥᠬᠡᠶ ᠪᠠᠶᠢᠯᠭᠠᠬᠤ ᠶᠢ ᠪᠡᠶᠡᠯᠡᠭᠦᠯᠬᠦ ᠬᠡᠷᠡᠭᠲᠡᠶ᠃ | | ᠵᠠᠯᠭᠠᠭᠠᠳ ᠵᠠᠯᠠᠨ ᠠᠶᠢᠯ ᠬᠤᠲᠠ ᠶᠢᠨ ᠡᠮ ᠡᠮᠨᠡᠯᠭᠡ ᠶᠢᠨ ᠳᠠᠭᠠᠳᠬᠠᠯ ᠤᠨ ᠦᠢᠯᠡᠴᠢᠯᠡᠭᠡᠨ ᠤ ᠲᠥᠪ ᠤᠨ ᠬᠢᠨ | ᠠᠵᠢᠯᠲᠠᠳ ᠢ ᠢᠳᠡᠪᠬᠢᠲᠡᠶ ᠪᠠᠷ ᠬᠥᠲᠥᠯᠦᠨ ᠵᠢᠯᠣᠭᠤᠳᠴᠤ ᠪᠠᠶᠢᠭᠠᠳ ᠰᠤᠷᠲᠠᠯ ᠢ ᠨᠢ ᠬᠤᠪᠢᠷᠠᠭᠤᠯᠵᠤ᠂ | ᠰᠠᠨᠠᠭᠠᠴᠢᠯᠠᠭ᠎ᠠ ᠠᠴᠠ ᠪᠠᠨ ᠠᠵᠢᠯ ᠬᠢᠵᠦ᠂ ᠦᠢᠯᠡᠴᠢᠯᠡᠭᠡᠨ ᠤ ᠬᠢᠷᠢ ᠲᠦᠪᠰᠢᠨ ᠢ ᠪᠥᠬᠦ ᠲᠠᠯ᠎ᠠ ᠪᠠᠷ | ᠳᠡᠭᠡᠭᠰᠢᠯᠡᠭᠦᠯᠦᠨ᠂ ᠣᠯᠠᠨ ᠲᠦᠮᠡᠨ ᠤ ᠰᠡᠳᠬᠢᠯ ᠬᠠᠨᠤᠮᠵᠢᠲᠠᠶ ᠪᠠᠶᠢᠬᠤ ᠬᠡᠮᠵᠢᠶ᠎ᠡ ᠪᠠ ᠮᠡᠳᠡᠷᠡᠮᠵᠢ ᠶᠢ ᠲᠠᠰᠤᠷᠠᠯᠲᠠ | ᠥᠬᠡᠶ ᠳᠡᠭᠡᠭᠰᠢᠯᠡᠭᠦᠯᠦᠨ᠎ᠡ᠃ | | |