| | | | | 9 ᠰᠠᠷ᠎ᠠ ᠶᠢᠨ 18 ᠤ ᠡᠳᠦᠷ᠂ ᠵᠠᠯᠠᠨ ᠠᠶᠢᠯ ᠬᠤᠲᠠ ᠰᠢᠨ᠎ᠡ ᠲᠢᠲᠢᠮᠯᠢᠭ ᠠᠭᠤᠰᠬᠢᠨ | ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠬᠤᠷᠠᠯ ᠵᠢᠴᠢ ᠰᠢᠨ᠎ᠡ ᠲᠢᠲᠢᠮᠯᠢᠭ | ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ ᠤᠨ ᠳᠥᠴᠢ | ᠶᠢᠰᠦᠳᠦᠭᠡᠷ ᠤᠳᠠᠭᠠᠨ ᠤ ᠲᠣᠬᠢᠷᠠᠭᠤᠯᠤᠯᠲᠠ ᠶᠢᠨ ᠬᠤᠷᠠᠯ ᠬᠤᠷᠠᠯᠳᠤᠭᠤᠯᠵᠤ᠂ ᠣᠳᠣᠬᠠᠨ ᠤ ᠰᠢᠨ᠎ᠡ ᠲᠢᠲᠢᠮᠯᠢᠭ | ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠳᠠᠬᠢᠨ ᠪᠠᠶᠢᠷᠢᠯᠠᠭᠤᠯᠵᠤ᠂ | ᠳᠠᠬᠢᠨ ᠨᠠᠷᠢᠯᠢᠬᠵᠢᠭᠤᠯᠵᠤ᠂ ᠳᠠᠬᠢᠨ ᠪᠣᠳᠠᠲᠠᠶᠢᠵᠢᠭᠤᠯᠪᠠ᠃ ᠬᠤᠳᠠ ᠶᠢᠨ ᠨᠠᠮ ᠤᠨ ᠬᠤᠷᠢᠶᠠᠨ ᠤ ᠳᠡᠳ᠋ ᠱᠦᠵᠢ᠂ | ᠬᠤᠳᠠ ᠶᠢᠨ ᠳᠠᠷᠤᠭ᠎ᠠ᠂ ᠬᠤᠳᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ | ᠭᠠᠵᠠᠷ ᠤᠨ ᠶᠡᠷᠦᠩᠬᠡᠢ ᠵᠢᠯᠤᠭᠤᠳᠤᠬᠴᠢ ᠸᠠᠩ ᠪᠥᠸᠧ ᠬᠤᠷᠠᠯ ᠳᠤ ᠣᠷᠣᠯᠴᠠᠨ ᠶᠠᠷᠢᠶ᠎ᠠ ᠲᠠᠯᠪᠢᠵᠤ᠂ ᠵᠢᠯᠣᠭᠤᠳᠬᠤ | ᠭᠠᠵᠠᠷ ᠤᠨ ᠳᠡᠳ᠋ ᠶᠡᠷᠦᠩᠬᠡᠢ ᠵᠢᠯᠤᠭᠤᠳᠤᠬᠴᠢ ᠦ᠋ ᠴᠧᠨ ᠳ᠋ᠦᠩ᠂ ᠶᠠᠩ ᠵᠢᠢ ᠴᠦᠨ᠂ ᠯᠢ ᠶᠠᠨ ᠯᠢᠩ᠂ ᠮᠧᠩ ᠭᠠᠩ | ᠵᠢᠴᠢ ︽ᠨᠢᠭᠡᠳᠦᠭᠡᠷ ᠠᠯᠪᠠᠨ ᠭᠡᠷ ᠤᠨ ᠨᠠᠢᠮᠠᠳᠤᠭᠠᠷ ᠳᠤᠭᠤᠶᠢᠯᠠᠩ︾ ᠤᠨ ᠳᠠᠷᠤᠭ᠎ᠠ᠂ ᠡᠯ᠎ᠡ ᠪᠦᠷᠢᠯᠳᠦᠬᠦᠨ ᠨᠢᠭᠡᠴᠡ | ᠵᠢᠴᠢ ᠡᠯ᠎ᠡ ᠰᠢᠶᠠᠩ ᠪᠠᠯᠭᠠᠰᠤ ᠵᠡᠭᠡᠯᠢ ᠭᠤᠳᠤᠮᠵᠢ ᠶᠢᠨ ᠭᠤᠣᠯ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃ | | ᠬᠤᠷᠠᠯ ᠠᠴᠠ ᠪᠦᠬᠦ ᠬᠤᠳᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠠᠵᠢᠯ ᠤᠨ ᠪᠠᠶᠢᠳᠠᠯ ᠢ | ᠮᠡᠳᠡᠭᠳᠡᠭᠰᠡᠨ ᠪᠥᠭᠡᠳ ᠳᠠᠷᠠᠭᠠᠴᠢ ᠶᠢᠨ ᠠᠯᠬᠤᠮ ᠤᠨ ᠠᠵᠢᠯ ᠢ ᠲᠠᠬᠢᠨ ᠲᠤᠬᠢᠷᠠᠭᠤᠯᠵᠤ᠂ ᠲᠠᠬᠢᠨ ᠪᠠᠶᠢᠷᠢᠯᠠᠭᠤᠯᠪᠠ᠃ | | ᠸᠠᠩ ᠪᠥᠸᠧ ᠵᠢᠭᠠᠵᠤ ᠭᠠᠷᠭᠠᠭᠰᠠᠨ ᠨᠢ᠂ ᠣᠳᠣᠬᠠᠨ ᠳᠤ ᠬᠢᠵᠢᠭ ᠤᠨ ᠪᠠᠶᠢᠳᠠᠯ ᠬᠦᠨᠳᠦ ᠬᠡᠴᠡᠭᠦᠦ ᠨᠠᠷᠢᠨ | ᠪᠤᠳᠤᠯᠢᠶᠠᠨᠲᠠᠢ ᠪᠠᠶᠢᠨ᠎ᠠ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠡᠯ᠎ᠡ ᠨᠢᠭᠡᠴᠡ ᠶᠢᠨ ᠬᠢᠨ ᠦᠵᠡᠯ ᠰᠠᠨᠠᠭ᠎ᠠ | ᠦᠢᠯᠡ ᠠᠵᠢᠯᠯᠠᠭ᠎ᠠ ᠪᠠᠨ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠤᠳᠤᠯᠭ᠎ᠠ ᠲᠠᠢ ᠦᠨᠡᠨᠬᠦ ᠨᠢᠭᠡᠳᠬᠡᠵᠦ᠂ | ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠳᠠᠯ ᠤᠨ ᠰᠢᠨ᠎ᠡ ᠬᠤᠪᠢᠷᠠᠯᠲᠠ ᠶᠢ ᠪᠠᠲᠤ ᠡᠵᠡᠮᠳᠡᠵᠦ᠂ | ᠮᠢᠨᠴᠦᠭᠦᠷᠡᠬᠦ ᠦᠵᠡᠯ ᠰᠠᠨᠠᠭ᠎ᠠ᠂ ᠲᠠᠶᠢᠨ ᠠᠴᠠ ᠵᠢᠭᠰᠢᠬᠦ ᠰᠡᠳᠬᠢᠯᠭᠡ᠂ ᠠᠵᠠ ᠵᠠᠪᠰᠢᠶᠠᠨ ᠢ ᠬᠦᠰᠡᠬᠦ ᠪᠤᠳᠤᠯ ᠪᠠ | ᠰᠤᠯᠠᠷᠠᠬᠤ ᠰᠡᠳᠬᠢᠯᠭᠡ ᠶᠢ ᠡᠷᠡᠰ ᠲᠡᠪᠴᠢᠵᠦ᠂ ᠡᠯ᠎ᠡ ᠵᠦᠢᠯ ᠤᠨ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ | ᠴᠢᠩᠭ᠎ᠠ ᠨᠢᠮᠪᠠᠢ ᠪᠣᠳᠠᠲᠠᠢ ᠨᠠᠶᠢᠳᠠᠪᠤᠷᠢᠵᠢᠭᠤᠯᠵᠤ᠂ ᠬᠢᠵᠢᠭ ᠤᠨ ᠪᠠᠶᠢᠳᠠᠯ ᠢ ᠣᠷᠣᠭᠤᠯᠬᠤ ᠰᠡᠷᠭᠡᠶᠢᠯᠡᠯᠲᠡ ᠶᠢᠨ | ᠱᠤᠭᠤᠮ ᠢ ᠪᠠᠲᠤ ᠰᠠᠬᠢᠬᠤ ᠬᠡᠷᠡᠭᠲᠡᠢ᠃ | | ᠸᠠᠩ ᠪᠥᠸᠧ ᠱᠠᠭᠠᠷᠳᠠᠭᠰᠠᠨ ᠨᠢ᠂ ᠡᠯ᠎ᠡ ᠭᠠᠵᠠᠷ ᠡᠯ᠎ᠡ ᠰᠠᠯᠠᠭ᠎ᠠ ᠮᠥᠴᠢᠷ ᠡᠯ᠎ᠡ ᠨᠢᠭᠡᠴᠡ ᠶᠢᠨ ᠬᠢᠨ | ᠲᠦᠷᠦ ᠶᠢᠨ ᠪᠤᠳᠤᠯᠭ᠎ᠠ ᠶᠢᠨ ᠱᠠᠭᠠᠷᠳᠠᠯᠭ᠎ᠠ ᠶᠢ ᠨᠠᠷᠢᠨ ᠬᠢᠨᠠᠮᠠᠭᠠᠢ ᠰᠤᠳᠤᠯᠵᠤ᠂ ᠰᠡᠷᠭᠡᠶᠢᠯᠡᠨ ᠡᠵᠡᠮᠳᠡᠬᠦ ᠠᠷᠭ᠎ᠠ | ᠬᠡᠮᠵᠢᠶ᠎ᠡ ᠶᠢ ᠤᠨᠢᠨ ᠳᠡᠭᠡᠷ᠎ᠡ ᠨᠢ ᠨᠠᠶᠢᠳᠠᠪᠤᠷᠢᠵᠢᠭᠤᠯᠵᠤ᠂ ᠭᠤᠣᠯᠳᠠᠯᠭ᠎ᠠ ᠲᠠᠢ ᠲᠠᠯᠠᠪᠤᠷ᠂ ᠭᠤᠣᠯᠳᠠᠯᠭ᠎ᠠ ᠲᠠᠢ ᠠᠵᠢᠯ | ᠲᠦᠷᠦᠯ᠂ ᠭᠤᠣᠯᠳᠠᠯᠭ᠎ᠠ ᠲᠠᠢ ᠬᠥᠮᠦᠰ ᠢ ᠬᠠᠮᠢᠶᠠᠷᠤᠨ ᠡᠵᠡᠮᠳᠡᠬᠦ ᠶᠢ ᠲᠠᠰᠤᠷᠠᠯᠳᠡ ᠦᠭᠡᠢ ᠴᠢᠩᠭᠠᠳᠬᠠᠵᠤ᠂ ᠬᠢᠨᠠᠨ | ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠲᠠᠯ᠎ᠠ ᠪᠠᠷ ᠦᠷᠭᠦᠯᠵᠢᠯᠡᠨ ᠬᠦᠴᠦ ᠲᠠᠯᠪᠢᠵᠤ᠂ ᠬᠥᠮᠦᠰ ᠤᠨ ᠰᠢᠯᠵᠢᠬᠦ ᠶᠢ | ᠬᠠᠮᠤᠭ ᠤᠨ ᠶᠡᠭᠡ ᠬᠡᠮᠵᠢᠶ᠎ᠡ ᠪᠠᠷ ᠪᠠᠭᠠᠰᠬᠠᠵᠤ᠂ ᠸᠠᠺᠼᠢᠨ ᠤ ᠲᠠᠷᠢᠯᠭ᠎ᠠ ᠶᠢᠨ ᠠᠵᠢᠯ ᠢ ᠢᠳᠡᠪᠬᠢᠲᠡᠢ ᠠᠬᠢᠭᠤᠯᠵᠤ᠂ | ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠪᠠ ᠡᠳ᠋ ᠪᠣᠳᠠᠰ ᠤᠨ ᠨᠥᠭᠡᠴᠡᠯᠡᠯᠲᠡ ᠶᠢ ᠰᠠᠶᠢᠲᠤᠷ ᠠᠳᠬᠤᠵᠤ᠂ | ᠬᠢᠵᠢᠭ ᠤᠨ ᠪᠠᠶᠢᠳᠠᠯ ᠢ ᠣᠷᠣᠭᠤᠯᠬᠤ ᠪᠠ ᠲᠠᠷᠬᠠᠭᠠᠬᠤ ᠬᠡᠯᠬᠢᠶ᠎ᠡ ᠶᠢ ᠡᠷᠡᠰ ᠲᠠᠰᠤᠯᠬᠤ ᠬᠡᠷᠡᠭᠲᠡᠢ᠃ | | ᠸᠠᠩ ᠪᠥᠸᠧ ᠴᠢᠬᠤᠯᠠᠴᠢᠯᠠᠭᠰᠠᠨ ᠨᠢ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ︽ᠳᠥᠷᠪᠡᠨ | ᠲᠠᠯ᠎ᠠ ᠶᠢᠨ ᠬᠠᠷᠢᠭᠤᠴᠠᠯᠭ᠎ᠠ︾ ᠶᠢ ᠴᠢᠩᠭ᠎ᠠ ᠨᠠᠶᠢᠳᠠᠪᠤᠷᠢᠵᠢᠭᠤᠯᠵᠤ᠂ ᠪᠠᠶᠢᠩᠭᠤ ᠶᠢᠨ ᠬᠢᠨᠠᠯᠲᠠ ᠪᠠᠶᠢᠴᠠᠭᠠᠯᠲᠠ ᠶᠢ | ᠥᠷᠨᠢᠭᠦᠯᠬᠦ ᠶᠢ ᠪᠠᠷᠢᠮᠲᠠᠯᠠᠨ᠂ ᠴᠢᠩᠭ᠎ᠠ ᠲᠣᠳᠣᠷᠬᠠᠶ ᠰᠠᠬᠢᠯᠭ᠎ᠠ ᠪᠠᠲᠤ ᠪᠠᠷ ᠬᠢᠵᠢᠭ ᠤᠨ ᠪᠠᠶᠢᠳᠠᠯ ᠢ ᠰᠡᠷᠭᠡᠶᠢᠯᠡᠨ | ᠡᠵᠡᠮᠳᠡᠬᠦ ᠠᠷᠭ᠎ᠠ ᠬᠡᠮᠵᠢᠶ᠎ᠡ ᠶᠢ ᠪᠣᠳᠠᠲᠠᠶ ᠭᠠᠵᠠᠷ ᠲᠤᠨᠢ ᠨᠠᠶᠢᠳᠠᠪᠤᠷᠢᠵᠢᠭᠤᠯᠬᠤ ᠶᠢ ᠳᠥᠯᠭᠢᠨ ᠠᠬᠢᠭᠤᠯᠬᠤ ᠬᠡᠷᠡᠭᠲᠡᠶ᠃ | ᠪᠥᠬᠦ ᠬᠤᠲᠠ ᠶᠢᠨ ᠡᠯ᠎ᠡ ᠱᠠᠲᠤᠨ ᠤ ᠤᠳᠤᠷᠢᠳᠬᠤ ᠺᠠᠳ᠋ᠷ ᠪᠠ ᠨᠠᠮ ᠤᠨ ᠭᠡᠰᠢᠭᠦᠨ ᠺᠠᠳ᠋ᠷᠴᠤᠳ ᠬᠢᠵᠢᠭ ᠤᠨ | ᠪᠠᠶᠢᠳᠠᠯ ᠢ ᠰᠡᠷᠭᠡᠶᠢᠯᠡᠨ ᠡᠵᠡᠮᠳᠡᠬᠦ ᠳᠤᠮᠳᠠ ᠲᠦᠷᠦᠭᠦᠯᠡᠨ ᠤᠯᠤᠰ ᠲᠥᠷᠥ ᠶᠢᠨ ᠰᠠᠬᠢᠯᠭ᠎ᠠ ᠪᠠᠲᠤ᠂ ᠤᠯᠤᠰ | ᠲᠥᠷᠥ ᠶᠢᠨ ᠶᠣᠰᠣ ᠲᠦᠷᠢᠮ ᠪᠠ ᠠᠵᠢᠯ ᠤᠨ ᠰᠠᠬᠢᠯᠭ᠎ᠠ ᠪᠠᠲᠤ ᠶᠢ ᠴᠢᠩᠭ᠎ᠠ ᠰᠠᠬᠢᠵᠤ᠂ ᠬᠢᠵᠢᠭ ᠤᠨ ᠪᠠᠶᠢᠳᠠᠯ ᠢ | ᠰᠡᠷᠭᠡᠶᠢᠯᠡᠨ ᠡᠵᠡᠮᠳᠡᠬᠦ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠲᠦᠷᠦᠭᠦᠯᠡᠨ ᠨᠠᠶᠢᠳᠠᠪᠤᠷᠢᠵᠢᠭᠤᠯᠵᠤ᠂ ᠣᠯᠠᠨ | ᠲᠦᠮᠡᠨ ᠤ ᠠᠵᠢᠯ ᠢ ᠲᠦᠷᠦᠭᠦᠯᠡᠨ ᠰᠠᠶᠢᠲᠤᠷ ᠬᠢᠵᠦ᠂ ᠥᠯᠢᠭᠡᠷ ᠳᠠᠭᠤᠷᠢᠶᠠᠯ ᠪᠣᠯᠬᠤ ᠦᠢᠯᠡᠳᠦᠯ ᠢᠶᠠᠨ ᠦᠨᠡᠨ ᠬᠦ | ᠰᠠᠶᠢᠲᠤᠷ ᠪᠠᠳᠠᠷᠠᠭᠤᠯᠵᠤ᠂ ᠬᠢᠯᠪᠠᠷ ᠪᠤᠰᠤ ᠪᠠᠷ ᠣᠯᠤᠭᠰᠠᠨ ᠰᠡᠷᠭᠡᠶᠢᠯᠡᠨ ᠡᠵᠡᠮᠳᠡᠬᠦ ᠦᠷ᠎ᠡ ᠪᠦᠲᠦᠭᠡᠯ ᠢᠶᠠᠨ | ᠪᠠᠬᠢᠵᠢᠭᠦᠯᠵᠦ᠂ ᠡᠨᠡ ᠤᠳᠠᠭᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠷᠠᠳ ᠤᠨ ᠳᠠᠶᠢᠨ᠂ ᠶᠡᠷᠦᠩᠬᠡᠶ | ᠳᠠᠶᠢᠨ᠂ ᠬᠤᠷᠢᠭᠯᠠᠨ ᠴᠣᠬᠢᠬᠤ ᠳᠠᠶᠢᠨ ᠤ ᠢᠯᠠᠯᠲᠠ ᠶᠢ ᠵᠠᠪᠠᠯ ᠤᠯᠬᠤ ᠬᠡᠷᠡᠭᠲᠡᠶ᠃ | | |