ᠵᠠᠯᠠᠨ ᠠᠶᠢᠯ ᠬᠤᠲᠠ ᠶᠢᠨ 2021 ᠣᠨ ᠤ ᠬᠥᠳᠡᠭᠡ ᠲᠣᠰᠬᠤᠨ ᠤ ᠤᠤᠭᠤᠬᠤ ᠤᠰᠤᠨ ᠤ ᠠᠮᠤᠷ ᠲᠦᠪᠰᠢᠨ ᠤ ᠥᠭᠡᠷᠡᠴᠢᠯᠡᠯᠲᠡ ᠶᠢᠨ ᠢᠨᠵᠧᠨᠧᠷᠢᠩ ᠤᠨ ᠪᠠᠯᠠ ᠮᠥᠩᠭᠦ ᠶᠢᠨ ᠬᠤᠪᠢᠶᠠᠷᠢᠯᠠᠯᠲᠠ ᠶᠢ ᠵᠠᠷᠯᠠᠨ ᠨᠡᠶᠢᠲᠡᠯᠡᠪᠡ
ᠨᠡᠶᠢᠲᠡᠯᠡᠭᠰᠡᠨ ᠴᠠᠭ᠄
2021/9/23
   ᠪᠠᠶᠢᠳᠠᠯ ᠢ ᠣᠶᠢᠯᠠᠭᠠᠬᠤ ᠪᠠᠶᠢᠴᠠᠭᠠᠨ ᠰᠤᠳᠤᠯᠤᠯᠲᠠ ᠪᠠ ᠡᠯ᠎ᠡ ᠰᠢᠶᠠᠩ ᠪᠠᠯᠭᠠᠰᠤᠨ ᠤ ᠳᠡᠭᠡᠭᠰᠢ ᠮᠡᠳᠡᠭᠦᠯᠦᠭᠰᠡᠨ ᠪᠠᠶᠢᠳᠠᠯ ᠢ ᠦᠨᠳᠦᠰᠦᠯᠡᠨ᠂ ᠮᠠᠨ ᠤ ᠲᠣᠪᠴᠢᠶ᠎ᠠ ︽ᠵᠠᠯᠠᠨ ᠠᠶᠢᠯ ᠬᠤᠲᠠ ᠶᠢᠨ 2021 ᠬᠥᠳᠡᠭᠡ ᠲᠣᠰᠬᠤᠨ ᠤ ᠤᠰᠤ ᠤᠮᠳᠠ ᠶᠢᠨ ᠠᠮᠤᠷ ᠲᠦᠪᠰᠢᠨ ᠤ ᠰᠡᠯᠪᠢᠨ ᠵᠠᠰᠠᠵᠤ ᠠᠷᠠᠴᠢᠯᠠᠨ ᠬᠠᠮᠠᠭᠠᠯᠠᠬᠤ ᠲᠥᠷᠥᠯ ᠵᠦᠢᠯ ᠤᠨ ᠬᠡᠷᠡᠭᠵᠢᠭᠦᠯᠬᠦ ᠲᠥᠰᠦᠯ︾ ᠢ ᠨᠠᠶᠢᠷᠠᠭᠤᠯᠤᠨ ᠵᠣᠬᠢᠶᠠᠵᠤ᠂ ᠪᠦᠬᠦ ᠬᠤᠲᠠ ᠶᠢᠨ ᠲᠥᠪᠯᠡᠷᠡᠩᠭᠦᠶ ᠮᠠᠶ᠋ᠢᠭ ᠤᠨ ᠤᠰᠤ ᠤᠮᠳᠠ ᠶᠢᠨ ᠢᠨᠵᠧᠨᠧᠷᠢᠩ ᠳᠤ ᠥᠭᠡᠷᠡᠴᠢᠯᠡᠯᠲᠡ ᠬᠢᠵᠦ᠂ ᠲᠥᠷᠥᠯ ᠵᠦᠶ᠋ᠯ ᠳᠤ 465.1 ᠲᠦᠮᠡᠨ ᠲᠥᠭᠦᠷᠢᠭ ᠤᠨ ᠪᠠᠯᠠ ᠣᠷᠣᠭᠤᠯᠬᠤ ᠪᠠᠷ ᠲᠥᠯᠥᠪᠯᠡᠵᠦ ᠪᠣᠶ ︵ᠲᠥᠪ ᠤᠨ ᠰᠡᠯᠪᠢᠨ ᠵᠠᠰᠠᠵᠤ ᠠᠷᠠᠴᠢᠯᠠᠨ ᠬᠠᠮᠠᠭᠠᠯᠠᠬᠤ ᠪᠠᠯᠠ ᠮᠥᠩᠭᠦ 94.5 ᠲᠦᠮᠡᠨ ᠲᠥᠭᠦᠷᠢᠭ᠂ ᠬᠥᠯᠥᠨ ᠪᠤᠶᠢᠷ ᠤᠨ ᠡᠩ ᠤᠨ ᠵᠢᠭᠡᠯᠡᠯᠭᠡ ᠶᠢᠨ ᠲᠡᠮᠳᠡᠭᠲᠦ ᠶᠢᠨ ᠪᠠᠯᠠ ᠮᠥᠩᠭᠦ 347.8 ᠲᠦᠮᠡᠨ ᠲᠥᠭᠦᠷᠢᠭ᠂ ᠵᠠᠯᠠᠨ ᠠᠶᠢᠯ ᠬᠤᠲᠠ ᠶᠢᠨ ᠣᠷᠣᠨ ᠨᠤᠲᠤᠭ ᠤᠨ ᠢᠵᠢ ᠪᠦᠷᠢᠳᠦᠭᠦᠯᠬᠦ ᠪᠠᠯᠠ ᠮᠥᠩᠭᠦ 22.8 ᠲᠦᠮᠡᠨ ᠲᠥᠭᠦᠷᠢᠭ︶᠂ ᠡᠭᠦᠨ ᠳᠤ ᠣᠷᠣᠨ ᠨᠤᠲᠤᠭ ᠤᠨ ᠳᠣᠭᠢᠷᠠᠭᠤᠯᠬᠤ 22.8 ᠲᠦᠮᠡᠨ ᠲᠥᠭᠦᠷᠢᠭ ᠤᠨ ᠪᠠᠯᠠ ᠮᠥᠩᠭᠦ ᠶᠢ ᠡᠯ᠎ᠡ ᠰᠢᠶᠠᠩ ᠪᠠᠯᠭᠠᠰᠤ ᠶᠢᠨ ᠲᠥᠪᠯᠡᠷᠡᠩᠭᠦᠶ ᠮᠠᠶ᠋ᠢᠭ ᠤᠨ ᠤᠤᠭᠤᠬᠤ ᠤᠰᠤᠨ ᠤ ᠢᠨᠵᠧᠨᠧᠷᠢᠩ ᠳᠤ ᠬᠡᠷᠡᠭᠯᠡᠬᠦ ᠠᠵᠢᠯᠯᠠᠭᠠᠨ ᠤ ᠬᠠᠮᠢᠶᠠᠷᠤᠯᠲᠠ ᠶᠢᠨ ᠵᠠᠷᠤᠳᠠᠯ ᠳᠤ ᠰᠢᠭᠤᠳ ᠰᠢᠯᠵᠢᠭᠦᠯᠦᠨ ᠥᠭᠴᠦ᠂ ᠡᠳᠦᠭᠡ ᠪᠠᠯᠠ ᠮᠥᠩᠭᠦ ᠶᠢᠨ ᠬᠤᠪᠢᠶᠠᠷᠢᠯᠠᠯᠲᠠ ᠶᠢᠨ ᠲᠥᠰᠦᠯ ᠢ ᠢᠯᠡ ᠨᠡᠶᠢᠲᠡᠯᠡᠶ᠎ᠡ᠂ ᠬᠡᠷᠪᠡ ᠣᠨᠳᠣᠤ ᠰᠠᠨᠠᠯ ᠲᠠᠢ ᠪᠣᠯ᠂ ᠢᠯᠡ ᠨᠡᠶᠢᠲᠡᠯᠡᠭᠰᠡᠨ ᠡᠳᠦᠷ ᠤᠨ 10 ᠡᠳᠦᠷ ᠤᠨ ᠳᠣᠲᠣᠷ᠎ᠠ ᠳᠤᠷᠠᠳᠬᠤ ᠪᠣᠯᠪᠠ᠃    ᠬᠢᠨᠠᠯᠲᠠ ᠲᠠᠯᠪᠢᠬᠤ ᠤᠲᠠᠰᠤ᠄ 12317 0470 — 3260697      ᠢᠮᠧᠯ᠄zltcwh@126.com     ᠵᠠᠯᠠᠨ ᠠᠶᠢᠯ ᠬᠤᠲᠠ ᠶᠢᠨ ᠤᠰᠤᠨ ᠠᠰᠢᠭᠯᠠᠯᠲᠠ ᠶᠢᠨ ᠲᠣᠪᠴᠢᠶ᠎ᠠ              2021 ᠣᠨ ᠤ 9 ᠰᠠᠷ᠎ᠠ ᠶᠢᠨ 22      ᠤ ᠡᠳᠦᠷ
 
ᠢᠷᠡᠯᠲᠡ᠄ ᠵᠠᠯᠠᠨ ᠠᠶᠢᠯ ᠬᠤᠲᠠ ᠶᠢᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号