ᠰᠢ ᠶᠢᠨ ᠫᠢᠩ ᠳᠠᠯᠠᠨ ᠵᠢᠷᠭᠤᠳᠤᠭᠠᠷ ᠬᠤᠭᠤᠴᠠᠭᠠᠨ ᠤ ᠣᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠶᠡᠭᠡ ᠬᠤᠷᠠᠯ ᠤᠨ ᠡᠩ ᠤᠨ ᠮᠠᠷᠭᠤᠯᠳᠤᠭᠠᠨ ᠳᠤ ᠣᠷᠣᠯᠴᠠᠵᠤ ᠴᠢᠬᠤᠯᠠ ᠶᠠᠷᠢᠶ᠎ᠠ ᠲᠠᠯᠪᠢᠪᠠ
ᠨᠡᠶᠢᠲᠡᠯᠡᠭᠰᠡᠨ ᠴᠠᠭ᠄
2021/9/24
    ᠪᠦᠬᠦ ᠪᠥᠮᠪᠥᠷᠴᠡᠭ ᠤᠨ ᠬᠥᠭᠵᠢᠯᠲᠡ ᠶᠢᠨ ᠰᠠᠨᠠᠭᠠᠴᠢᠯᠠᠭ᠎ᠠ ᠶᠢ ᠳᠤᠷᠠᠳᠴᠤ᠂ ᠪᠦᠬᠦ ᠪᠥᠮᠪᠥᠷᠴᠡᠭ ᠤᠨ ᠴᠢᠨᠠᠷᠲᠠᠢ ᠰᠦᠷᠳᠡᠭᠦᠯᠦᠯ ᠪᠣᠯᠤᠨ ᠥᠷᠢᠰᠥᠯᠳᠦᠭᠡᠨ ᠢ ᠭᠠᠷ ᠬᠤᠯᠪᠣᠨ ᠠᠷᠭᠠᠴᠠᠭᠠᠵᠤ᠂ ᠬᠥᠮᠦᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠴᠣᠭᠴᠠ ᠶᠢ ᠪᠠᠶᠢᠭᠤᠯᠬᠤ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ      ᠤᠯᠤᠰ ᠤᠨ ᠲᠡᠷᠢᠭᠦᠯᠡᠭᠴᠢ ᠰᠢ ᠶᠢᠨ ᠫᠢᠩ 21      ᠤ ᠡᠳᠦᠷ ᠪᠡᠭᠡᠵᠢᠩ ᠳᠤ ᠸᠢᠳᠢᠣ᠋ ᠬᠡᠯᠪᠡᠷᠢ ᠪᠠᠷ ᠳᠠᠯᠠᠨ ᠵᠢᠷᠭᠤᠳᠤᠭᠠᠷ ᠬᠤᠭᠤᠴᠠᠭᠠᠨ ᠤ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠶᠡᠭᠡ ᠬᠤᠷᠠᠯ ᠤᠨ ᠡᠩ ᠤᠨ ᠮᠠᠷᠭᠤᠯᠳᠤᠭᠠᠨ ᠳᠤ ᠣᠷᠣᠯᠴᠠᠭᠰᠠᠨ ᠪᠥᠭᠡᠳ ︽ᠢᠲᠡᠭᠡᠯ ᠵᠣᠷᠢᠭ ᠢᠶᠠᠨ ᠪᠠᠲᠤᠳᠬᠠᠵᠤ ᠴᠠᠭ ᠤᠨ ᠪᠡᠷᠬᠡ ᠶᠢ ᠬᠠᠮᠲᠤ ᠪᠠᠷ ᠲᠤᠭᠤᠯᠵᠤ ᠨᠡᠩ ᠰᠠᠶᠢᠨ ᠰᠠᠶᠢᠬᠠᠨ ᠳᠡᠯᠡᠬᠡᠢ ᠶᠢᠷᠲᠢᠨᠴᠦ ᠶᠢ ᠬᠠᠮᠲᠤ ᠪᠠᠷ ᠪᠠᠶᠢᠭᠤᠯᠤᠶ᠎ᠠ︾ ᠭᠡᠬᠦ ᠰᠡᠳᠦᠪ ᠢᠶᠠᠷ ᠴᠢᠬᠤᠯᠠ ᠶᠠᠷᠢᠶ᠎ᠠ ᠲᠠᠯᠪᠢᠪᠠ᠃
    9 ᠰᠠᠷ᠎ᠠ ᠶᠢᠨ 21      ᠤ ᠡᠳᠤᠷ᠂ ᠤᠯᠤᠰ ᠤᠨ ᠲᠡᠷᠢᠭᠦᠯᠡᠭᠴᠢ ᠰᠢ ᠶᠢᠨ ᠫᠢᠩ ᠪᠡᠭᠡᠵᠢᠩ ᠳᠤ ᠸᠢᠳᠢᠣ᠋ ᠬᠡᠯᠪᠡᠷᠢ ᠪᠠᠷ ᠳᠠᠯᠠᠨ ᠵᠢᠷᠭᠤᠳᠤᠭᠠᠷ ᠬᠤᠭᠤᠴᠠᠭᠠᠨ ᠤ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠶᠡᠭᠡ ᠬᠤᠷᠠᠯ ᠤᠨ ᠡᠩ ᠤᠨ ᠮᠠᠷᠭᠤᠯᠳᠤᠭᠠᠨ ᠳᠤ ᠣᠷᠣᠯᠴᠠᠭᠰᠠᠨ ᠪᠥᠭᠡᠳ ︽ᠢᠲᠡᠭᠡᠯ ᠵᠣᠷᠢᠭ ᠢᠶᠠᠨ ᠪᠠᠲᠤᠳᠬᠠᠵᠤ ᠴᠠᠭ ᠤᠨ ᠪᠡᠷᠬᠡ ᠶᠢ ᠬᠠᠮᠲᠤ ᠪᠠᠷ ᠲᠤᠭᠤᠯᠵᠤ ᠨᠡᠩ ᠰᠠᠶᠢᠨ ᠰᠠᠶᠢᠬᠠᠨ ᠳᠡᠯᠡᠬᠡᠢ ᠶᠢᠷᠲᠢᠨᠴᠦ ᠶᠢ ᠬᠠᠮᠲᠤ ᠪᠠᠷ ᠪᠠᠶᠢᠭᠤᠯᠤᠶ᠎ᠠ︾ ᠭᠡᠬᠦ ᠰᠡᠳᠦᠪ ᠢᠶᠠᠷ ᠴᠢᠬᠤᠯᠠ ᠶᠠᠷᠢᠶ᠎ᠠ ᠲᠠᠯᠪᠢᠪᠠ᠃      ᠰᠢᠨᠬᠤᠸᠠ ᠬᠤᠷᠢᠶᠠᠨ ᠤ ᠰᠤᠷᠪᠤᠯᠵᠢᠯᠠᠬᠴᠢ ᠬᠤᠸᠠᠩ ᠵᠢᠩ ᠸᠧᠨ ᠰᠡᠬᠦᠳᠡᠷᠯᠡᠪᠡ      ᠰᠢ ᠶᠢᠨ ᠫᠢᠩ᠂ ᠡᠨᠡ ᠵᠢᠯ ᠪᠣᠯ ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 100 ᠵᠢᠯ ᠤᠨ ᠤᠢ᠂ ᠮᠦᠠ ᠴᠤ ᠪᠦᠬᠦᠳᠠ ᠨᠠᠶᠢᠷᠠᠮᠳᠠᠬᠤ ᠳᠤᠮᠳᠠᠳᠤ ᠠᠷᠠᠳ ᠤᠯᠤᠰ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠳᠠᠬᠢ ᠬᠠᠤᠯᠢ ᠶᠣᠰᠣᠨ ᠤ ᠪᠠᠶᠢᠷᠢ ᠰᠠᠭᠤᠷᠢ ᠪᠠᠨ ᠰᠡᠷᠭᠦᠭᠡᠭᠰᠡᠨ 50 ᠵᠢᠯ ᠤᠨ ᠤᠢ ᠪᠣᠯᠤᠨ᠎ᠠ᠂ ᠳᠤᠮᠳᠠᠳᠤ ᠤᠯᠤᠰ ᠡᠨᠡ ᠬᠦ ᠲᠡᠦᠬᠡᠲᠦ ᠴᠢᠨᠠᠷᠲᠠᠢ ᠬᠡᠷᠡᠭ ᠶᠠᠪᠤᠳᠠᠯ ᠢ ᠦᠪᠡᠳᠡᠭᠰᠢ ᠶᠡᠭᠡ ᠪᠠᠷ ᠳᠤᠷᠠᠰᠬᠠᠬᠤ ᠪᠣᠯᠤᠨ᠎ᠠ᠃ ᠪᠢᠳᠡ ᠳᠤᠮᠳᠠᠳᠤ ᠤᠯᠤᠰ ᠪᠣᠯᠤᠨ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠬᠠᠮᠲᠤᠷᠠᠯᠴᠠᠭ᠎ᠠ ᠶᠢᠨ ᠰᠢᠨ᠎ᠡ ᠳᠡᠭᠲᠡᠷ ᠲᠤ ᠭᠠᠷᠬᠤ ᠶᠢ ᠦᠷᠭᠦᠯᠵᠢᠯᠡᠨ ᠢᠳᠡᠪᠬᠢᠲᠡᠢ ᠠᠬᠢᠭᠤᠯᠵᠤ᠂ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠡᠷᠬᠢᠮ ᠳᠡᠭᠡᠳᠦ ᠦᠢᠯᠡᠰ ᠲᠤ ᠲᠠᠰᠤᠷᠠᠯᠳᠠ ᠦᠭᠡᠢ ᠨᠡᠩ ᠶᠡᠭᠡ ᠰᠢᠨ᠎ᠡ ᠬᠤᠪᠢ ᠨᠡᠮᠡᠷᠢ ᠦᠵᠡᠭᠦᠯᠦᠨ᠎ᠡ ᠬᠡᠵᠥ ᠵᠢᠭᠠᠵᠥ ᠭᠠᠷᠭᠠᠪᠠ᠃      ᠰᠢ ᠶᠢᠨ ᠫᠢᠩ᠂ ᠨᠢᠭᠡ ᠵᠢᠯ ᠤᠨ ᠡᠮᠦᠨ᠎ᠡ᠂ ᠡᠯ᠎ᠡ ᠤᠯᠤᠰ ᠤᠨ ᠤᠳᠤᠷᠢᠳᠬᠤ ᠬᠥᠮᠦᠰ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠪᠠᠶᠢᠭᠤᠯᠤᠭᠳᠠᠭᠰᠠᠨ 75 ᠵᠢᠯ ᠤᠨ ᠤᠢ ᠶᠢᠨ ᠰᠢᠷᠢᠰ ᠲᠦᠷᠦᠭᠦᠴᠦᠳ ᠤᠨ ᠬᠤᠷᠠᠯ ᠳᠤ ᠣᠷᠣᠯᠴᠠᠵᠤ᠂ ᠬᠠᠮᠲᠤᠷᠠᠯᠴᠠᠵᠤ ᠪᠠᠶᠢᠭᠠᠳ ᠬᠢᠵᠢᠭ ᠲᠠᠢ ᠲᠡᠮᠡᠴᠡᠵᠦ᠂ ᠭᠠᠷ ᠬᠤᠯᠪᠣᠯᠴᠠᠨ ᠥᠷᠢᠰᠥᠯᠳᠦᠭᠡᠨ ᠢ ᠠᠷᠭᠠᠴᠠᠭᠠᠵᠤ᠂ ᠤᠯᠠᠨ ᠲᠠᠯᠠᠲᠤ ᠦᠵᠡᠯ ᠢ ᠪᠠᠷᠢᠮᠲᠠᠯᠠᠵᠤ᠂ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠦᠢᠯᠡᠳᠦᠯ ᠢ ᠴᠢᠩᠭᠠᠳᠬᠠᠵᠤ᠂ ᠤᠳᠤ ᠦᠶ᠎ᠡ ᠪᠠ ᠬᠤᠶᠢᠰᠢᠳᠠ ᠶᠢᠨ ᠦᠶ᠎ᠡ ᠶᠢᠨ ᠬᠠᠮᠲᠤ ᠶᠢᠨ ᠢᠷᠡᠭᠡᠳᠦᠢ ᠶᠢ ᠴᠣᠭᠴᠠᠯᠠᠨ ᠪᠠᠶᠢᠭᠤᠯᠤᠨ᠎ᠠ ᠭᠡᠵᠦ ᠠᠮᠠᠯᠳᠠᠪᠠ᠃ ᠨᠢᠭᠡ ᠵᠢᠯ ᠤᠨ ᠲᠤᠷᠰᠢ᠂ ᠳᠡᠯᠡᠬᠡᠢ ᠳ᠋ᠠᠬᠢᠨ ᠳᠤ ᠵᠠᠭᠤᠨ ᠵᠢᠯ ᠳᠤ ᠲᠣᠬᠢᠶᠠᠯᠳᠤᠭ᠎ᠠ ᠦᠭᠡᠢ ᠶᠡᠭᠡ ᠬᠤᠪᠢᠰᠤᠯᠲᠠ ᠪᠣᠯᠤᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠪᠦᠬᠦ ᠪᠥᠮᠪᠥᠷᠴᠡᠭ ᠲᠤ ᠶᠡᠭᠡ ᠪᠠᠷ ᠳᠡᠯᠭᠡᠷᠡᠭᠰᠡᠨ ᠨᠥᠯᠥᠭᠡ ᠰᠣᠯᠪᠢᠴᠠᠪᠠ᠃ ᠡᠯ᠎ᠡ ᠤᠯᠤᠰ ᠤᠨ ᠠᠷᠠᠳ ᠲᠦᠮᠡᠨ ᠤ ᠡᠩᠬᠡ ᠲᠠᠶᠢᠪᠤᠩ ᠬᠥᠭᠵᠢᠯᠲᠡ ᠶᠢᠨ ᠲᠤᠬᠠᠢ ᠬᠦᠰᠡᠯ ᠡᠷᠡᠮᠡᠯᠵᠡᠯ ᠨᠡᠩ ᠴᠢᠩᠭᠠᠷᠠᠵᠥ᠂ ᠲᠥᠪ ᠭᠤᠣᠯᠴᠢ ᠰᠢᠳᠤᠷᠭᠤ ᠶᠣᠰᠣᠨ ᠤ ᠲᠤᠬᠠᠢ ᠬᠦᠰᠡᠯ ᠱᠠᠭᠠᠷᠳᠠᠯᠭ᠎ᠠ ᠨᠡᠩ ᠴᠢᠩᠭᠠᠷᠠᠵᠥ᠂ ᠬᠠᠮᠲᠤᠷᠠᠯᠴᠠᠵᠥ ᠬᠠᠮᠲᠤ ᠪᠠᠷ ᠠᠰᠢᠭ ᠬᠦᠷᠲᠡᠬᠦ ᠲᠤᠬᠠᠢ ᠬᠥᠭᠡᠭᠡᠴᠡᠯᠳᠦᠯ ᠨᠡᠩ ᠪᠠᠲᠤ ᠴᠢᠩᠭ᠎ᠠ ᠪᠤᠯᠵᠠᠢ ᠬᠡᠵᠥ ᠴᠢᠬᠤᠯᠠᠴᠢᠯᠠᠪᠠ᠃      ᠰᠢ ᠶᠢᠨ ᠫᠢᠩ᠂ ᠣᠳᠣᠬᠠᠨ ᠳᠤ᠂ ᠬᠢᠵᠢᠭ ᠤᠨ ᠪᠠᠶᠢᠳᠠᠯ ᠮᠥᠨ ᠬᠦ ᠪᠦᠬᠦ ᠪᠥᠮᠪᠥᠷᠴᠡᠭ ᠲᠤ ᠦᠷᠪᠢᠰᠦᠨ ᠳᠡᠯᠭᠡᠷᠡᠵᠦ᠂ ᠬᠥᠮᠦᠨ ᠲᠥᠷᠥᠯᠬᠢᠲᠡᠨ ᠤ ᠨᠡᠶᠢᠭᠡᠮ ᠳᠤ ᠨᠢᠭᠡᠨᠲᠡ ᠭᠦᠨᠵᠡᠭᠡᠢ ᠬᠤᠪᠢᠷᠠᠯᠳᠡ ᠡᠬᠦᠰᠬᠡᠵᠡᠢ᠃ ᠳᠡᠯᠡᠬᠡᠢ ᠳ᠋ᠠᠬᠢᠨ ᠰᠢᠨ᠎ᠡ ᠣᠷᠤᠭ᠎ᠠ ᠪᠤᠰᠬᠠᠭ᠎ᠠ ᠬᠤᠪᠢᠰᠤᠯᠲᠠ ᠶᠢᠨ ᠬᠤᠭᠤᠴᠠᠭᠠᠨ ᠳᠤ ᠣᠷᠣᠪᠠ᠃ ᠬᠠᠷᠢᠭᠤᠴᠠᠯᠭ᠎ᠠ ᠲᠠᠢ ᠤᠯᠤᠰ ᠲᠦᠷᠦᠴᠢᠨ ᠨᠢᠭᠡᠪᠦᠷᠢ ᠡᠷᠬᠡᠪᠰᠢ ᠢᠲᠡᠭᠡᠯ ᠵᠣᠷᠢᠭ᠂ ᠰᠥᠰᠥ ᠵᠣᠷᠢᠭ᠂ ᠡᠭᠦᠷᠭᠡᠯᠡᠯ ᠢᠶᠠᠷ ᠴᠠᠭ ᠦᠶ᠎ᠡ ᠶᠢᠨ ᠰᠡᠳᠦᠪ ᠢ ᠬᠠᠷᠢᠭᠤᠯᠵᠤ᠂ ᠲᠡᠦᠬᠡ ᠶᠢᠨ ᠰᠣᠩᠭᠤᠯᠲᠠ ᠬᠢᠬᠦ ᠬᠡᠷᠡᠭᠲᠡᠢ᠃      ᠨᠢᠭᠡᠳᠦᠭᠡᠷ ᠲᠤ᠂ ᠪᠢᠳᠡ ᠡᠷᠬᠡᠪᠰᠢ ᠬᠢᠵᠢᠭ ᠤᠨ ᠪᠠᠶᠢᠳᠠᠯ ᠢ ᠢᠯᠠᠨ ᠳᠠᠪᠠᠵᠤ᠂ ᠬᠥᠮᠦᠨ ᠲᠥᠷᠥᠯᠬᠢᠲᠡᠨ ᠤ ᠢᠷᠡᠭᠡᠳᠦᠢ ᠬᠤᠪᠢ ᠵᠠᠶᠠᠭ᠎ᠠ ᠳᠤ ᠬᠤᠯᠪᠣᠭᠳᠠᠬᠤ ᠡᠨᠡ ᠬᠦ ᠴᠢᠬᠤᠯᠠ ᠶᠡᠭᠡ ᠲᠡᠮᠡᠴᠡᠯ ᠳᠤ ᠢᠯᠠᠯᠳᠠ ᠤᠯᠬᠤ ᠬᠡᠷᠡᠭᠲᠡᠢ᠃ ᠬᠥᠮᠦᠨ ᠲᠥᠷᠥᠯᠬᠢᠲᠡᠨ ᠶᠡᠷᠦ ᠨᠢ ᠥᠷᠢᠰᠥᠯᠳᠦᠭᠡᠨ ᠢ ᠲᠠᠰᠤᠷᠠᠯᠲᠠ ᠦᠭᠡᠢ ᠢᠯᠠᠨ ᠳᠠᠪᠠᠭ᠋ᠤ ᠳᠤᠮᠳᠠ ᠨᠠᠩ ᠶᠡᠭᠡ ᠬᠥᠭᠵᠢᠯᠲᠡ ᠪᠠ ᠳᠠᠪᠰᠢᠯᠲᠠ ᠶᠢ ᠪᠡᠶᠡᠯᠡᠭᠦᠯᠳᠡᠭ᠃ ᠪᠢᠳᠡ ᠠᠷᠠᠳ ᠲᠦᠮᠡᠨ ᠢ ᠳᠡᠭᠡᠳᠦᠯᠡᠬᠦ᠂ ᠠᠮᠢ ᠨᠠᠰᠤ ᠶᠢ ᠳᠡᠭᠡᠳᠦᠯᠡᠬᠦ ᠶᠢ ᠪᠠᠷᠢᠮᠲᠠᠯᠠᠵᠤ᠂ ᠰᠢᠨᠵᠢᠯᠡᠬᠦ ᠤᠬᠠᠭᠠᠨᠴᠢ ᠵᠣᠷᠢᠭ ᠰᠠᠨᠠᠭ᠎ᠠ ᠶᠢ ᠪᠠᠳᠠᠷᠠᠭᠤᠯᠵᠤ᠂ ᠰᠢᠨᠵᠢᠯᠡᠬᠦ ᠤᠬᠠᠭᠠᠨᠴᠢ ᠣᠪᠣᠷ ᠢ ᠪᠠᠷᠢᠮᠲᠠᠯᠠᠵᠤ᠂ ᠰᠢᠨᠵᠢᠯᠡᠬᠦ ᠤᠬᠠᠭᠠᠨᠴᠢ ᠵᠢᠮ᠎ᠡ ᠶᠣᠰᠣ ᠶᠢ ᠵᠢᠷᠤᠮᠯᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠢ ᠨᠡᠶᠢᠭᠡᠮ ᠤᠨ ᠬᠥᠭᠵᠢᠯᠲᠡ ᠶᠢ ᠨᠢᠭᠡᠳᠦᠯᠲᠡᠢ ᠲᠥᠯᠥᠪᠵᠢᠭᠦᠯᠵᠦ᠂ ᠤᠯᠠᠨ ᠤᠯᠤᠰ ᠤᠨ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠬᠦ ᠶᠢ ᠴᠢᠩᠭᠠᠳᠬᠠᠬᠤ ᠬᠡᠷᠡᠭᠲᠡᠢ᠃ ᠸᠠᠺᠼᠢᠨ ᠢ ᠪᠥᠬᠦ ᠪᠥᠮᠪᠥᠷᠴᠡᠭ ᠤᠨ ᠣᠯᠠᠨ ᠨᠡᠶᠢᠲᠡ ᠶᠢᠨ ᠦᠢᠯᠡᠳᠬᠦᠨ ᠪᠣᠯᠭᠠᠵᠤ᠂ ᠬᠥᠭᠵᠢᠵᠦ ᠪᠠᠶᠢᠭ᠎ᠠ ᠤᠯᠤᠰ ᠤᠳ ᠤᠨ ᠭᠥᠷᠳᠡᠵᠦ ᠪᠣᠯᠬᠤᠶᠢᠴᠠ ᠴᠢᠨᠠᠷ ᠪᠠ ᠡᠭᠦᠷᠭᠡᠯᠡᠵᠦ ᠪᠣᠯᠬᠤᠶᠢᠴᠠ ᠴᠢᠨᠠᠷ ᠢ ᠦᠨᠡᠨ ᠬᠦ ᠪᠠᠲᠤᠯᠠᠬᠤ ᠳᠤ ᠪᠥᠬᠦ ᠳᠡᠯᠡᠬᠡᠶ ᠶᠢᠨ ᠬᠡᠪᠴᠢᠶᠡᠨ ᠳᠤ ᠸᠠᠺᠼᠢᠨ ᠢ ᠲᠥᠪ ᠭᠤᠤᠯᠴᠢ ᠵᠦᠶ ᠵᠣᠬᠢᠰᠲᠠᠶ ᠪᠠᠷ ᠬᠤᠪᠢᠶᠠᠷᠢᠯᠠᠬᠤ ᠪᠣᠯ ᠣᠳᠣᠬᠠᠨ ᠤ ᠪᠠᠴᠢᠮ ᠡᠭᠦᠷᠭᠡ ᠪᠣᠯᠤᠨ᠎ᠠ᠃ ᠳᠤᠮᠳᠠᠳᠤ ᠤᠯᠤᠰ ᠪᠥᠬᠦ ᠵᠢᠯ ᠳᠤ ᠭᠠᠳᠠᠭᠠᠳᠤ ᠳᠤ 20 ᠳ᠋ᠦᠩᠰᠢᠭᠤᠷ ᠸᠠᠺᠼᠢᠨ ᠬᠠᠩᠭᠠᠵᠤ᠂ ︽ᠰᠢᠨ᠎ᠡ ᠲᠢᠲᠢᠮᠯᠢᠭ ᠠᠭᠤᠰᠬᠢᠨ ᠦᠷᠪᠢᠰᠦᠯ ᠢ ᠰᠡᠷᠬᠡᠶᠢᠯᠡᠬᠦ ᠸᠠᠺᠼᠢᠨ ᠤ ᠬᠡᠷᠡᠭᠵᠢᠭᠦᠯᠬᠦ ᠲᠥᠯᠥᠪᠯᠡᠭᠡ︾ ᠳᠤ 1 ᠳ᠋ᠦᠩᠰᠢᠭᠤᠷ ᠳ᠋ᠣᠯᠯᠠᠷ ᠬᠠᠨᠳᠢᠪᠯᠠᠭᠰᠠᠨ ᠰᠠᠭᠤᠷᠢᠨ ᠳᠡᠭᠡᠷ᠎ᠡ᠂ ᠡᠨᠡ ᠵᠢᠯ ᠬᠥᠭᠵᠢᠵᠦ ᠪᠠᠶᠢᠭ᠎ᠠ ᠤᠯᠤᠰ ᠲᠤ ᠳᠠᠬᠢᠨ 1 ᠳ᠋ᠦᠩᠰᠢᠭᠤᠷ ᠸᠠᠺᠼᠢᠨ ᠢ ᠦᠨ᠎ᠡ ᠲᠥᠯᠥᠪᠦᠷᠢ ᠥᠬᠡᠶ ᠪᠠᠷ ᠬᠠᠨᠳᠢᠪᠯᠠᠬᠤ ᠪᠤᠯᠤᠨ᠎ᠠ᠃ ᠳᠤᠮᠳᠠᠳᠤ ᠤᠯᠤᠰ ᠪᠦᠬᠦ ᠪᠥᠮᠪᠥᠷᠴᠡᠭ ᠤᠨ ᠰᠢᠨᠵᠢᠯᠡᠬᠦ ᠤᠬᠠᠭᠠᠨᠴᠢ ᠪᠠᠷ ᠡᠬᠢ ᠡᠬᠦᠰᠦᠯ ᠤᠨ ᠮᠦᠷᠳᠡᠯᠳᠡ ᠬᠢᠬᠦ ᠶᠢ ᠦᠷᠭᠦᠯᠵᠢᠯᠡᠨ ᠳᠡᠮᠵᠢᠬᠦ ᠪᠥᠭᠡᠳ ᠣᠷᠣᠯᠴᠠᠵᠤ᠂ ᠶᠠᠮᠠᠷᠪᠠ ᠬᠡᠯᠪᠡᠷᠢ ᠶᠢᠨ ᠤᠯᠤᠰ ᠲᠦᠷᠦ ᠶᠢᠨ ᠥᠳᠥᠭᠡᠯᠭᠡ ᠶᠢ ᠡᠷᠡᠰ ᠡᠰᠡᠷᠭᠦᠴᠡᠨ᠎ᠡ᠃      ᠬᠤᠶᠠᠳᠤᠭᠠᠷ ᠲᠤ᠂ ᠪᠢᠳᠡ ᠡᠷᠬᠡᠪᠰᠢ ᠠᠵᠤ ᠠᠬᠤᠢ ᠪᠠᠨ ᠰᠡᠷᠭᠦᠭᠡᠵᠦ᠂ ᠨᠡᠩ ᠬᠦᠴᠦᠲᠡᠢ᠂ ᠪᠣᠬᠢᠷᠲᠤᠯ ᠦᠭᠡᠢ᠂ ᠡᠷᠡᠭᠦᠯ ᠪᠦᠬᠦᠢ ᠪᠦᠬᠦ ᠪᠥᠮᠪᠥᠷᠴᠡᠭ ᠤᠨ ᠬᠥᠭᠵᠢᠯᠲᠡ ᠶᠢ ᠪᠡᠶᠡᠯᠡᠭᠦᠯᠬᠦ ᠶᠢ ᠠᠬᠢᠭᠤᠯᠵᠤ᠂ ᠪᠦᠬᠦ ᠪᠥᠮᠪᠥᠷᠴᠡᠭ ᠤᠨ ᠬᠥᠭᠵᠢᠯᠲᠡ ᠶᠢᠨ ᠲᠡᠩᠴᠡᠭᠦᠷᠢᠲᠡᠢ ᠵᠣᠬᠢᠴᠠᠩᠭᠤᠢ ᠪᠠᠭᠲᠠᠭᠠᠮᠵᠢᠲᠠᠢ ᠰᠢᠨ᠎ᠡ ᠱᠠᠲᠤᠨ ᠳᠤ ᠣᠷᠣᠬᠤ ᠶᠢ ᠬᠠᠮᠲᠤ ᠪᠠᠷ ᠠᠬᠢᠭᠤᠯᠬᠤ ᠭᠡᠷᠡᠭᠳᠠᠢ᠃      ᠰᠢ ᠶᠢᠨ ᠫᠢᠩ ᠪᠦᠬᠦ ᠪᠥᠮᠪᠥᠷᠴᠡᠭ ᠤᠨ ᠬᠥᠭᠵᠢᠯᠲᠡ ᠶᠢᠨ ᠰᠠᠨᠠᠭᠠᠴᠢᠯᠠᠭ᠎ᠠ ᠶᠢ ᠳᠤᠷᠠᠳᠪᠠ᠄      ᠨᠢᠭᠡ ᠳᠤ᠂ ᠬᠥᠭᠵᠢᠭᠦᠯᠬᠦ ᠶᠢ ᠲᠡᠷᠢᠭᠦᠨ ᠳᠤ ᠲᠠᠯᠪᠢᠬᠤ ᠶᠢ ᠪᠠᠷᠢᠮᠲᠠᠯᠠᠶ᠎ᠡ᠃ ᠬᠥᠭᠵᠢᠯᠲᠡ ᠶᠢ ᠪᠦᠬᠦ ᠪᠥᠮᠪᠥᠷᠴᠡᠭ ᠤᠨ ᠬᠤᠷᠸ᠎ᠠ ᠲᠦᠷᠦ ᠶᠢᠨ ᠪᠤᠳᠤᠯᠭ᠎ᠠ ᠶᠢᠨ ᠪᠣᠷᠣ ᠲᠥᠯᠥᠪ ᠤᠨ ᠲᠤᠪᠤᠶᠢᠮ᠎ᠠ ᠪᠠᠶᠢᠷᠢᠨ ᠳᠤ ᠲᠠᠯᠪᠢᠵᠤ᠂ ᠭᠤᠣᠯ ᠪᠣᠯᠬᠤ ᠠᠵᠤ ᠠᠬᠤᠢ ᠶᠢᠨ ᠴᠣᠭᠴᠠ ᠶᠢᠨ ᠲᠦᠷᠦ ᠶᠢᠨ ᠪᠤᠳᠤᠯᠭ᠎ᠠ ᠶᠢᠨ ᠵᠣᠬᠢᠴᠠᠭᠤᠯᠭ᠎ᠠ ᠶᠢ ᠴᠢᠩᠭᠠᠳᠬᠠᠵᠤ᠂ ᠦᠷᠬᠦᠯᠵᠢᠯᠡᠬᠦ ᠴᠢᠨᠠᠷ᠂ ᠲᠣᠭᠲᠠᠪᠤᠷᠢᠲᠤ ᠴᠢᠨᠠᠷ᠂ ᠦᠷᠭᠦᠯᠵᠢᠯᠡᠬᠦ᠋ᠢᠴᠡ ᠴᠢᠨᠠᠷ ᠢ ᠪᠠᠲᠤᠯᠠᠵᠤ᠂ ᠨᠡᠩ ᠡᠷᠬᠡ ᠲᠡᠭᠰᠢ ᠲᠡᠩᠴᠡᠭᠦᠷᠢᠲᠡᠢ ᠪᠦᠬᠦ ᠪᠥᠮᠪᠥᠷᠴᠡᠭ ᠤᠨ ᠬᠥᠭᠵᠢᠯᠲᠡ ᠶᠢᠨ ᠬᠠᠨᠢᠲᠠᠨ ᠤ ᠬᠠᠷᠢᠯᠴᠠᠭ᠎ᠠ ᠶᠢ ᠪᠠᠶᠢᠭᠤᠯᠵᠤ᠂ ᠤᠯᠠᠨ ᠲᠠᠯᠠᠲᠤ ᠬᠥᠭᠵᠢᠯᠲᠡ ᠶᠢᠨ ᠬᠠᠮᠲᠤᠷᠠᠯᠴᠠᠭᠠᠨ ᠤ ᠠᠬᠢᠴᠠ ᠶᠢᠨ ᠬᠠᠮᠵᠢᠯᠴᠠᠨ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠵᠤ᠂ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ 2030 ᠣᠨ ᠤ ᠦᠷᠭᠦᠯᠵᠢᠯᠡᠬᠦ ᠬᠥᠭᠵᠢᠯᠲᠡ ᠶᠢᠨ ᠵᠥᠪᠯᠡᠬᠦ ᠵᠦᠢᠯ ᠢ ᠲᠦᠷᠭᠡᠨ ᠨᠠᠶᠢᠳᠠᠪᠤᠷᠢᠵᠢᠭᠤᠯᠤᠶ᠎ᠡ᠃      ᠬᠤᠶᠠᠷ ᠲᠤ᠂ ᠠᠷᠠᠳ ᠲᠦᠮᠡᠨ ᠢᠶᠠᠷ ᠭᠤᠣᠯ ᠪᠣᠯᠭᠠᠬᠤ ᠶᠢ ᠪᠠᠷᠢᠮᠲᠠᠯᠠᠶ᠎ᠡ᠃ ᠬᠥᠭᠵᠢᠯᠲᠡ ᠶᠢᠨ ᠳᠤᠮᠳᠠ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠵᠤ᠂ ᠬᠥᠮᠦᠨ ᠤ ᠡᠷᠬᠡ ᠶᠢ ᠬᠠᠮᠠᠭᠠᠯᠠᠨ ᠠᠬᠢᠭᠤᠯᠵᠤ᠂ ᠠᠷᠠᠳ ᠲᠦᠮᠡᠨ ᠤ ᠲᠥᠯᠥᠭᠡ ᠬᠥᠭᠵᠢᠭᠦᠯᠬᠦ᠂ ᠬᠥᠭᠵᠢᠭᠦᠯᠬᠦ ᠳᠤ ᠠᠷᠠᠳ ᠲᠦᠮᠡᠨ ᠢ ᠲᠦᠰᠢᠭᠯᠡᠬᠦ᠂ ᠬᠥᠭᠵᠢᠯᠲᠡ ᠶᠢᠨ ᠦᠷ᠎ᠡ ᠪᠦᠲᠦᠭᠡᠯ ᠢ ᠠᠷᠠᠳ ᠲᠦᠮᠡᠨ ᠳᠤ ᠬᠠᠮᠲᠤ ᠪᠠᠷ ᠡᠳ᠋ᠯᠡᠭᠦᠯᠬᠦ ᠶᠢ ᠪᠡᠶᠡᠯᠡᠭᠦᠯᠵᠦ᠂ ᠠᠷᠠᠳ ᠤᠯᠠᠨ ᠤ ᠵᠢᠷᠭᠠᠯᠲᠤ ᠲᠦᠷᠦᠭᠳᠡᠯ᠂ ᠬᠦᠷᠲᠡᠮᠵᠢ ᠶᠢᠨ ᠲᠦᠷᠦᠭᠳᠡᠯ᠂ ᠠᠮᠤᠷ ᠲᠦᠪᠰᠢᠨ ᠤ ᠲᠦᠷᠦᠭᠳᠡᠯ ᠢ ᠲᠠᠰᠤᠷᠠᠯᠳᠠ ᠦᠭᠡᠢ ᠨᠡᠮᠡᠭᠳᠡᠭᠦᠯᠵᠦ᠂ ᠬᠥᠮᠦᠨ ᠤ ᠪᠦᠬᠦ ᠲᠠᠯ᠎ᠠ ᠶᠢᠨ ᠬᠥᠭᠵᠢᠯᠲᠡ ᠶᠢ ᠪᠡᠶᠡᠯᠡᠭᠦᠯᠦᠶ᠎ᠡ᠃      ᠭᠤᠷᠪᠠ ᠳᠤ᠂ ᠲᠦᠭᠡᠮᠡᠯ ᠬᠠᠷᠠᠭᠠᠯᠵᠠᠯᠲᠤ ᠪᠠᠭᠲᠠᠭᠠᠮᠵᠢᠲᠠᠢ ᠪᠠᠶᠢᠬᠤ ᠶᠢ ᠪᠠᠷᠢᠮᠲᠠᠯᠠᠶ᠎ᠡ᠃ ᠬᠥᠭᠵᠢᠵᠦ ᠪᠠᠶᠢᠭ᠎ᠠ ᠤᠯᠤᠰ ᠤᠳ ᠤᠨ ᠣᠨᠴᠠᠭᠠᠢ ᠬᠡᠷᠡᠭᠴᠡᠭᠡ ᠶᠢ ᠠᠩᠬᠠᠷᠴᠤ᠂ ᠥᠷᠢ ᠥᠭᠴᠡᠭᠡ ᠶᠢ ᠬᠤᠶᠢᠰᠢᠯᠠᠭᠤᠯᠬᠤ᠂ ᠬᠥᠭᠵᠢᠯᠲᠡ ᠶᠢᠨ ᠲᠤᠰᠠᠯᠠᠮᠵᠢ ᠦᠵᠡᠭᠦᠯᠬᠦ ᠵᠡᠷᠭᠡ ᠠᠷᠭ᠎ᠠ ᠬᠡᠯᠪᠡᠷᠢ ᠪᠠᠷ ᠳᠠᠮᠵᠢᠭᠤᠯᠤᠨ ᠬᠥᠭᠵᠢᠵᠦ ᠪᠠᠶᠢᠭ᠎ᠠ ᠤᠯᠤᠰ ᠢᠯᠠᠩᠭᠤᠶ᠎ᠠ ᠣᠨᠴᠠᠭᠠᠢ ᠶᠡᠭᠡ ᠬᠦᠴᠢᠷᠳᠡᠯᠲᠡᠶ ᠪᠠᠭᠤᠷᠠᠢ ᠤᠯᠤᠰ ᠢ ᠲᠡᠮᠵᠢᠵᠤ᠂ ᠤᠯᠤᠰ ᠤᠨ ᠬᠤᠭᠤᠷᠣᠨᠳᠣᠬᠢ ᠪᠠ ᠡᠯ᠎ᠡ ᠤᠯᠤᠰ ᠤᠨ ᠳᠣᠲᠣᠭᠠᠳᠤ ᠶᠢᠨ ᠬᠥᠭᠵᠢᠯᠲᠡ ᠲᠡᠩᠴᠡᠭᠦᠷᠢ ᠦᠭᠡᠢ᠂ ᠭᠦᠢᠴᠡᠳ ᠦᠭᠡᠢ ᠪᠠᠶᠢᠬᠤ ᠠᠰᠠᠭᠤᠳᠠᠯ ᠢ ᠬᠦᠴᠦᠯᠡᠨ ᠰᠢᠢᠳᠪᠦᠷᠢᠯᠡᠶ᠎ᠡ᠃      ᠳᠥᠷᠪᠡ ᠳᠤ᠂ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ ᠶᠢ ᠪᠠᠷᠢᠮᠲᠠᠯᠠᠶ᠎ᠡ᠃ ᠰᠢᠨ᠎ᠡ ᠨᠢᠭᠡ ᠡᠭᠡᠯᠵᠢ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠤᠪᠢᠰᠬᠠᠯ ᠪᠣᠯᠤᠨ ᠠᠵᠤ ᠦᠢᠯᠡᠰ ᠤᠨ ᠬᠤᠪᠢᠰᠤᠯᠲᠠ ᠶᠢᠨ ᠲᠡᠦᠬᠡᠲᠦ ᠴᠢᠨᠠᠷᠲᠠᠢ ᠠᠵᠠ ᠲᠣᠬᠢᠶᠠᠯ ᠢ ᠠᠮᠵᠢᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠢ ᠪᠣᠳᠠᠲᠤ ᠦᠢᠯᠡᠳᠪᠦᠷᠢᠯᠡᠯ ᠤᠨ ᠬᠦᠴᠦᠨ ᠪᠣᠯᠭᠠᠨ ᠤᠨᠳᠤᠤᠰᠢᠭᠤᠯᠬᠤ ᠶᠢ ᠲᠦᠷᠭᠡᠳᠬᠡᠵᠦ᠂ ᠨᠡᠭᠡᠭᠡᠯᠲᠡᠲᠦ᠂ ᠡᠷᠬᠡ ᠲᠡᠭᠰᠢ᠂ ᠲᠥᠪ ᠭᠤᠣᠯᠴᠢ᠂ ᠭᠠᠳᠠᠭᠤᠷᠴᠢᠯᠠᠯ ᠤᠨ ᠪᠤᠰᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠥᠭᠵᠢᠯᠲᠡ ᠶᠢᠨ ᠣᠷᠴᠢᠨ ᠲᠣᠭᠤᠷᠢᠨ ᠢ ᠪᠤᠢ ᠪᠣᠯᠭᠠᠵᠤ᠂ ᠬᠢᠵᠢᠭ ᠤᠨ ᠳᠠᠷᠠᠭᠠᠬᠢ ᠠᠵᠤ ᠠᠬᠤᠢ ᠶᠢᠨ ᠨᠡᠮᠡᠭᠳᠡᠯ ᠤᠨ ᠰᠢᠨ᠎ᠡ ᠬᠥᠳᠡᠯᠭᠡᠬᠦ ᠡᠨᠧᠷᠭᠢ ᠶᠢ ᠠᠭᠤᠳᠠᠯᠵᠤ᠂ ᠳᠠᠪᠠᠯᠳᠠᠳᠤ ᠬᠥᠭᠵᠢᠯᠲᠡ ᠶᠢ ᠭᠠᠷ ᠬᠤᠯᠪᠣᠨ ᠪᠡᠶᠡᠯᠡᠭᠦᠯᠦᠶ᠎ᠡ᠃      ᠲᠠᠪᠤ ᠳᠤ᠂ ᠬᠥᠮᠦᠨ ᠪᠠᠶᠢᠭᠠᠯᠢ ᠶᠢᠨ ᠡᠶ᠎ᠡ ᠵᠣᠬᠢᠴᠠᠩᠭᠤᠢ ᠬᠠᠮᠲᠤ ᠪᠠᠷ ᠣᠷᠣᠰᠢᠬᠤ ᠶᠢ ᠪᠠᠷᠢᠮᠲᠠᠯᠠᠶ᠎ᠡ᠃ ᠪᠦᠬᠦ ᠪᠥᠮᠪᠥᠷᠴᠡᠭ ᠤᠨ ᠣᠷᠴᠢᠨ ᠲᠤᠭᠤᠷᠢᠨ ᠤ ᠵᠠᠰᠠᠯᠲᠠ ᠶᠢ ᠲᠡᠭᠦᠯᠳᠡᠷᠵᠢᠭᠦᠯᠵᠦ᠂ ᠠᠭᠤᠷ ᠠᠮᠢᠰᠬᠤᠯ ᠤᠨ ᠬᠤᠪᠢᠷᠠᠯᠲᠠ ᠶᠢ ᠢᠳᠡᠪᠬᠢᠲᠡᠢ ᠠᠷᠭᠠᠴᠠᠭᠠᠵᠤ᠂ ᠬᠥᠮᠦᠨ ᠪᠠᠶᠢᠭᠠᠯᠢ ᠶᠢᠨ ᠠᠮᠢ ᠨᠠᠰᠤᠨ ᠤ ᠬᠠᠮᠲᠤ ᠴᠣᠭᠴᠠ ᠶᠢ ᠪᠠᠶᠢᠭᠤᠯᠤᠶ᠎ᠡ᠃ ᠪᠣᠬᠢᠷᠲᠤᠯ ᠦᠭᠡᠢ ᠲᠤᠤᠷ᠎ᠡ ᠨᠡᠭᠦᠷᠡᠰᠦᠲᠥ᠋ᠷᠥᠭᠴᠢᠳᠤ ᠬᠡᠯᠪᠡᠷᠢ ᠶᠢᠨ ᠬᠤᠪᠢᠷᠠᠭᠤᠯᠤᠯᠲᠠ ᠶᠢ ᠲᠦᠷᠭᠡᠳᠬᠡᠵᠦ᠂ ᠪᠣᠬᠢᠷᠲᠤᠯ ᠦᠭᠡᠢ ᠰᠡᠷᠭᠦᠯᠲᠡ ᠬᠥᠭᠵᠢᠯᠲᠡ ᠶᠢ ᠪᠡᠶᠡᠯᠡᠭᠦᠯᠦᠶ᠎ᠡ᠃ ᠳᠤᠮᠳᠠᠳᠤ ᠤᠯᠤᠰ 2030 ᠣᠨ ᠠᠴᠠ ᠡᠮᠦᠨ᠎ᠡ ᠨᠡᠭᠦᠷᠡᠰᠦᠲᠥ᠋ᠷᠥᠭᠴᠢ ᠶᠢᠨ ᠭᠠᠳᠠᠬᠰᠢᠯᠠᠭᠤᠯᠤᠯᠳᠠ ᠶᠢ ᠤᠷᠬᠢᠯ ᠬᠡᠮᠵᠢᠭᠳᠡᠯ ᠳᠤ ᠬᠦᠷᠭᠡᠵᠦ᠂ 2060 ᠣᠨ ᠠᠴᠠ ᠡᠮᠦᠨ᠎ᠡ ᠨᠡᠭᠦᠷᠡᠰᠦᠲᠥ᠋ᠷᠥᠭᠴᠢ ᠶᠢ ᠰᠠᠭᠠᠷᠮᠠᠭᠵᠢᠭᠤᠯᠬᠤ ᠶᠢ ᠪᠡᠶᠡᠯᠡᠭᠦᠯᠬᠦ ᠪᠠᠷ ᠴᠢᠷᠮᠠᠶᠢᠨ᠎ᠠ᠂ ᠡᠭᠦᠨ ᠳᠤ ᠬᠠᠲᠠᠭᠤᠵᠢᠯᠲᠠᠢ ᠴᠢᠷᠮᠠᠶᠢᠯᠭ᠎ᠠ ᠭᠠᠷᠭᠠᠬᠤ ᠴᠢᠬᠤᠯᠠᠲᠠᠢ᠂ ᠭᠡᠪᠡᠴᠦ ᠪᠢᠳᠡ ᠪᠦᠬᠦ ᠬᠦᠴᠦᠨ ᠢᠶᠠᠷ ᠢᠶᠠᠨ ᠴᠢᠷᠮᠠᠶᠢᠬᠤ ᠪᠤᠯᠤᠨ᠎ᠠ᠃ ᠳᠤᠮᠳᠠᠳᠤ ᠤᠯᠤᠰ ᠬᠥᠭᠵᠢᠵᠦ ᠪᠠᠶᠢᠭ᠎ᠠ ᠤᠯᠤᠰ ᠤᠳ ᠤᠨ ᠡᠨᠧᠷᠭᠢ ᠶᠢᠨ ᠪᠣᠬᠢᠷᠲᠤᠯ ᠦᠭᠡᠢ ᠲᠤᠤᠷ᠎ᠡ ᠨᠡᠭᠦᠷᠡᠰᠦᠲᠥ᠋ᠷᠥᠭᠴᠢᠳᠤ ᠬᠥᠭᠵᠢᠯᠲᠡ ᠶᠢ ᠶᠡᠭᠡ ᠪᠠᠷ ᠳᠡᠮᠵᠢᠵᠦ᠂ ᠬᠢᠯᠢ ᠶᠢᠨ ᠭᠠᠳᠠᠨᠠᠬᠢ ᠨᠡᠭᠦᠷᠡᠰᠦ ᠴᠠᠬᠢᠯᠭᠠᠨ ᠤ ᠲᠦᠷᠦᠯ ᠵᠦᠢᠯ ᠢ ᠲᠠᠬᠢᠨ ᠰᠢᠨ᠎ᠡ ᠪᠠᠷ ᠪᠦᠳᠦᠭᠡᠨ ᠪᠠᠶᠢᠭᠤᠯᠬᠤ ᠦᠭᠡᠢ᠃      ᠵᠢᠷᠭᠤᠭ᠎ᠠ ᠳᠤ᠂ ᠠᠵᠢᠯᠯᠠᠭᠠᠨ ᠤ ᠤᠳᠤᠷᠢᠳᠤᠮᠵᠢ ᠶᠢ ᠪᠠᠷᠢᠮᠲᠠᠯᠠᠶ᠎ᠡ᠃ ᠬᠥᠭᠵᠢᠯᠲᠡ ᠶᠢᠨ ᠡᠬᠢ ᠪᠠᠶᠠᠯᠢᠭ ᠤᠨ ᠣᠷᠣᠭᠤᠯᠤᠯᠲᠠ ᠶᠢ ᠨᠡᠮᠡᠭᠳᠡᠭᠦᠯᠵᠦ᠂ ᠶᠠᠳᠠᠭᠤ ᠬᠦᠴᠢᠷᠳᠡᠯᠲᠡᠢ ᠬᠦᠮᠦᠨ ᠠᠮᠠ ᠶᠢ ᠴᠦᠭᠡᠳᠭᠡᠬᠦ᠂ ᠠᠮᠤ ᠪᠤᠳᠠᠭᠠᠨ ᠤ ᠠᠮᠤᠷ ᠲᠦᠪᠰᠢᠨ᠂ ᠬᠢᠵᠢᠭ ᠲᠠᠢ ᠲᠡᠮᠡᠴᠡᠬᠦ ᠪᠠ ᠸᠠᠺᠼᠢᠨ᠂ ᠬᠦᠭᠵᠢᠯᠳᠡ ᠳᠤ ᠪᠡᠯᠡ ᠮᠥᠩᠭᠦ ᠴᠤᠭᠯᠠᠭᠤᠯᠬᠤ᠂ ᠠᠭᠤᠷ ᠠᠮᠢᠰᠬᠤᠯ ᠤᠨ ᠬᠤᠪᠢᠷᠠᠯᠲᠠ ᠪᠠ ᠪᠣᠬᠢᠷᠲᠤᠯ ᠦᠭᠡᠢ ᠬᠥᠭᠵᠢᠯᠲᠡ᠂ ᠠᠵᠤ ᠦᠢᠯᠡᠳᠪᠦᠷᠢᠵᠢᠯᠲᠡ᠂ ᠲᠣᠭᠠᠴᠢᠯᠠᠭᠰᠠᠨ ᠠᠵᠤ ᠠᠬᠤᠢ᠂ ᠬᠤᠯᠪᠣᠯᠳᠤᠨ ᠨᠡᠪᠲᠡᠷᠡᠯᠴᠡᠬᠦ ᠵᠡᠷᠭᠡ ᠬᠦᠷᠢᠶᠡᠨ ᠤ ᠬᠠᠮᠲᠤᠷᠠᠯᠴᠠᠭ᠎ᠠ ᠶᠢ ᠭᠤᠣᠯᠳᠠᠯᠭ᠎ᠠ ᠲᠠᠢ ᠠᠬᠢᠭᠤᠯᠵᠤ᠂ ᠪᠦᠬᠦ ᠪᠥᠮᠪᠥᠷᠴᠡᠭ ᠤᠨ ᠬᠥᠭᠵᠢᠯᠲᠡ ᠶᠢᠨ ᠬᠤᠪᠢ ᠵᠠᠶᠠᠭᠠᠨ ᠤ ᠬᠠᠮᠲᠤ ᠴᠣᠭᠴᠠ ᠶᠢ ᠪᠠᠶᠢᠭᠤᠯᠤᠶ᠎ᠡ᠃      ᠭᠤᠷᠪᠠᠳᠤᠭᠠᠷ ᠲᠤ᠂ ᠪᠢᠳᠡ ᠡᠷᠬᠡᠪᠰᠢ ᠪᠦᠯᠬᠦᠮᠳᠡᠯ ᠢᠶᠠᠨ ᠴᠢᠩᠭᠠᠳᠬᠠᠵᠤ᠂ ᠬᠠᠷᠢᠯᠴᠠᠨ ᠬᠦᠨᠳᠦᠳᠬᠡᠬᠦ᠂ ᠬᠠᠮᠲᠤᠷᠠᠯᠴᠠᠵᠥ ᠬᠠᠮᠲᠤ ᠪᠠᠷ ᠠᠰᠢᠭ ᠬᠥᠷᠳᠡᠬᠦ ᠤᠯᠠᠨ ᠤᠯᠤᠰ ᠤᠨ ᠬᠠᠷᠢᠯᠴᠠᠭᠠᠨ ᠤ ᠣᠶᠢᠯᠠᠭᠠᠭᠳᠠᠬᠤᠨ ᠢ ᠦᠢᠯᠡᠳᠦᠯᠭᠡᠵᠢᠭᠦᠯᠬᠦ ᠬᠡᠷᠡᠭᠳᠡᠢ᠃ ᠨᠢᠭᠡᠨ ᠡᠩᠬᠡ ᠲᠠᠶᠢᠪᠤᠩ ᠬᠥᠭᠵᠢᠯᠳᠡ ᠶᠢᠨ ᠳᠡᠯᠡᠬᠡᠢ ᠶᠢᠷᠲᠢᠨᠴᠦ ᠨᠢ ᠠᠳᠠᠯᠢ ᠪᠤᠰᠤ ᠬᠡᠯᠪᠡᠷᠢ ᠶᠢᠨ ᠪᠣᠯᠪᠠᠰᠤᠨ ᠢ ᠠᠴᠢᠶᠠᠯᠠᠵᠤ᠂ ᠡᠷᠬᠡᠪᠰᠢ ᠣᠳᠣᠬᠢᠴᠢᠯᠠᠯᠲᠠ ᠲᠡᠶᠢᠰᠢ ᠤᠷᠤᠭᠰᠢᠯᠠᠬᠤ ᠤᠯᠠᠨ ᠶᠠᠩᠵᠤ ᠶᠢᠨ ᠵᠠᠮ ᠢ ᠪᠠᠭᠲᠠᠭᠠᠬᠤ ᠬᠡᠷᠡᠭᠲᠡᠢ᠃ ᠠᠷᠠᠳᠴᠢᠯᠠᠯ ᠨᠢ ᠠᠯᠢ ᠤᠯᠤᠰ ᠤᠨ ᠲᠤᠰᠬᠠᠢ ᠠᠰᠢᠭ ᠪᠢᠰᠢ᠂ ᠬᠠᠷᠢᠨ ᠡᠯ᠎ᠡ ᠤᠯᠤᠰ ᠤᠨ ᠠᠷᠠᠳ ᠲᠦᠮᠡᠨ ᠤ ᠡᠷᠬᠡ ᠮᠥᠨ᠃ ᠭᠠᠳᠠᠭᠠᠳᠤ ᠶᠢᠨ ᠴᠡᠷᠢᠭ ᠤᠨ ᠬᠠᠯᠳᠠᠯᠭ᠎ᠠ ᠪᠠ ᠠᠷᠠᠳᠴᠢᠯᠠᠭᠰᠠᠨ ᠥᠭᠡᠷᠡᠴᠢᠯᠡᠯᠲᠡ ᠭᠡᠳᠡᠭ ᠨᠢ ᠮᠠᠰᠢ ᠶᠡᠭᠡ ᠬᠤᠣᠷ ᠬᠥᠨᠥᠭᠡᠯ ᠲᠠᠢ ᠶᠤᠮ᠃ ᠡᠩᠬᠡ ᠲᠠᠶᠢᠪᠤᠩ᠂ ᠬᠥᠭᠵᠢᠯᠲᠡ᠂ ᠲᠥᠪ ᠭᠤᠣᠯᠴᠢ᠂ ᠰᠢᠳᠤᠷᠭᠤ ᠶᠣᠰᠣ᠂ ᠠᠷᠠᠳᠴᠢᠯᠠᠯ᠂ ᠡᠷᠬᠡ ᠴᠢᠯᠥᠭᠡ ᠵᠡᠷᠭᠡ ᠪᠦᠬᠦ ᠬᠥᠮᠦᠨ ᠲᠥᠷᠥᠯᠬᠢᠲᠡᠨ ᠤ ᠬᠠᠮᠲᠤ ᠶᠢᠨ ᠦᠷᠳᠡᠭ ᠢ ᠶᠡᠭᠡ ᠪᠠᠷ ᠪᠠᠳᠠᠷᠠᠭᠤᠯᠵᠤ᠂ ᠵᠢᠵᠢᠭ ᠪᠦᠯᠬᠦᠮ ᠪᠠ ᠤᠭᠳᠤ ᠡᠪᠰᠡᠬᠦ ᠦᠭᠡᠢ ᠲᠡᠮᠡᠴᠡᠭᠡᠨ ᠢ ᠲᠠᠶᠠᠭᠳᠠᠬᠤ ᠬᠡᠷᠡᠭᠲᠡᠢ᠃ ᠨᠢᠭᠡ ᠤᠯᠤᠰ ᠤᠨ ᠠᠮᠵᠢᠯᠲᠠ ᠨᠢ ᠨᠦᠭᠦᠭᠡ ᠨᠢᠭᠡ ᠤᠯᠤᠰ ᠤᠨ ᠵᠠᠶᠢᠯᠠᠰᠢ ᠦᠭᠡᠢ ᠢᠯᠠᠭᠳᠠᠯ ᠢ ᠬᠠᠷᠠᠭᠤᠯᠵᠤ ᠪᠠᠶᠢᠬᠤ ᠪᠢᠰᠢ᠂ ᠡᠨᠡ ᠬᠦ ᠳᠡᠯᠡᠬᠡᠢ ᠶᠢᠷᠲᠢᠨᠴᠦ ᠨᠢ ᠡᠯ᠎ᠡ ᠤᠯᠤᠰ ᠤᠨ ᠬᠠᠮᠲᠤ ᠶᠢᠨ ᠪᠤᠶᠢᠵᠢᠯᠲᠠ ᠪᠠ ᠳᠠᠪᠰᠢᠯᠲᠠ ᠶᠢ ᠪᠦᠷᠢᠮᠦᠰᠦᠨ ᠪᠠᠭᠲᠠᠭᠠᠵᠤ ᠴᠢᠳᠠᠨ᠎ᠠ᠃ ᠶᠠᠷᠢᠯᠴᠠᠭ᠎ᠠ ᠬᠢᠬᠦ ᠠᠴᠠ ᠪᠢᠰᠢ ᠡᠰᠡᠷᠭᠦᠴᠡᠯᠳᠦᠬᠦ ᠦᠭᠡᠢ᠂ ᠪᠠᠭᠲᠠᠭᠠᠮᠵᠢᠲᠠᠢ ᠠᠴᠠ ᠪᠢᠰᠢ ᠪᠤᠰᠤᠳ ᠢ ᠭᠠᠳᠠᠭᠤᠷᠴᠢᠯᠠᠬᠤ ᠦᠭᠡᠢ ᠪᠠᠶᠢᠬᠤ ᠶᠢ ᠪᠠᠷᠢᠮᠲᠠᠯᠠᠵᠤ᠂ ᠬᠠᠷᠢᠯᠴᠠᠨ ᠬᠦᠨᠳᠦᠳᠬᠡᠬᠦ᠂ ᠲᠥᠪ ᠭᠤᠣᠯᠴᠢ ᠰᠢᠳᠤᠷᠭᠤ ᠶᠣᠰᠣ ᠶᠢ ᠡᠷᠬᠢᠮᠯᠡᠬᠦ᠂ ᠬᠠᠮᠲᠤᠷᠠᠯᠴᠠᠵᠥ ᠬᠠᠮᠲᠤ ᠪᠠᠷ ᠠᠰᠢᠭ ᠬᠦᠷᠳᠡᠬᠦ ᠰᠢᠨ᠎ᠡ ᠬᠡᠯᠪᠡᠷᠢ ᠶᠢᠨ ᠤᠯᠠᠨ ᠤᠯᠤᠰ ᠤᠨ ᠬᠠᠷᠢᠯᠴᠠᠭ᠎ᠠ ᠶᠢ ᠪᠠᠶᠢᠭᠤᠯᠵᠤ᠂ ᠠᠰᠢᠭ ᠲᠤᠰᠠ ᠶᠢᠨ ᠨᠡᠶᠢᠯᠡᠯ ᠴᠡᠭ ᠢ ᠥᠷᠭᠡᠳᠬᠡᠵᠦ᠂ ᠬᠠᠮᠤᠭ ᠤᠨ ᠶᠡᠭᠡ ᠢᠵᠢᠯᠢ ᠲᠥᠪᠲᠦ ᠲᠣᠭᠤᠷᠢᠭ ᠢ ᠵᠢᠷᠤᠭᠯᠠᠬᠤ ᠬᠡᠷᠡᠭᠲᠡᠢ᠃ ᠳᠤᠮᠳᠠᠳᠤ ᠶᠢᠨ ᠦᠨᠳᠦᠰᠦᠲᠡᠨ ᠤ ᠤᠯᠠᠮᠵᠢᠯᠠᠨ ᠬᠥᠭᠡᠭᠡᠴᠡᠯᠳᠦᠵᠥ ᠪᠠᠶᠢᠭ᠎ᠠ ᠪᠤᠯ ᠡᠩᠬᠡ ᠲᠠᠶᠢᠪᠤᠩ ᠡᠪ ᠨᠠᠶᠢᠷᠠᠮᠳᠠᠭᠤ ᠡᠶ᠎ᠡ ᠵᠣᠬᠢᠴᠠᠩᠭᠤᠢ ᠪᠠᠶᠢᠬᠤ ᠣᠶᠢᠯᠠᠭᠠᠭᠳᠠᠬᠤᠨ ᠪᠣᠯᠤᠨ᠎ᠠ᠃ ᠪᠢᠳᠠ ᠥᠩᠭᠡᠷᠡᠭᠰᠡᠨ ᠳᠤ ᠪᠤᠰᠤᠳ ᠢ ᠲᠦᠷᠢᠮᠡᠬᠡᠶᠢᠯᠡᠭᠰᠡᠨ ᠤᠢᠭᠡᠢ᠂ ᠬᠤᠶᠢᠰᠢᠳᠠ ᠴᠤ ᠲᠦᠷᠢᠮᠡᠬᠡᠶᠢᠯᠡᠬᠦ ᠤᠢᠭᠡᠢ᠂ ᠳᠠᠷᠤᠯᠠᠵᠥ ᠡᠵᠡᠷᠬᠡᠭᠯᠡᠬᠦ ᠤᠢᠭᠡᠢ ᠶᠤᠮ᠃ ᠳᠤᠮᠳᠠᠳᠤ ᠤᠯᠤᠰ ᠢᠮᠠᠭᠲᠠ ᠳᠡᠯᠡᠬᠡᠢ ᠶᠢᠨ ᠡᠩᠬᠡ ᠲᠠᠶᠢᠪᠤᠩ ᠤᠨ ᠪᠦᠳᠦᠭᠡᠨ ᠪᠠᠶᠢᠭᠤᠯᠤᠭᠴᠢ᠂ ᠪᠦᠬᠦ ᠪᠥᠮᠪᠥᠷᠴᠡᠭ ᠤᠨ ᠬᠥᠭᠵᠢᠯᠲᠡ ᠶᠢᠨ ᠬᠤᠪᠢ ᠨᠡᠮᠡᠷᠢ ᠦᠵᠡᠭᠦᠯᠦᠭᠴᠢ᠂ ᠤᠯᠠᠨ ᠤᠯᠤᠰ ᠤᠨ ᠡᠮᠬᠢ ᠳᠢᠭᠯᠢᠮ ᠤᠨ ᠬᠠᠮᠠᠭᠠᠯᠠᠭᠴᠢ᠂ ᠤᠯᠠᠨ ᠨᠡᠶᠢᠲᠡ ᠶᠢᠨ ᠦᠢᠯᠡᠳᠬᠦᠨ ᠤ ᠬᠠᠩᠭᠠᠭᠴᠢ ᠪᠠᠶᠢᠵᠤ᠂ ᠦᠷᠭᠦᠯᠵᠢᠯᠡᠨ ᠳᠤᠮᠳᠠᠳᠤ ᠤᠯᠤᠰ ᠤᠨ ᠰᠢᠨ᠎ᠡ ᠬᠥᠭᠵᠢᠯᠲᠡ ᠪᠠᠷ ᠳᠡᠯᠡᠬᠡᠢ ᠳ᠋ᠠᠬᠢᠨ ᠳᠤ ᠰᠢᠨ᠎ᠡ ᠠᠵᠠ ᠲᠣᠬᠢᠶᠠᠯ ᠬᠠᠩᠭᠠᠨ᠎ᠠ᠃      ᠳᠥᠷᠪᠡᠳᠦᠭᠡᠷ ᠲᠤ᠂ ᠪᠢᠳᠡ ᠡᠷᠬᠡᠪᠰᠢ ᠪᠦᠬᠦ ᠪᠥᠮᠪᠥᠷᠴᠡᠭ ᠤᠨ ᠵᠠᠰᠠᠯᠲᠠ ᠶᠢ ᠲᠡᠭᠦᠯᠳᠡᠷᠵᠢᠭᠦᠯᠵᠦ᠂ ᠵᠢᠩᠬᠢᠨᠢ ᠤᠯᠠᠨ ᠲᠠᠯᠠᠲᠤ ᠦᠵᠡᠯ ᠢ ᠦᠢᠯᠡᠳᠦᠯᠭᠡᠵᠢᠭᠦᠯᠬᠦ ᠬᠡᠷᠡᠭᠳᠡᠢ᠃ ᠳᠡᠯᠡᠬᠡᠢ ᠲᠡᠭᠡᠷ᠎ᠡ ᠭᠠᠭᠴᠠᠬᠠᠨ ᠰᠢᠰᠲ᠋ᠧᠮ ᠪᠤᠢ᠂ ᠳᠠᠷᠤᠢ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠪᠠᠷ ᠭᠤᠣᠯ ᠪᠣᠯᠭᠠᠭᠰᠠᠨ ᠤᠯᠠᠨ ᠤᠯᠤᠰ ᠤᠨ ᠰᠢᠰᠲ᠋ᠧᠮ ᠪᠣᠯᠤᠨ᠎ᠠ᠃      ᠭᠠᠭᠴᠠᠬᠠᠨ ᠡᠮᠬᠢ ᠲᠢᠭᠯᠢᠮ ᠪᠤᠢ᠂ ᠳᠠᠷᠤᠢ ᠤᠯᠠᠨ ᠤᠯᠤᠰ ᠤᠨ ᠬᠠᠤᠯᠢ ᠪᠠᠷ ᠰᠠᠭᠤᠷᠢ ᠪᠣᠯᠭᠠᠭᠰᠠᠨ ᠤᠯᠠᠨ ᠤᠯᠤᠰ ᠤᠨ ᠡᠮᠬᠢ ᠲᠢᠭᠯᠢᠮ ᠪᠣᠯᠤᠨ᠎ᠠ᠃ ᠭᠠᠭᠴᠠᠬᠠᠨ ᠲᠦᠷᠢᠮ ᠲᠠᠢ᠂ ᠳᠠᠷᠤᠢ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠦᠨᠳᠦᠰᠦᠨ ᠲᠦᠷᠢᠮ ᠤᠨ ᠵᠣᠷᠢᠯᠲᠠ ᠪᠣᠯᠤᠨ ᠵᠠᠷᠴᠢᠮ ᠢᠶᠠᠷ ᠰᠠᠭᠤᠷᠢ ᠪᠣᠯᠭᠠᠭᠰᠠᠨ ᠤᠯᠠᠨ ᠤᠯᠤᠰ ᠤᠨ ᠬᠠᠷᠢᠯᠴᠠᠭᠠᠨ ᠤ ᠦᠨᠳᠦᠰᠦᠨ ᠪᠠᠷᠢᠮᠵᠢᠶ᠎ᠠ ᠪᠣᠯᠤᠨ᠎ᠠ᠃ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠵᠢᠩᠬᠢᠨᠢ ᠤᠯᠠᠨ ᠲᠠᠯᠠᠲᠤ ᠦᠵᠡᠯ ᠤᠨ ᠲᠤᠭ ᠢ ᠥᠨᠳᠥᠷ ᠮᠠᠨᠳᠤᠭᠤᠯᠵᠤ᠂ ᠡᠯ᠎ᠡ ᠤᠯᠤᠰ ᠤᠨ ᠨᠡᠶᠢᠳᠡᠮ ᠤᠨ ᠠᠮᠤᠷ ᠲᠦᠪᠰᠢᠨ ᠢ ᠬᠠᠮᠲᠤ ᠪᠠᠷ ᠬᠠᠮᠠᠭᠠᠯᠠᠬᠤ᠂ ᠬᠥᠭᠵᠢᠯᠲᠡ ᠶᠢᠨ ᠦᠷ᠎ᠡ ᠪᠦᠲᠦᠭᠡᠯ ᠢ ᠬᠠᠮᠲᠤ ᠪᠠᠷ ᠡᠳ᠋ᠯᠡᠬᠦ᠂ ᠳᠡᠯᠡᠬᠡᠢ ᠶᠢᠨ ᠬᠤᠪᠢ ᠵᠠᠶᠠᠭ᠎ᠠ ᠶᠢ ᠬᠠᠮᠲᠤ ᠪᠠᠷ ᠡᠵᠡᠮᠳᠡᠬᠦ ᠭᠤᠣᠯ ᠲᠠᠪᠴᠠᠩ ᠪᠣᠯᠪᠠᠯ ᠵᠣᠬᠢᠨ᠎ᠠ᠃ ᠤᠯᠠᠨ ᠤᠯᠤᠰ ᠤᠨ ᠡᠮᠬᠢ ᠲᠢᠭᠯᠢᠮ ᠢ ᠲᠣᠭᠲᠠᠪᠤᠷᠢᠵᠢᠭᠤᠯᠬᠤ ᠪᠠᠷ ᠬᠦᠴᠦᠯᠡᠨ ᠴᠢᠷᠮᠠᠶᠢᠵᠤ᠂ ᠥᠷᠭᠡᠨ ᠤᠯᠠᠨ ᠬᠥᠭᠵᠢᠵᠦ ᠪᠠᠶᠢᠭ᠎ᠠ ᠤᠯᠤᠰ ᠤᠨ ᠤᠯᠠᠨ ᠤᠯᠤᠰ ᠤᠨ ᠬᠡᠷᠡᠭ ᠶᠠᠪᠤᠳᠠᠯ ᠳᠠᠬᠢ ᠲᠥᠯᠥᠭᠡᠯᠡᠬᠦ ᠴᠢᠨᠠᠷ ᠪᠠ ᠦᠭᠡ ᠬᠡᠯᠡᠬᠦ ᠡᠷᠬᠡ ᠶᠢ ᠳᠡᠭᠡᠭᠰᠢᠯᠡᠭᠦᠯᠵᠦ᠂ ᠤᠯᠠᠨ ᠤᠯᠤᠰ ᠤᠨ ᠬᠠᠷᠢᠴᠠᠭᠠᠨ ᠤ ᠠᠷᠠᠳᠴᠢᠯᠠᠯᠲᠠ ᠪᠠ ᠬᠠᠤᠯᠢᠵᠢᠯᠳᠡ ᠶᠢ ᠠᠬᠢᠭᠤᠯᠬᠤ ᠲᠠᠯ᠎ᠠ ᠪᠠᠷ ᠡᠮᠦᠨ᠎ᠡ ᠡᠩᠨᠡᠭᠡᠨ ᠳᠤ ᠶᠠᠪᠤᠬᠤ ᠬᠡᠷᠡᠭᠲᠡᠢ᠃ ᠠᠮᠤᠷ ᠲᠦᠪᠰᠢᠨ᠂ ᠬᠥᠭᠵᠢᠯᠲᠡ᠂ ᠬᠥᠮᠦᠨ ᠤ ᠡᠷᠬᠡ ᠵᠡᠷᠭᠡ ᠭᠤᠷᠪᠠᠨ ᠶᠡᠭᠡ ᠬᠦᠷᠢᠶᠡᠨ ᠤ ᠠᠵᠢᠯ ᠢ ᠲᠡᠩᠴᠡᠭᠦᠷᠢᠲᠡᠢ ᠠᠬᠢᠭᠤᠯᠵᠤ᠂ ᠡᠯ᠎ᠡ ᠲᠠᠯ᠎ᠠ ᠶᠢᠨ ᠬᠢᠨ ᠤ ᠤᠯᠠᠨ ᠲᠠᠯᠠᠲᠤ ᠦᠵᠡᠯ ᠤᠨ ᠲᠤᠬᠠᠢ ᠠᠮᠠᠯᠠᠯᠲᠠ ᠶᠢ ᠪᠣᠳᠠᠲᠠᠢ ᠳᠤ ᠨᠠᠶᠢᠳᠠᠪᠤᠷᠢᠵᠢᠭᠤᠯᠤᠶ᠎ᠠ ᠬᠡᠵᠥ ᠴᠢᠬᠤᠯᠠᠴᠢᠯᠠᠪᠠ᠃      ᠰᠢ ᠶᠢᠨ ᠫᠢᠩ ᠬᠠᠮᠤᠭ ᠤᠨ ᠡᠴᠦᠰ ᠲᠤ᠂ ᠳᠡᠯᠡᠬᠡᠢ ᠳ᠋ᠠᠬᠢᠨ ᠲᠠᠬᠢᠨᠳᠠ ᠲᠡᠦᠬᠡ ᠶᠢᠨ ᠠᠭᠤᠯᠵᠠᠷ ᠲᠤ ᠵᠣᠭᠰᠣᠪᠠ᠃ ᠬᠥᠮᠦᠨ ᠲᠥᠷᠥᠯᠬᠢᠲᠡᠨ ᠤ ᠡᠩᠬᠡ ᠲᠠᠶᠢᠪᠤᠩ ᠬᠥᠭᠵᠢᠯᠲᠡ ᠳᠠᠪᠰᠢᠯᠲᠠ ᠶᠢᠨ ᠤᠷᠤᠰᠬᠠᠯ ᠬᠤᠷᠢᠭᠯᠠᠭᠳᠠᠰᠢ ᠦᠭᠡᠢ ᠭᠡᠳᠡᠭ ᠢ ᠪᠢ ᠪᠠᠲᠤ ᠢᠲᠡᠭᠡᠵᠦ ᠪᠠᠶᠢᠨ᠎ᠠ᠃ ᠪᠢᠳᠡ ᠢᠲᠡᠭᠡᠯ ᠵᠣᠷᠢᠭ ᠢᠶᠠᠨ ᠪᠠᠲᠤᠳᠬᠠᠵᠤ᠂ ᠪᠦᠬᠦ ᠪᠥᠮᠪᠥᠷᠴᠡᠭ ᠤᠨ ᠴᠢᠨᠠᠷᠲᠠᠢ ᠰᠦᠷᠳᠡᠭᠦᠯᠦᠯ ᠪᠣᠯᠤᠨ ᠥᠷᠢᠰᠥᠯᠳᠦᠭᠡᠨ ᠢ ᠭᠠᠷ ᠬᠤᠯᠪᠣᠨ ᠠᠷᠭᠠᠴᠠᠭᠠᠵᠤ᠂ ᠬᠥᠮᠦᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠴᠣᠭᠴᠠ ᠶᠢ ᠪᠠᠶᠢᠭᠤᠯᠬᠤ ᠶᠢ ᠠᠬᠢᠭᠤᠯᠵᠤ᠂ ᠨᠡᠩ ᠰᠠᠶᠢᠨ ᠰᠠᠶᠢᠬᠠᠨ ᠳᠡᠯᠡᠬᠡᠢ ᠶᠢᠷᠲᠢᠨᠴᠦ ᠶᠢ ᠬᠠᠮᠲᠤ ᠪᠠᠷ ᠪᠠᠶᠢᠭᠤᠯᠤᠶ᠎ᠠ ᠭᠡᠵᠦ ᠴᠢᠬᠤᠯᠠᠴᠢᠯᠠᠪᠠ︕
 
ᠢᠷᠡᠯᠲᠡ᠄ ᠥᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号